ᠺᠣᠷᠢᠶᠠ᠎ᠶ᠋ᠢᠨ ᠶᠡᠷᠦᠩᠬᠡᠢᠯᠡᠭ᠌ᠴᠢ ᠯᠢ ᠽᠠᠢ ᠮᠢᠩ 2 ᠤ᠋ᠨ ᠡᠳᠦᠷ᠂ ᠣᠳᠣᠬᠠᠨ᠎ᠳᠤ ᠲᠤᠯᠭᠠᠷᠠᠵᠤ ᠪᠠᠢᠭ᠎ᠠ ᠰᠡᠳᠦᠪ ᠪᠣᠯ ᠡᠮᠦᠨᠡᠲᠦ ᠤᠮᠠᠷᠠᠲᠤ᠎ᠶ᠋ᠢᠨ ᠳᠠᠢᠰᠤᠩᠨᠠᠯ ᠪᠠ ᠡᠰᠡᠷᠭᠦᠴᠡᠯᠳᠦᠯ᠎ᠢ ᠡᠴᠦᠰᠯᠡᠭᠦᠯᠵᠦ᠍᠂ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ ᠱᠢᠨ᠎ᠡ ᠮᠠᠶᠢᠭ ᠤ᠋ᠨ ᠺᠣᠷᠢᠶᠠ ᠰᠣᠯᠣᠩᠭᠣᠰ᠎ᠤᠨ ᠬᠠᠷᠢᠯᠴᠠᠭ᠎ᠠ᠎ᠶ᠋ᠢ ᠪᠠᠢᠭᠤᠯᠬᠤ ᠶᠠᠪᠤᠳᠠᠯ ᠪᠣᠯᠤᠨ᠎ᠠ ᠭᠡᠵᠤ ᠢᠯᠡᠳᠭᠡᠪᠡ᠃
ᠯᠢ ᠽᠠᠢ ᠮᠢᠩ ᠲᠤᠬᠠᠶ᠎ᠶ᠋ᠢᠨ ᠡᠳᠦᠷ ᠺᠣᠷᠢᠶᠠ᠎ᠶ᠋ᠢᠨ ᠺᠤᠨᠺᠢᠳᠤ᠋ᠶ᠋ᠢᠨ ᠭᠤᠶᠠᠩ ᠬᠣᠲᠠ᠎ᠳᠤ 《ᠠᠷᠠᠳᠴᠢᠯᠠᠯ ᠨᠠᠢᠷᠠᠮᠳᠠᠯ ᠨᠢᠭᠡᠳᠦᠯ᠎ᠦᠨ ᠯᠠᠪᠯᠠᠯᠭ᠎ᠠ ᠵᠢᠨ ᠬᠤᠷᠠᠯ》 ᠤ᠋ᠨ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠺᠣᠷᠢᠶᠠ ᠤᠷᠢᠳ ᠵᠢᠡᠷ ᠴᠢᠩ ᠦᠨᠡᠨᠴᠢ ᠭᠠᠷ᠎ᠢᠶᠠᠨ ᠰᠤᠩᠭᠠᠵᠤ᠂ ᠬᠦᠯᠢᠴᠡᠩᠭᠦᠢ᠎ᠪᠡᠷ ᠴᠢᠷᠮᠠᠢᠳᠠᠭ ᠯᠠ ᠶᠤᠮ ᠪᠣᠯ ᠰᠣᠯᠣᠩᠭᠣᠰ᠎ᠤᠨ ᠣᠪᠣᠷ ᠴᠤ᠌ ᠬᠤᠪᠢᠷᠠᠯᠲᠠ ᠭᠠᠷᠴᠤ᠌ ᠮᠡᠳᠡᠨ᠎ᠡ ᠭᠡᠵᠤ ᠢᠯᠡᠳᠭᠡᠪᠡ᠃ ᠲᠡᠷᠡ᠂ ᠬᠡᠷᠪᠡ ᠳᠠᠢᠰᠤᠩᠨᠠᠨ ᠬᠠᠭᠠᠴᠠᠬᠤ ᠦᠪᠡᠷ ᠤ᠋ᠨ ᠦᠷᠳᠡᠭ᠎ᠢ ᠡᠩᠬᠡ ᠲᠠᠢᠪᠤᠩ᠎ᠢᠶᠠᠷ ᠰᠠᠭᠤᠷᠢ ᠪᠣᠯᠭᠠᠭ᠍ᠰᠠᠨ ᠨᠡᠮᠡᠭ᠌ᠳᠡᠯ᠎ᠦᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠴᠢᠳᠠᠪᠠᠯ᠂ ᠳᠠᠷᠤᠢ《ᠰᠣᠯᠣᠩᠭᠣᠰ ᠬᠣᠢᠭ᠎ᠤᠨ ᠠᠶᠤᠯ ᠲᠦᠭ᠌ᠰᠢᠭᠦᠷᠢ》 ᠵᠢ 《ᠰᠣᠯᠣᠩᠭᠣᠰ ᠬᠣᠢᠭ᠎ᠤᠨ ᠠᠱᠢᠭ》 ᠪᠣᠯᠭᠠᠨ ᠬᠤᠪᠢᠷᠠᠭᠤᠯᠵᠤ᠂ ᠡᠭᠦᠨ᠎ᠦ ᠤᠯᠠᠮ᠎ᠢᠶᠠᠷ ᠪᠠᠲᠤ ᠪᠡᠬᠢ ᠡᠩᠬᠡ ᠲᠠᠢᠪᠤᠩ᠎ᠢ ᠪᠠᠢᠭᠤᠯᠵᠤ ᠴᠢᠳᠠᠨ᠎ᠠ᠂ ᠡᠨᠡ ᠨᠢ ᠺᠣᠷᠢᠶᠠ ᠪᠣᠯᠤᠨ ᠰᠣᠯᠣᠩᠭᠣᠰ᠎ᠲᠤ ᠠᠪᠴᠤ᠌ ᠬᠡᠯᠡᠪᠡᠯ ᠴᠥᠮ ᠬᠠᠮᠤᠭ᠎ᠤᠨ ᠰᠠᠢ᠌ᠨ ᠰᠣᠩᠭᠣᠯᠲᠠ ᠪᠣᠯᠤᠨ᠎ᠠ ᠭᠡᠪᠡ᠃
ᠯᠢ ᠽᠠᠢ ᠮᠢᠩ᠂ ᠺᠣᠷᠢᠶᠠ᠎ᠶ᠋ᠢᠨ ᠵᠠᠰᠠᠭ᠎ᠤᠨ ᠣᠷᠳᠣᠨ ᠬᠣᠢᠱᠢᠳᠠ ᠺᠣᠷᠢᠶᠠ ᠰᠣᠯᠣᠩᠭᠣᠰ᠎ᠤᠨ ᠴᠡᠷᠢᠭ᠎ᠦᠨ ᠶᠠᠪᠤᠳᠠᠯ᠎ᠤᠨ ᠵᠠᠭᠠᠭ ᠱᠤᠭᠤᠮ᠎ᠤᠨ ᠣᠷᠴᠢᠮ ᠴᠡᠷᠢᠭ᠎ᠦᠨ ᠶᠠᠪᠤᠳᠠᠯ᠎ᠤᠨ ᠪᠠᠴᠢᠮ ᠪᠠᠢᠳᠠᠯ᠎ᠢ ᠪᠠᠭᠠᠰᠭᠠᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠲᠠᠶ᠎ᠪᠠᠷ ᠴᠢᠬᠤᠯᠠ ᠪᠥᠬᠥᠶ ᠠᠷᠭ᠎ᠠ ᠬᠡᠮᠵᠢᠶ᠎ᠡ ᠠᠪᠴᠤ᠌᠂ ᠭᠡᠨᠡᠳᠲᠡ᠎ᠶ᠋ᠢᠨ ᠮᠥᠷᠭᠥᠯᠳᠦᠭᠡᠨ ᠡᠭᠦᠰᠬᠦ ᠪᠣᠯᠤᠯᠴᠠᠭ᠎ᠠ᠎ᠶ᠋ᠢ ᠠᠷᠢᠯᠭᠠᠨ᠎ᠠ ᠭᠡᠵᠤ ᠢᠯᠡᠳᠭᠡᠪᠡ᠃ ᠲᠡᠷᠡ᠂ ᠡᠮᠦᠨᠡᠲᠦ ᠤᠮᠠᠷᠠᠲᠤ᠎ᠶ᠋ᠢᠨ ᠶᠠᠷᠢᠯᠴᠠᠭ᠎ᠠ᠎ᠶ᠋ᠢ ᠰᠡᠷᠭᠦᠭᠡᠬᠦ᠌ ᠪᠣᠯ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ ᠢᠷᠡᠭᠡᠳᠦᠢ᠎ᠶ᠋ᠢ ᠨᠡᠭᠡᠭᠡᠬᠦ᠌᠎ᠶ᠋ᠢᠨ ᠴᠢᠬᠤᠯᠠ ᠨᠥᠬᠥᠴᠡᠯ ᠮᠥᠨ᠂ ᠺᠣᠷᠢᠶᠠ ᠰᠤᠯᠤᠩᠭᠤᠰ᠎ᠤᠨ ᠬᠣᠭᠣᠷᠣᠨᠳᠣᠬᠢ ᠤᠯᠤᠯᠴᠠᠭ᠎ᠠ ᠵᠢᠨ ᠵᠠᠮ ᠢ᠋ ᠰᠡᠷᠭᠦᠭᠡᠵᠦ᠍᠂ ᠦᠨᠡᠨᠴᠢ ᠶᠠᠷᠢᠯᠴᠠᠭ᠎ᠠ᠎ᠶ᠋ᠢ ᠲᠠᠭᠢᠨ ᠡᠬᠢᠯᠡᠭᠦᠯᠦᠨ᠎ᠠ ᠭᠡᠵᠡᠢ᠃
ᠯᠢ ᠽᠠᠢ ᠮᠢᠩ ᠪᠠᠰᠠ᠂ ᠰᠣᠯᠣᠩᠭᠣᠰ ᠬᠣᠢᠭ᠎ᠤᠨ ᠲᠠᠢ᠌ᠨ᠎ᠦ ᠪᠠᠢᠳᠠᠯ᠎ᠢ ᠡᠴᠦᠰᠯᠡᠭᠦᠯᠬᠦ᠌ᠪᠡᠷ ᠦᠷᠭᠦᠯᠵᠢᠯᠡᠨ ᠴᠢᠷᠮᠠᠢᠵᠤ᠂ ᠰᠣᠯᠣᠩᠭᠣᠰ ᠬᠣᠢᠭᠢ ᠴᠥᠮ᠎ᠡ᠎ᠶ᠋ᠢᠨ ᠵᠡᠪᠰᠡᠭ ᠦᠭᠡᠢ ᠪᠤᠯᠭᠠᠬᠤ᠎ᠶ᠋ᠢ ᠪᠡᠶᠡᠯᠡᠭᠦᠯᠦᠨ᠎ᠡ ᠭᠡᠪᠡ᠃
ᠢᠷᠡᠯᠳᠡ᠄ ᠰᠢᠨᠬᠤᠸᠠ ᠬᠤᠷᠢᠶ᠎ᠠ