ᠺᠠᠨᠠᠳᠠ᠎ᠶᠢᠨ ᠶᠡᠷᠦᠩᠬᠡᠢ ᠰᠠᠢᠳ ᠺᠠᠷ᠎ᠨᠢ 12 ᠰᠠᠷ᠎ᠠ᠎ᠶᠢᠨ 1᠎ᠤ᠋ ᠡᠳᠦᠷ᠂ ᠺᠠᠨᠠᠳᠠ ᠨᠢᠭᠡᠨᠲᠡ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ《ᠡᠸᠦ᠋ᠷᠦᠫᠡ ᠲᠢᠪ᠎ᠦᠨ ᠠᠮᠤᠷ ᠲᠦᠪᠰᠢᠨ᠎ᠦ ᠠᠵᠢᠯᠯᠠᠭ᠎ᠠ》 ᠵᠢᠨ ᠬᠡᠯᠡᠯᠴᠡᠭᠡ᠎ᠳᠦ ᠨᠢᠭᠡᠨᠳᠡ ᠤᠷᠤᠯᠴᠠᠭᠰᠠᠨ ᠪᠥᠭᠡᠳ ᠢᠷᠡᠬᠦ ᠬᠡᠳᠦᠨ ᠭᠠᠷᠠᠭ᠎ᠤᠨ ᠳᠣᠲᠣᠷ᠎ᠠ ᠵᠢᠩᠬᠢᠨᠢ᠎ᠪᠡᠷ ᠣᠷᠣᠯᠴᠠᠵᠤ᠂ ᠲᠣᠰ ᠤᠯᠤᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠠᠵᠤ ᠦᠢᠯᠡᠳᠪᠦᠷᠢ᠎ᠳᠦ ᠡᠸᠦ᠋ᠷᠦᠫᠡ ᠲᠢᠪ᠎ᠦᠨ ᠵᠠᠬ᠎ᠠ ᠳᠡᠯᠭᠡᠭᠦᠷ᠎ᠢ ᠨᠡᠭᠡᠭᠡᠵᠦ ᠥᠭᠬᠦ᠎ᠪᠡᠷ ᠵᠢᠱ᠌ᠢᠵᠦ ᠪᠠᠢᠨ᠎ᠠ ᠭᠡᠵᠦ ᠨᠡᠢᠲᠡᠯᠡᠪᠡ᠃
ᠺᠠᠷ᠎ᠨᠢ ᠲᠤᠬᠠᠢ᠎ᠶᠢᠨ ᠡᠳᠦᠷ ᠨᠡᠢᠲᠡᠯᠡᠭᠰᠡᠨ ᠨᠢᠭᠡᠨ ᠬᠤᠪᠢ ᠰᠣᠨᠢᠨ ᠮᠡᠳᠡᠭᠡᠨ᠎ᠦ ᠡᠬᠡ ᠪᠢᠴᠢᠭ᠎ᠲᠡᠬᠡᠨ ᠢᠯᠡᠷᠬᠡᠢᠯᠡᠬᠦ᠎ᠳᠡᠭᠡᠨ᠂ ᠲᠣᠰ ᠠᠵᠢᠯᠯᠠᠭ᠎ᠠ ᠨᠢ ᠺᠠᠨᠠᠳᠠ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠢᠯᠡᠳᠬᠦ ᠬᠤᠳᠠᠯᠳᠤᠭᠠᠴᠢᠨ᠎ᠳᠤ ᠡᠸᠦ᠋ᠷᠦᠫᠡ ᠲᠢᠪ᠎ᠦᠨ ᠵᠠᠬ᠎ᠠ ᠳᠡᠯᠭᠡᠭᠦᠷ᠎ᠲᠦ ᠣᠷᠣᠬᠤ ᠯᠤᠲᠤ ᠶᠡᠬᠡ ᠠᠵᠠ ᠲᠣᠬᠢᠶᠠᠯ᠎ᠢ ᠬᠠᠩᠭᠠᠬᠤ ᠪᠣᠯᠣᠨ᠎ᠠ᠃ ᠺᠠᠨᠠᠳᠠ᠎ᠳᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠡᠯᠡ ᠣᠷᠣᠭᠤᠯᠤᠯᠲᠠ᠎ᠶᠢᠨ ᠰᠢᠨ᠎ᠡ ᠵᠠᠬᠢᠷᠭ᠎ᠠ ᠪᠠᠢᠭᠤᠯᠵᠤ᠂ ᠬᠢᠨᠠᠨ ᠵᠥᠪᠰᠢᠶᠡᠷᠡᠬᠦ ᠶᠠᠪᠤᠴᠠ᠎ᠶᠢ ᠳᠥᠭᠥᠮᠴᠢᠯᠡᠬᠦ᠎ᠶᠢᠨ ᠬᠠᠮᠲᠤ ᠠᠵᠤ ᠦᠢᠯᠡᠳᠪᠦᠷᠢ᠎ᠶᠢᠨ ᠴᠢᠳᠠᠪᠤᠷᠢ᠎ᠶᠢ ᠨᠡᠮᠡᠭᠳᠡᠭᠦᠯᠬᠦ᠎ᠪᠡᠷ ᠪᠣᠶ ᠭᠡᠪᠡ᠃
ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠬᠡᠷᠡᠭ ᠡᠷᠬᠢᠯᠡᠭᠴᠢᠳ᠎ᠦᠨ ᠬᠤᠷᠠᠯ᠎ᠡᠴᠡ ᠡᠨᠡ ᠵᠢᠯ᠎ᠦᠨ 5 ᠰᠠᠷ᠎ᠠ᠎ᠳᠤ 《ᠡᠸᠦ᠋ᠷᠦᠫᠡ ᠲᠢᠪ᠎ᠦᠨ ᠠᠮᠤᠷ ᠲᠦᠪᠰᠢᠨ᠎ᠦ ᠠᠵᠢᠯᠯᠠᠭ᠎ᠠ》 ᠪᠠᠭᠠᠵᠢ᠎ᠶᠢ ᠪᠠᠶ᠋ᠢᠭᠤᠯᠬᠤ᠎ᠶᠢ ᠵᠢᠩᠬᠢᠨᠢ᠎ᠪᠡᠷ ᠵᠥᠪᠰᠢᠶᠡᠷᠡᠵᠦ᠂ ᠪᠦᠷᠢᠯᠳᠦᠭᠦᠨ ᠤᠯᠤᠰ᠎ᠤᠳ᠎ᠤᠨ ᠠᠮᠤᠷ ᠲᠦᠪᠰᠢᠨ ᠪᠣᠯᠣᠨ ᠰᠡᠷᠭᠡᠢᠯᠡᠯᠲᠡ᠎ᠶᠢᠨ ᠵᠡᠪᠰᠡᠭ ᠲᠣᠨᠣᠭᠯᠠᠯ᠎ᠢ ᠬᠤᠳᠠᠯᠳᠤᠨ ᠠᠪᠬᠤ᠎ᠳᠤ ᠶᠡᠷᠦᠩᠬᠡᠢ ᠲᠣᠭ᠎ᠠ ᠨᠢ 1500 ᠳ᠋ᠦᠩᠰᠢᠭᠤᠷ ᠡᠸᠦ᠋ᠷᠤ᠋ ᠮᠥᠩᠭᠥᠨ ᠭᠦᠢᠯᠭᠡᠭᠡᠨ᠎ᠤ ᠳᠡᠮᠵᠢᠯᠭᠡ ᠬᠠᠨᠭᠭᠠᠪᠠ᠃ 《ᠡᠸᠦ᠋ᠷᠦᠫᠡ ᠲᠢᠪ᠎ᠦᠨ ᠠᠮᠤᠷ ᠲᠦᠪᠰᠢᠨ᠎ᠦ ᠠᠵᠢᠯᠯᠠᠭ᠎ᠠ》 ᠨᠢ ᠬᠦᠦ ᠮᠥᠩᠭᠥ᠎ᠶᠢᠨ ᠨᠤᠷᠮ᠎ᠠ᠎ᠶᠢᠨ ᠬᠠᠷᠠᠭᠠᠯᠵᠠᠯ᠎ᠲᠠᠢ ᠤᠷᠳᠤ ᠬᠤᠭᠤᠴᠠᠭᠠᠨ᠎ᠤ ᠵᠢᠭᠡᠯᠡᠯᠭᠡ᠎ᠶᠢᠨ ᠬᠡᠯᠪᠡᠷᠢ᠎ᠪᠡᠷ ᠬᠡᠷᠡᠭᠴᠡᠭᠡ ᠪᠦᠬᠦᠢ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠤᠭ᠎ᠠ ᠵᠢᠨ ᠪᠦᠷᠢᠯᠳᠦᠭᠦᠨ ᠤᠯᠤᠰ᠎ᠲᠤ ᠪᠡᠯᠡ ᠮᠥᠩᠭᠥᠨ᠎ᠦ ᠳᠡᠮᠵᠢᠯᠭᠡ ᠬᠠᠩᠭᠠᠵᠤ᠂ 35% ᠵᠢᠨ ᠵᠢᠭᠡᠯᠡᠯᠭᠡ᠎ᠶᠢ ᠡᠸᠦ᠋ᠷᠦᠫᠡ ᠲᠢᠪ᠎ᠡᠴᠡ ᠭᠠᠳᠠᠨᠠᠬᠢ ᠭᠠᠵᠠᠷ ᠣᠷᠣᠨ᠎ᠤ ᠦᠢᠯᠡᠳᠪᠦᠷᠢᠯᠡᠭᠰᠡᠨ ᠵᠡᠷ ᠵᠡᠪᠰᠡᠭ᠎ᠦᠨ ᠰᠡᠯᠪᠢᠭ ᠲᠤᠨᠤᠭ᠎ᠢ ᠬᠤᠳᠠᠯᠳᠤᠨ ᠠᠪᠬᠤ᠎ᠳᠤ ᠬᠡᠷᠡᠭᠯᠡᠵᠦ ᠪᠣᠯᠣᠨ᠎ᠠ᠃ 《ᠡᠸᠦ᠋ᠷᠦᠫᠡ ᠲᠢᠪ᠎ᠦᠨ ᠠᠮᠤᠷ ᠲᠦᠪᠰᠢᠨ᠎ᠦ ᠠᠵᠢᠯᠯᠠᠭ᠎ᠠ》 ᠪᠠᠭᠠᠵᠢ ᠪᠣᠯ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ 《2030 ᠣᠨ᠎ᠳᠤ ᠪᠡᠯᠡᠳᠬᠡᠵᠦ ᠳᠠᠭᠤᠰᠬᠠᠬᠤ》 ᠴᠠᠭᠠᠨ ᠭᠠᠳᠠᠷᠲᠤ ᠪᠢᠴᠢᠭ᠎ᠦᠨ ᠲᠡᠷᠢᠭᠦᠨ ᠴᠢᠬᠤᠯᠠ ᠲᠤᠯᠭᠠᠭᠤᠷᠢ ᠪᠣᠯᠣᠨ᠎ᠠ᠂ ᠲᠤᠰ ᠴᠠᠭᠠᠨ ᠭᠠᠳᠠᠷᠲᠤ ᠪᠢᠴᠢᠭ᠎ᠲᠦ 8000 ᠳ᠋ᠦᠩᠰᠢᠭᠤᠷ ᠡᠸᠦ᠋ᠷᠤ᠋ ᠪᠡᠷ 《ᠠᠮᠤᠷ ᠲᠦᠪᠰᠢᠨ ᠪᠥᠭᠡᠳ ᠤᠶᠠᠨ ᠬᠠᠳᠠᠨ ᠴᠢᠨᠠᠷᠲᠠᠢ ᠡᠸᠦ᠋ᠷᠦᠫᠡ ᠲᠢᠪ》 ᠢ᠋ ᠪᠠᠶ᠋ᠢᠭᠤᠯᠬᠤ᠎ᠪᠠᠷ ᠲᠥᠯᠥᠪᠯᠡᠵᠦ ᠪᠤᠢ᠃
ᠡᠨᠡ ᠵᠢᠯ᠎ᠦᠨ 6 ᠰᠠᠷ᠎ᠠ᠎ᠳᠤ᠂ ᠺᠠᠨᠠᠳᠠ ᠪᠣᠯᠣᠨ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ ᠨᠢᠭᠡ ᠬᠤᠪᠢ ᠬᠠᠮᠠᠭᠠᠯᠠᠯᠲᠠ᠎ᠶᠢᠨ ᠶᠠᠪᠤᠳᠠᠯ ᠪᠣᠯᠣᠨ ᠠᠮᠤᠷ ᠲᠦᠪᠰᠢᠨ᠎ᠦ ᠵᠥᠪᠯᠡᠯᠴᠡᠭᠡᠷ ᠲᠣᠬᠢᠷᠠᠯᠴᠠᠵᠤ᠂ ᠬᠣᠶᠠᠷ ᠲᠠᠯ᠎ᠠ᠎ᠶᠢᠨ ᠬᠣᠯᠪᠣᠭᠳᠠᠯ ᠪᠦᠬᠦᠢ ᠬᠦᠷᠢᠶᠡᠨ᠎ᠳᠡᠬᠢ ᠬᠠᠮᠲᠤᠷᠠᠯᠴᠠᠭ᠎ᠠ᠎ᠳᠤ ᠪᠦᠳᠦᠭᠦᠪᠴᠢ ᠲᠥᠰᠥᠪ᠎ᠢ ᠲᠣᠭᠲᠠᠭᠠᠵᠤ ᠥᠭᠴᠡᠢ᠃
ᠢᠷᠡᠯᠲᠡ᠄ ᠰᠢᠨᠬᠤᠸᠠ ᠬᠤᠷᠢᠶ᠎ᠠ