ᠺᠣᠯᠣᠮᠪᠢᠶ᠎ᠠ ᠸᠧᠨᠧᠽᠦ᠋ᠧᠯᠠ ᠯᠤᠭ᠎ᠠ᠎ᠶᠢᠨ ᠠᠷᠠᠳ᠎ᠤᠨ ᠠᠭᠠᠷ᠎ᠤᠨ ᠠᠶᠠᠯᠠᠯ᠎ᠤᠨ ᠦᠢᠯᠡᠴᠢᠯᠡᠭᠡ ᠵᠢ ᠰᠡᠷᠭᠦᠭᠡᠨ᠎ᠡ ᠭᠡᠵᠤ ᠨᠡᠢᠲᠡᠯᠡᠪᠡ
2025-12-05 15:58:50
ᠵᠣᠬᠢᠶᠠᠭ᠍ᠴᠢ᠄
ᠠᠯᠲᠠᠠᠠᠤᠳᠤ
ᠣᠩᠱᠢᠭ᠍ᠰᠠᠨ ᠣᠳᠠᠭ᠎ᠠ᠄
★★★☆☆

ᠺᠣᠯᠣᠮᠪᠢᠶ᠎ᠠ᠎ᠶᠢᠨ ᠶᠡᠷᠦᠩᠬᠡᠢᠯᠡᠭᠴᠢ ᠫᠸᠲ᠋ᠷᠣ᠋ 12 ᠰᠠᠷ᠎ᠠ᠎ᠶᠢᠨ 1᠎ᠤ᠋ ᠡᠳᠦᠷ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠢᠶᠠᠷ᠂ ᠸᠧᠨᠧᠽᠦ᠋ᠧᠯᠠ᠎ᠶᠢᠨ ᠬᠣᠭᠣᠷᠣᠨᠳᠣᠬᠢ ᠠᠷᠠᠳ᠎ᠤᠨ ᠠᠭᠠᠷ᠎ᠤᠨ ᠠᠶᠠᠯᠠᠯ᠎ᠤᠨ ᠦᠢᠯᠡᠴᠢᠯᠡᠭᠡ᠎ᠶᠢ ᠰᠡᠷᠭᠦᠭᠡᠬᠦ᠎ᠪᠡᠷ ᠨᠡᠢᠲᠡᠯᠡᠭᠰᠡᠨ ᠪᠥᠭᠡᠳ ᠪᠤᠰᠤᠳ ᠤᠯᠤᠰ᠎ᠤᠨ ᠬᠢᠨ᠎ᠤ ᠡᠨᠡ ᠬᠦ᠌ ᠠᠵᠢᠯᠯᠠᠭ᠎ᠠ᠎ᠶᠢ ᠳᠠᠭᠠᠬᠤ᠎ᠶᠢ ᠤᠷᠢᠶᠠᠯᠠᠪᠠ᠃ 

ᠫᠸᠲᠷᠣ᠋᠂ ᠠᠮᠧᠷᠢᠺᠠ᠎ᠳᠤ ᠸᠧᠨᠧᠽᠦ᠋ᠧᠯᠠ᠎ᠶᠢᠨ ᠬᠠᠷᠢᠶ᠎ᠠ ᠠᠭᠠᠷ᠎ᠢ ᠬᠠᠭᠠᠬᠤ ᠡᠷᠬᠡ ᠪᠠᠢᠬᠤ ᠦᠭᠡᠢ᠂ ᠠᠮᠧᠷᠢᠺᠠ᠎ᠶᠢᠨ ᠲᠠᠯ᠎ᠠ᠎ᠶᠢᠨ ᠬᠢᠨ ᠵᠥᠪᠬᠡᠨ ᠲᠤᠰ ᠤᠯᠤᠰ᠎ᠤᠨ᠎ᠢᠶᠠᠨ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠡᠵᠡᠩᠨᠡᠯᠲᠡ᠎ᠶᠢ ᠬᠢᠵᠠᠭᠠᠷᠯᠠᠵᠤ ᠪᠣᠯᠣᠨ᠎ᠠ᠂ ᠪᠤᠰᠤᠳ ᠤᠯᠤᠰ᠎ᠤᠨ ᠠᠭᠠᠷ᠎ᠤᠨ ᠠᠶᠠᠯᠠᠯ᠎ᠤᠨ ᠺᠤᠮᠫᠠᠨᠢ ᠵᠢ ᠬᠢᠵᠠᠭᠠᠷᠯᠠᠬᠤ ᠡᠷᠬᠡ ᠪᠠᠢᠬᠤ ᠦᠭᠡᠢ᠃ ᠣᠳᠣᠬᠠᠨ᠎ᠳᠤ ᠺᠣᠯᠣᠮᠪᠢᠶ᠎ᠠ᠎ᠶᠢᠨ ᠸᠢᠨᠭᠸᠦ᠋ ᠠᠭᠠᠷ᠎ᠤᠨ ᠠᠶᠠᠯᠠᠯ᠎ᠤᠨ ᠺᠣᠮᠫᠠᠨᠢ ᠵᠢᠴᠢ ᠫᠠᠨᠠᠮᠠ᠎ᠶᠢᠨ ᠠᠭᠠᠷ᠎ᠤᠨ ᠠᠶᠠᠯᠠᠯ᠎ᠤᠨ ᠺᠣᠮᠫᠠᠨᠢ ᠸᠧᠨᠧᠽᠦ᠋ᠧᠯᠠ᠎ᠳᠤ ᠬᠦᠷᠴᠦ ᠡᠭᠡᠬᠦ ᠡᠭᠡᠯᠵᠢ᠎ᠶᠢᠨ ᠨᠢᠰᠬᠡᠯ᠎ᠢ ᠲᠤᠬᠢᠷᠠᠭᠤᠯᠤᠭᠰᠠᠭᠠᠷ ᠪᠠᠢᠨ᠎ᠠ᠃ 

11 ᠰᠠᠷ᠎ᠠ᠎ᠶᠢᠨ 21᠎ᠤ᠋ ᠡᠳᠦᠷ ᠠᠮᠧᠷᠢᠺᠠ᠎ᠶᠢᠨ ᠬᠣᠯᠪᠣᠭᠠᠨ᠎ᠤ ᠠᠭᠠᠷ᠎ᠤᠨ ᠠᠶᠠᠯᠠᠯ᠎ᠤᠨ ᠲᠣᠪᠴᠢᠶ᠎ᠠ᠎ᠡᠴᠡ 《ᠠᠮᠤᠷ ᠲᠦᠪᠰᠢᠨ᠎ᠦ ᠪᠠᠢᠳᠠᠯ ᠬᠡᠴᠡᠭᠦᠳᠡᠵᠦ ᠪᠠᠢᠬᠤ》 ᠵᠢᠴᠢ 《ᠸᠧᠨᠧᠽᠦ᠋ᠧᠯᠠ ᠵᠢᠨ ᠬᠢᠯᠢ ᠳᠣᠲᠣᠷᠠᠬᠢ ᠪᠠ ᠡᠷᠭᠢᠨ ᠲᠣᠭᠣᠷᠢᠨ᠎ᠤ ᠴᠡᠷᠢᠭ᠎ᠦᠨ ᠶᠠᠪᠤᠳᠠᠯ᠎ᠤᠨ ᠠᠵᠢᠯᠯᠠᠭ᠎ᠠ ᠴᠢᠩᠭᠠᠷᠠᠵᠤ ᠪᠠᠢᠬᠤ》 ᠡᠴᠡ ᠪᠣᠯᠵᠤ᠂ ᠶᠠᠮᠠᠷᠪᠠ ᠠᠷᠠᠳ᠎ᠤᠨ ᠠᠭᠠᠷ᠎ᠤᠨ ᠠᠶᠠᠯᠠᠯ᠎ᠤᠨ ᠠᠶᠠᠨᠴᠢᠨ᠎ᠤ ᠨᠢᠰᠬᠡᠯ ᠨᠢ ᠸᠧᠨᠧᠽᠦ᠋ᠧᠯᠠ ᠵᠢᠨ ᠬᠠᠷᠢᠶ᠎ᠠ ᠠᠭᠠᠷ᠎ᠢᠶᠠᠷ ᠨᠢᠰᠤᠨ ᠥᠩᠭᠡᠷᠡᠬᠦ ᠦᠶ᠎ᠡ᠎ᠳᠦ ᠴᠥᠮ 《ᠠᠶᠤᠯ ᠲᠦᠭᠰᠢᠭᠦᠷᠢᠲᠡᠢ ᠪᠠᠢᠳᠠᠯ᠎ᠳᠤ ᠲᠤᠯᠭᠠᠷᠠᠵᠤ ᠪᠠᠢᠨ᠎ᠠ》᠂ ᠡᠯ᠎ᠡ ᠠᠭᠠᠷ᠎ᠤᠨ ᠠᠶᠠᠯᠠᠯ᠎ᠤᠨ ᠺᠤᠮᠫᠠᠨᠢ ᠵᠢᠨ ᠬᠢᠨ 《ᠪᠣᠯᠭᠣᠮᠵᠢᠲᠠᠢ ᠠᠵᠢᠯᠯᠠᠬᠤ ᠬᠡᠷᠡᠭᠲᠡᠢ》 ᠭᠡᠵᠤ ᠰᠡᠷᠡᠮᠵᠢᠯᠡᠭᠦᠯᠪᠡ᠃ ᠺᠣᠯᠣᠮᠪᠢᠶ᠎ᠠ᠎ᠶᠢᠨ ᠠᠭᠠᠷ᠎ᠤᠨ ᠠᠶᠠᠯᠠᠯ᠎ᠤᠨ ᠺᠣᠮᠫᠠᠨᠢ ᠵᠡᠷᠭᠡ ᠣᠯᠠᠨ ᠠᠭᠠᠷ᠎ᠤᠨ ᠠᠶᠠᠯᠠᠯ᠎ᠤᠨ ᠺᠣᠮᠫᠠᠨᠢ 11 ᠰᠠᠷ᠎ᠠ᠎ᠶᠢᠨ 22 ᠎ᠤ᠋ᠨ ᠡᠳᠦᠷ ᠸᠧᠨᠧᠽᠦ᠋ᠧᠯᠠ᠎ᠶᠢᠨ ᠠᠭᠠᠷ᠎ᠤᠨ ᠠᠶᠠᠯᠠᠯ᠎ᠤᠨ ᠡᠭᠡᠯᠵᠢ ᠵᠢ ᠦᠭᠡᠢᠰᠬᠡᠭᠰᠡᠨ ᠪᠠᠢᠨ᠎ᠠ᠃ 

ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ 11 ᠰᠠᠷ᠎ᠠ᠎ᠶᠢᠨ 29᠎ ᠤ᠋ ᠡᠳᠦᠷ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠲᠤ ᠪᠢᠴᠢᠭ ᠮᠠᠲᠧᠷᠢᠶᠠᠯ ᠨᠡᠢᠲᠡᠯᠡᠵᠦ᠂ ᠸᠧᠨᠧᠽᠦ᠋ᠧᠯᠠ᠎ᠶᠢᠨ ᠠᠭᠠᠷ ᠵᠢᠴᠢ ᠡᠷᠬᠢᠨ ᠲᠣᠭᠣᠷᠢᠨ᠎ᠤ ᠠᠭᠠᠷ᠎ᠤᠨ ᠣᠷᠣᠨ᠎ᠢ 《ᠪᠥᠬᠥ ᠲᠠᠯ᠎ᠠ᠎ᠪᠠᠷ ᠬᠠᠭᠠᠭᠰᠠᠨ᠎ᠢᠶᠠᠷ ᠦᠵᠡᠵᠦ ᠪᠠᠢᠨ᠎ᠠ》 ᠭᠡᠵᠡᠢ᠃ ᠭᠡᠪᠡᠴᠦ᠂ ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ᠎ᠶᠢᠨ ᠠᠵᠢᠭ᠍ᠯᠠᠭᠰᠠᠨ᠎ᠢᠶᠠᠷ᠂ ᠲᠸᠷᠠᠮᠫᠦ᠋ ᠬᠣᠯᠪᠣᠭᠳᠠᠯ ᠪᠦᠬᠦᠢ ᠶᠠᠷᠢᠶ᠎ᠠ ᠥᠭᠦᠯᠡᠯ ᠨᠡᠢᠲᠡᠯᠡᠭᠰᠡᠨ᠎ᠦ ᠳᠠᠷᠠᠭ᠎ᠠ᠂ ᠸᠧᠨᠧᠽᠦ᠋ᠧᠯᠠ ᠵᠢᠨ ᠭᠣᠣᠯ ᠪᠣᠯᠬᠤ ᠨᠢᠰᠬᠡᠯ᠎ᠦᠨ ᠪᠠᠭᠤᠳᠠᠯ ᠬᠡᠪ᠎ᠦᠨ ᠡᠵᠡᠩᠨᠡᠯᠲᠡ᠎ᠶᠢᠨ ᠪᠠᠢᠳᠠᠯ᠎ᠢᠶᠠᠨ ᠪᠠᠲᠤᠯᠠᠭᠰᠠᠭᠠᠷ ᠪᠠᠢᠨ᠎ᠠ᠃ 

ᠢᠷᠡᠯᠲᠡ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号