ᠫᠦᠲ᠋ᠢᠨ᠄ ᠧᠦ᠋ᠷᠣᠫᠠ ᠲᠢᠪ᠎ᠦᠨ ᠬᠢᠨ᠎ᠤ ᠣᠷᠣᠰ ᠦᠺᠷᠠᠢᠨ᠎ᠤ 《ᠨᠠᠢᠷᠠᠮᠳᠠᠯ᠎ᠤᠨ ᠲᠥᠯᠥᠪᠯᠡᠭᠡ》᠎ᠳ᠋ᠤ᠌ ᠵᠠᠰᠠᠪᠤᠷᠢ ᠣᠷᠣᠭᠤᠯᠤᠭ᠍ᠰᠠᠨ᠎ᠢ ᠣᠷᠣᠰ ᠬᠦᠯᠢᠶᠡᠨ ᠠᠪᠬᠤ᠎ᠶ᠋ᠢᠨ ᠠᠷᠭ᠎ᠠ ᠦᠭᠡᠶ
2025-12-05 16:02:26
ᠵᠣᠬᠢᠶᠠᠭ᠍ᠴᠢ᠄
ᠰᠤᠷᠭᠤᠭ
ᠣᠩᠱᠢᠭ᠍ᠰᠠᠨ ᠣᠳᠠᠭ᠎ᠠ᠄
★★★☆☆

ᠣᠷᠣᠰ᠎ᠤᠨ ᠶᠡᠷᠦᠩᠬᠡᠢᠯᠡᠭ᠌ᠴᠢ ᠫᠦᠲ᠋ᠢᠨ 2᠎ᠤ᠋ᠨ ᠡᠳᠦᠷ ᠵᠠᠭᠤᠴᠢᠯᠠᠭᠤᠷ᠎ᠤᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠧᠦ᠋ᠷᠣᠫᠠ ᠲᠢᠪ᠎ᠦᠨ ᠬᠢᠨ᠎ᠦ ᠠᠮᠧᠷᠢᠺᠠ᠎ᠶ᠋ᠢᠨ ᠳᠤᠷᠠᠳᠤᠭ᠍ᠰᠠᠨ ᠣᠷᠣᠰ ᠦᠺᠷᠠᠢᠨ᠎ᠤ 《ᠨᠠᠢᠷᠠᠮᠳᠠᠯ᠎ᠤᠨ ᠲᠥᠯᠥᠪᠯᠡᠭᠡ》᠎ᠳ᠋ᠤ ᠣᠷᠣᠭᠤᠯᠤᠭ᠍ᠰᠠᠨ ᠵᠠᠰᠠᠪᠤᠷᠢ᠎ᠶ᠋ᠢ ᠣᠷᠣᠰ ᠭᠥᠯᠢᠶᠡᠨ ᠠᠪᠬᠤ᠎ᠶ᠋ᠢᠨ ᠠᠷᠭ᠎ᠠ ᠥᠬᠡᠶ ᠭᠡᠵᠦ ᠢᠯᠡᠳᠭᠡᠪᠡ᠃ 

ᠫᠦᠲ᠋ᠢᠨ᠂ ᠧᠦ᠋ᠷᠣᠫᠠ ᠲᠢᠪ᠎ᠦᠨ ᠬᠢᠨ ᠣᠷᠣᠰ ᠦᠺᠷᠠᠢᠨ᠎ᠤ 《ᠨᠠᠢᠷᠠᠮᠳᠠᠯ᠎ᠤᠨ ᠲᠥᠯᠥᠪᠯᠡᠭᠡ》᠎ᠳ᠋ᠤ᠌ ᠡᠳᠦᠶ ᠲᠡᠳᠦᠶ ᠬᠤᠪᠢᠷᠠᠯᠲᠠ ᠭᠠᠷᠭᠠᠬᠤ᠎ᠪᠠᠷ ᠤᠷᠤᠯᠳᠤᠵᠤ ᠪᠠᠢᠭ᠎ᠠ᠎ᠶ᠋ᠢᠨ ᠵᠣᠷᠢᠯᠭ᠎ᠠ ᠨᠢ ᠡᠩᠬᠡ ᠲᠠᠢᠪᠤᠩ᠎ᠤᠨ ᠠᠬᠢᠴᠠ᠎ᠶ᠋ᠢ ᠬᠠᠷᠱᠢᠯᠠᠬᠤ᠎ᠶ᠋ᠢᠨ ᠲᠥᠯᠥᠭᠡ ᠶᠤᠮ᠂ ᠲᠡᠷᠡᠴᠢᠯᠡᠨ ᠡᠢᠮᠦ᠍ ᠠᠷᠭ᠎ᠠ᠎ᠪᠠᠷ ᠳᠠᠮᠵᠢᠭᠤᠯᠤᠨ ᠦᠺᠷᠠᠢᠨ᠎ᠤ ᠡᠩᠬᠡ ᠲᠠᠢᠪᠤᠩ᠎ᠤᠨ ᠠᠬᠢᠴᠠ᠎ᠶ᠋ᠢᠨ ᠰᠦᠢᠷᠡᠯ᠎ᠦᠨ ᠬᠠᠷᠢᠭᠤᠴᠠᠯᠭ᠎ᠠ᠎ᠶ᠋ᠢ ᠣᠷᠣᠰ᠎ᠲᠤ ᠲᠦᠯᠬᠢᠬᠦ᠌᠎ᠵᠢᠨ ᠲᠦᠯᠦᠭᠡ ᠭᠡᠵᠦ ᠵᠢᠭᠠᠵᠤ ᠭᠠᠷᠭᠠᠪᠠ᠃ 

ᠫᠦᠲ᠋ᠢᠨ᠂ ᠣᠷᠣᠰ ᠧᠦ᠋ᠷᠣᠫᠠ ᠲᠢᠪ᠎ᠲᠠᠶ ᠳᠠᠢᠨ ᠬᠢᠬᠦ᠌ ᠰᠠᠨᠠᠭ᠎ᠠ ᠦᠭᠡᠶ ᠭᠡᠵᠦ᠍ ᠳᠠᠬᠢᠨ ᠳᠠᠪᠲᠠᠨ ᠢᠯᠡᠷᠬᠡᠢᠯᠡᠵᠡᠶ᠃ ᠭᠡᠪᠡᠴᠦ᠍ ᠬᠡᠷᠪᠡ ᠧᠦ᠋ᠷᠣᠫᠠ ᠲᠢᠪ ᠭᠡᠨᠡᠳᠲᠡ ᠳᠠᠢᠨ ᠳᠡᠭ᠌ᠳᠡᠭᠡᠬᠦ᠌᠎ᠳᠦ ᠬᠦᠷᠪᠡᠯ᠂ ᠣᠷᠣᠰ 《ᠣᠳᠣ》 ᠳᠠᠷᠤᠢ ᠠᠷᠭᠠᠴᠠᠭᠠᠬᠤ ᠪᠡᠯᠡᠳᠭᠡᠯ ᠬᠢᠭ᠌ᠰᠡᠨ ᠪᠠᠢᠨ᠎ᠠ ᠭᠡᠪᠡ᠃ 

11 ᠰᠠᠷ᠎ᠠ᠎ᠶ᠋ᠢᠨ 20 ᠎ᠤ᠋ ᠡᠳᠦᠷ᠂ ᠠᠮᠧᠷᠢᠺᠠ᠎ᠶ᠋ᠢᠨ ᠵᠠᠭᠤᠴᠢᠯᠠᠭᠤᠷ᠎ᠤᠨ ᠬᠢᠨ ᠴᠠᠭᠠᠨ ᠣᠷᠳᠣᠨ᠎ᠤ ᠲᠤᠭᠤᠷᠪᠢᠭ᠍ᠰᠠᠨ ᠣᠷᠣᠰ ᠦᠺᠷᠠᠢᠨ᠎ᠤ 《ᠨᠠᠢᠷᠠᠮᠳᠠᠯ᠎ᠤᠨ ᠲᠥᠯᠥᠪᠯᠡᠭᠡ》᠎ᠶ᠋ᠢ ᠨᠡᠢᠲᠡᠯᠡᠪᠡ᠂ ᠦᠺᠷᠠᠢᠨ ᠪᠣᠯᠤᠨ ᠧᠦ᠋ᠷᠣᠫᠠ ᠲᠢᠪ᠎ᠤᠨ ᠬᠢᠨ ᠲᠤᠰ ᠲᠥᠯᠥᠪᠯᠡᠭᠡ᠎ᠨᠢ ᠣᠷᠣᠰ᠎ᠢ ᠥᠮᠥᠭᠡᠷᠡᠵᠦ᠍ ᠪᠠᠢᠨ᠎ᠠ ᠭᠡᠵᠦ᠍ ᠦᠵᠡᠵᠡᠶ᠃ 11 ᠰᠠᠷ᠎ᠠ᠎ᠶ᠋ᠢᠨ 23 ᠎ᠤ᠋ ᠡᠳᠦᠷ᠂ ᠠᠮᠧᠷᠢᠺᠠ ᠦᠺᠷᠠᠢᠨ᠎ᠤ ᠲᠥᠯᠥᠭᠡᠯᠡᠭ᠌ᠴᠢᠳ ᠰᠸᠢᠰ᠎ᠦᠨ ᠵᠧᠨᠧᠸᠠ᠎ᠳᠤ ᠬᠡᠯᠡᠯᠴᠡᠭᠡ ᠬᠢᠵᠦ᠍᠂ ᠲᠤᠰ ᠲᠥᠰᠦᠯ᠎ᠳᠦ ᠶᠡᠬᠡ ᠵᠠᠰᠠᠪᠤᠷᠢ ᠣᠷᠣᠭᠤᠯᠵᠠᠶ᠃

ᠢᠷᠡᠯᠲᠡ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号