ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠳᠤ ᠪᠠᠢᠩᠭᠤ ᠰᠠᠭᠤᠭ᠎ᠠ ᠳᠤᠮᠳᠠᠳᠤ ᠤᠯᠤᠰ᠎ᠤᠨ ᠳᠡᠳ᠋ ᠲᠥᠯᠥᠭᠡᠯᠡᠭ᠌ᠴᠢ ᠰᠦᠨ ᠯᠸᠢ 2 ᠤ᠋ᠨ ᠡᠳᠦᠷ ᠠᠶᠤᠯ ᠦᠭᠡᠢ᠎ᠶ᠋ᠢᠨ ᠵᠥᠪᠯᠡᠯ᠎ᠦᠨ ᠢᠷᠠᠺ᠎ᠤᠨ ᠠᠰᠠᠭᠤᠳᠠᠯ᠎ᠤᠨ ᠲᠤᠬᠠᠢ ᠢᠯᠠ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠳᠡᠯᠡᠬᠡᠢ ᠨᠡᠢᠭᠡᠮ᠎ᠢᠶᠡᠷ᠎ᠢᠶᠡᠨ ᠢᠷᠠᠺ᠎ᠤᠨ ᠰᠦᠷᠳᠡᠭᠦᠯᠦᠯ᠎ᠢ ᠡᠰᠡᠷᠭᠦᠴᠡᠬᠦ᠌᠎ᠶ᠋ᠢ ᠳᠡᠮᠵᠢᠬᠦ᠌᠎ᠶ᠋ᠢ ᠤᠷᠢᠶᠠᠯᠠᠪᠠ᠃
ᠰᠦᠨ ᠯᠸᠢ᠂ ᠢᠷᠠᠺ᠎ᠤᠨ ᠠᠮᠤᠷ ᠲᠦᠪᠱᠢᠨ᠎ᠦ ᠪᠠᠢᠳᠠᠯ ᠮᠥᠨ ᠬᠦ᠌ ᠬᠦᠨᠳᠦ ᠬᠡᠴᠡᠭᠦᠦ ᠪᠠᠢᠵᠤ᠂ 《ᠢᠰᠯᠠᠮ ᠤᠯᠤᠰ》 ᠵᠡᠷᠭᠡ ᠰᠦᠷᠳᠡᠭᠦᠯᠦᠯ᠎ᠦᠨ ᠵᠣᠬᠢᠶᠠᠨ ᠪᠠᠢᠭᠤᠯᠤᠯᠲᠠ ᠦᠷᠭᠦᠯᠵᠢᠯᠡᠨ ᠬᠥᠭ᠌ᠵᠢᠶᠡᠨᠲᠡᠶ ᠪᠠᠢᠨ᠎ᠠ᠃ ᠳᠡᠯᠡᠬᠡᠶ ᠨᠡᠢᠬᠡᠮ ᠵᠢᠨᠷ ᠵᠢᠨᠨ ᠢᠷᠠᠺ᠎ᠤᠨ ᠰᠦᠷᠳᠡᠭᠦᠯᠦᠯ᠎ᠢ ᠡᠰᠡᠷᠭᠦᠴᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠪᠠᠨ ᠴᠢᠩᠭᠠᠳᠬᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠰᠦᠷᠳᠡᠭᠦᠯᠬᠦ᠌ ᠦᠵᠡᠯ᠎ᠦᠨ ᠦᠯᠡᠳᠡᠭ᠌ᠳᠡᠯ ᠬᠦᠴᠦᠨ᠎ᠢ ᠠᠷᠢᠯᠭᠠᠨ᠂ ᠬᠢᠯᠪᠠᠷ ᠪᠤᠰᠤ᠎ᠪᠠᠷ ᠣᠯᠤᠭ᠍ᠰᠠᠨ ᠰᠦᠷᠳᠡᠭᠦᠯᠦᠯ᠎ᠢ ᠡᠰᠡᠷᠭᠦᠴᠡᠭ᠌ᠰᠡᠨ ᠦᠷ᠎ᠡ ᠪᠦᠲᠦᠭᠡᠯ᠎ᠢᠶᠡᠨ ᠪᠡᠬᠢᠵᠢᠭᠦᠯᠵᠦ᠍᠂ ᠤᠯᠤᠰ ᠣᠷᠣᠨ᠎ᠤ ᠠᠮᠤᠷ ᠲᠦᠪᠱᠢᠨ ᠪᠠ ᠲᠣᠭ᠍ᠲᠠᠭᠤᠨ ᠪᠠᠢᠳᠠᠯᠵᠢᠨᠨ ᠬᠠᠮᠠᠭᠠᠯᠠᠬᠤ ᠵᠢ ᠡᠷᠡᠰ ᠲᠡᠮᠵᠢᠪᠠᠯ ᠵᠤᠬᠢᠨ᠎ᠠ᠃ ᠢᠷᠠᠺ᠎ᠤᠨ ᠡᠯ᠎ᠡ ᠪᠦᠯᠦᠭ ᠪᠦᠯᠬᠦᠮᠳᠡᠯ᠎ᠢᠶᠡᠨ ᠴᠢᠩᠭᠠᠳᠭᠠᠵᠤ᠂ ᠡᠶᠡᠳᠡᠯ᠎ᠢᠶᠡᠨ ᠪᠡᠶᠡᠯᠡᠭᠦᠯᠬᠦ᠌ ᠨᠢ ᠢᠷᠠᠺ᠎ᠤᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠳᠤ ᠨᠡᠢᠴᠡᠨ᠎ᠡ᠃ ᠳᠤᠮᠳᠠᠳᠤ ᠤᠯᠤᠰ ᠢᠷᠠᠺ᠎ᠤᠨ ᠬᠢᠨ ᠭᠠᠵᠠᠷ ᠣᠷᠣᠨ᠎ᠤ ᠤᠯᠤᠰ᠎ᠤᠳ᠎ᠯᠤᠭ᠎ᠠ ᠡᠶᠡᠯᠳᠡᠭ ᠬᠥᠷᠰᠢ᠎ᠶ᠋ᠢᠨ ᠨᠥᠬᠥᠷᠰᠡᠭ ᠬᠠᠨᠢᠲᠠᠨ᠎ᠤ ᠬᠠᠷᠢᠯᠴᠠᠭ᠎ᠠ᠎ᠪᠠᠨ ᠬᠥᠭ᠌ᠵᠢᠭᠦᠯᠬᠦ᠌᠎ᠶ᠋ᠢ ᠳᠡᠮᠵᠢᠵᠦ᠍᠂ ᠭᠠᠵᠠᠷ ᠣᠷᠣᠨ᠎ᠤ ᠪᠦᠯᠬᠦᠮᠳᠡᠯ᠎ᠢ ᠠᠬᠢᠭᠤᠯᠬᠤ᠂ ᠭᠠᠵᠠᠷ ᠣᠷᠣᠨ᠎ᠤ ᠲᠣᠭ᠍ᠲᠠᠭᠤᠨ᠎ᠢ ᠬᠠᠮᠠᠭᠠᠯᠠᠬᠤ᠎ᠳᠤ ᠦᠷᠭᠦᠯᠵᠢᠯᠡᠨ ᠴᠢᠬᠤᠯᠠ ᠦᠢᠯᠡᠳᠦᠯ ᠦᠵᠡᠭᠦᠯᠬᠦ ᠵᠢ ᠲᠡᠮᠵᠢᠨ᠎ᠠ᠃ ᠢᠷᠠᠺ᠎ᠤᠨ ᠡᠷᠬᠡ ᠮᠡᠳᠡᠯ᠂ ᠲᠤᠰᠠᠭᠠᠷ ᠲᠣᠭ᠍ᠲᠠᠨᠢᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠬᠦᠨᠳᠦᠳᠭᠡᠨ ᠬᠠᠮᠠᠭᠠᠯᠠᠪᠠᠯ ᠵᠤᠬᠢᠨ᠎ᠠ ᠬᠡᠵᠤ ᠬᠡᠯᠡᠪᠡ᠃
ᠰᠦᠨ ᠯᠸᠢ᠂ ᠺᠦᠸᠠᠢᠲ᠎ᠤᠨ ᠰᠤᠷᠠᠭ ᠲᠠᠰᠤᠷᠠᠭᠰᠠᠨ ᠬᠥᠮᠦᠰ ᠪᠣᠯᠤᠨ ᠡᠳ᠋ ᠬᠥᠷᠥᠩᠭᠡ᠎ᠶ᠋ᠢᠨ ᠠᠰᠠᠭᠤᠳᠠᠯ᠎ᠢ ᠰᠠᠢᠲᠤᠷ ᠱᠢᠶ᠋ᠳᠪᠦᠷᠢᠯᠡᠬᠦ᠌ ᠨᠢ ᠢᠷᠠᠺ ᠪᠣᠯᠤᠨ ᠺᠦᠸᠠᠢᠲ᠎ᠲᠤ ᠴᠥᠮ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠳᠤᠮᠳᠠᠳᠤ ᠤᠯᠤᠰ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠬᠦᠨᠳᠦᠳᠭᠡᠬᠦ᠌᠂ ᠨᠥᠬᠥᠷᠰᠡᠭ᠎ᠢᠶᠡᠷ ᠵᠥᠪᠳᠡᠯᠴᠡᠬᠦ᠌ ᠵᠠᠷᠴᠢᠮ᠎ᠢᠶᠠᠷ᠂ ᠬᠣᠯᠪᠣᠭ᠍ᠳᠠᠯ ᠪᠦᠬᠦᠢ ᠠᠰᠠᠭᠤᠳᠠᠯ᠎ᠢ ᠡᠷᠲᠡᠬᠡᠨ ᠠᠮᠵᠢᠯᠲᠠ᠎ᠲᠠᠶ ᠱᠢᠢᠳᠪᠦᠷᠢᠯᠡᠬᠦ᠌᠎ᠶ᠋ᠢ ᠬᠠᠮᠲᠤ᠎ᠪᠠᠷ ᠴᠢᠷᠮᠠᠢᠨ ᠠᠬᠢᠭᠤᠯᠬᠤ᠎ᠶ᠋ᠢ ᠳᠡᠮᠵᠢᠨ᠎ᠠ ᠬᠡᠵᠤ ᠬᠡᠯᠡᠪᠡ᠃
ᠢᠷᠡᠯᠳᠠ᠄ ᠰᠢᠨᠬᠤᠸᠠ ᠬᠤᠷᠢᠶ᠎ᠠ