ᠲᠣᠭᠲᠠᠭᠤᠨ᠎ᠤ ᠰᠠᠭᠤᠷᠢ᠎ᠶᠢ ᠪᠡᠬᠢᠵᠢᠭᠦᠯᠵᠦ ᠤᠷᠤᠭᠰᠢᠯᠠᠯᠲᠠ᠎ᠶᠢᠨ ᠬᠥᠳᠡᠯᠭᠡᠬᠦ ᠬᠦᠴᠦᠨ᠎ᠢ ᠬᠥᠭᠵᠢᠭᠡᠨ᠎ᠡ
2025-12-05 11:38:18
ᠵᠣᠬᠢᠶᠠᠭ᠍ᠴᠢ᠄
ᠵᠠᠩ ᠰᠢᠨ ᠰᠢᠨ ᠲᠠᠩ ᠱᠢ ᠨᠢᠩ
ᠣᠩᠱᠢᠭ᠍ᠰᠠᠨ ᠣᠳᠠᠭ᠎ᠠ᠄
★★★☆☆

︱ ᠳᠤᠮᠳᠠᠳᠤ ᠤᠯᠤᠰ᠎ᠤᠨ ᠠᠵᠤ ᠠᠬᠤᠢ᠎ᠶᠢᠨ ᠤᠶᠠᠨ ᠬᠠᠳᠠᠨ ᠴᠢᠨᠠᠷ ᠪᠠ  ᠢᠳᠡ ᠬᠦᠴᠦᠨ᠎ᠢ ᠠᠵᠢᠬᠤᠢ


ᠵᠢᠯ᠎ᠦᠨ ᠡᠴᠦᠰ ᠣᠶ᠋ᠢᠷᠠᠳᠤᠵᠤ᠂ 2025 ᠣᠨ᠎ᠤ ᠡᠨᠡ ᠨᠢᠭᠡ ᠵᠢᠯ᠎ᠢ ᠡᠷᠭᠢᠴᠡᠭᠦᠯᠬᠦᠶ᠎ᠡ᠂ ᠭᠠᠳᠠᠭᠠᠳᠤ ᠣᠷᠴᠢᠨ ᠨᠦᠭᠦᠴᠡᠯ᠎ᠤᠨ ᠰᠢᠷᠦᠭᠦᠨ ᠬᠤᠪᠢᠷᠠᠯᠲᠠ᠂ ᠲᠣᠭᠲᠠᠭᠠᠯᠳᠤ ᠪᠤᠰᠤ ᠴᠢᠨᠠᠷ ᠨᠡᠮᠡᠭᠳᠡᠭᠰᠡᠨ ᠪᠠᠢᠳᠠᠯ᠎ᠤᠨ ᠡᠮᠦᠨ᠎ᠡ᠂ ᠳᠤᠮᠳᠠᠳᠤ ᠤᠯᠤᠰ᠎ᠤᠨ ᠠᠵᠤ ᠠᠬᠤᠢ ᠢᠮᠠᠭᠲᠠ ᠰᠠᠯᠬᠢ ᠳᠠᠪᠠᠯᠭᠠᠨ᠎ᠢ ᠰᠥᠷᠦᠨ᠂ ᠡᠷᠡᠯᠬᠡᠭᠯᠡᠨ ᠤᠷᠤᠭᠰᠢᠯᠠᠭᠰᠠᠭᠠᠷ ᠢᠷᠡᠪᠡ —

ᠪᠦᠬᠦ ᠵᠢᠯ᠎ᠦᠨ ᠠᠵᠤ ᠠᠬᠤᠢ᠎ᠶᠢᠨ ᠶᠡᠷᠦᠩᠬᠡᠢ ᠬᠡᠮᠵᠢᠶ᠎ᠡ 140 ᠲᠦᠮᠡᠨ ᠳ᠋ᠦᠩᠰᠢᠭᠤᠷ ᠲᠥᠭᠥᠷᠢᠭ᠎ᠲᠦ ᠬᠦᠷᠬᠦ ᠪᠣᠯᠣᠮᠵᠢ᠎ᠲᠠᠢ ᠪᠠᠢᠵᠤ᠂ ᠳᠡᠯᠡᠬᠡᠢ᠎ᠶᠢᠨ ᠬᠣᠶᠠᠳᠤᠭᠠᠷ ᠲᠣᠮᠣ᠌ ᠠᠵᠤ ᠠᠬᠤᠢ᠎ᠶᠢᠨ ᠴᠣᠭᠴᠠ᠎ᠶᠢᠨ ᠪᠠᠢᠷᠢ ᠰᠠᠭᠤᠷᠢ ᠪᠡᠬᠢᠵᠢᠨ ᠳᠡᠭᠡᠭᠰᠢᠯᠡᠪᠡ᠃ ᠬᠡᠷᠡᠭᠯᠡᠭᠡ᠎ᠶᠢᠨ ᠠᠵᠤ ᠠᠬᠤᠢ᠎ᠶᠢᠨ ᠨᠡᠮᠡᠭᠳᠡᠯ᠎ᠦᠨ ᠭᠣᠣᠯ ᠬᠥᠳᠡᠯᠭᠡᠭᠦᠷ ᠪᠣᠯᠬᠤ ᠦᠢᠯᠡᠳᠦᠯ ᠤᠯᠠᠮ ᠲᠣᠪᠣᠢᠮ᠎ᠠ ᠪᠣᠯᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠭᠤᠷᠢ ᠤᠯᠠᠮ ᠪᠡᠬᠢᠵᠢᠵᠦ᠂ ᠤᠯᠠᠨ ᠤᠯᠤᠰ᠎ᠤᠨ ᠵᠠᠬ᠎ᠠ ᠳᠡᠯᠭᠡᠭᠦᠷ᠎ᠦᠨ ᠪᠠᠢᠷᠢᠰᠢᠯ ᠦᠷᠭᠦᠯᠵᠢᠯᠡᠨ ᠰᠢᠯᠢᠳᠡᠭᠵᠢᠵᠦ᠂ ᠳᠤᠮᠳᠠᠳᠤ ᠤᠯᠤᠰ᠎ᠤᠨ ᠠᠵᠤ ᠠᠬᠤᠢ᠎ᠶᠢᠨ ᠲᠣᠭᠲᠠᠭᠤᠨ᠎ᠢᠶᠠᠷ ᠬᠥᠭᠵᠢᠬᠦ ᠦᠨᠳᠦᠰᠦᠨ ᠪᠠᠢᠳᠠᠯ᠎ᠢ ᠲᠠᠰᠤᠷᠠᠯᠳᠡ ᠦᠭᠡᠢ ᠪᠠᠲᠤᠳᠬᠠᠪᠠ᠃

《ᠠᠷᠪᠠᠨ ᠳᠥᠷᠪᠡᠳᠦᠭᠡᠷ ᠲᠠᠪᠤᠨ ᠵᠢᠯ》 ᠰᠡᠭᠦᠯ ᠬᠤᠷᠢᠶᠠᠬᠤ ᠲᠦᠬᠦᠵᠤ᠂ 《ᠠᠷᠪᠠᠨ ᠲᠠᠪᠤᠳᠤᠭᠠᠷ ᠲᠠᠪᠤᠨ ᠵᠢᠯ》 ᠤᠳᠠᠯ ᠦᠭᠡᠢ ᠡᠬᠢᠯᠡᠬᠦ ᠪᠤᠯᠤᠯ᠎ᠠ᠃ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠵᠤ ᠠᠬᠤᠢ᠎ᠶᠢᠨ ᠯᠠᠪᠳᠠᠭᠤᠨ ᠲᠣᠭᠲᠠᠭᠤᠨ ᠪᠠ ᠤᠶᠠᠨ ᠬᠠᠳᠠᠨ ᠴᠢᠨᠠᠷ ᠨᠢ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭᠠᠴᠡᠭᠠᠬᠤ ᠪᠠᠲᠤ ᠪᠡᠬᠢ ᠢᠳᠡ ᠬᠦᠴᠦᠨ᠎ᠢ ᠪᠤᠢ ᠪᠣᠯᠭᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠢᠲᠡᠭᠡᠯ ᠪᠠ ᠬᠦᠴᠦᠨ ᠴᠢᠳᠠᠯ᠎ᠢ ᠬᠥᠭᠵᠢᠭᠡᠪᠡ᠃

ᠲᠤᠭᠲᠠᠭᠤᠨ᠎ᠤ ᠳᠣᠲᠣᠭᠠᠳᠤ ᠴᠥᠮ᠎ᠡ ᠵᠢ ᠪᠡᠬᠢᠵᠢᠭᠦᠯᠦᠨ᠎ᠡ

ᠡᠪᠦᠯ ᠴᠠᠭ᠎ᠤᠨ ᠰᠢᠨᠢᠩ᠎ᠳᠦ᠂ ᠶᠡᠷᠦᠩᠬᠡᠢ ᠪᠡᠯᠡ ᠣᠷᠣᠭᠤᠯᠤᠯᠲᠠ ᠨᠢ 730 ᠳ᠋ᠦᠩᠰᠢᠭᠤᠷ ᠲᠥᠭᠥᠷᠢᠭ ᠰᠢᠬᠠᠮ᠎ᠳᠤ ᠬᠦᠷᠦᠭᠰᠡᠨ ᠬᠥᠬᠡᠨᠠᠭᠤᠷ᠎ᠤᠨ ᠬᠠᠢᠨᠠᠨ᠎ᠤ ᠴᠡᠪᠡᠷ ᠡᠨᠧᠷᠭᠢ᠎ᠶᠢ ᠭᠠᠳᠠᠭ᠍ᠰᠢ ᠬᠦᠷᠭᠡᠬᠦ ᠰᠠᠭᠤᠷᠢᠨ᠎ᠤ᠋ ᠴᠠᠬᠢᠯᠭᠠᠨ ᠡᠭᠦᠰᠬᠡᠭᠴᠢ᠎ᠶᠢᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠬᠥᠰᠢᠭᠡ ᠪᠡᠨ ᠢᠷᠡᠪᠠ᠃ ᠡᠨᠡ ᠪᠣᠯ ᠬᠥᠬᠡᠨᠠᠭᠤᠷ᠎ᠤᠨ《ᠬᠥᠬᠡᠨᠠᠭᠤᠷ᠎ᠤᠨ ᠴᠠᠬᠢᠯᠭᠠᠨ᠎ᠢ ᠾᠧᠨᠠᠨ᠎ᠳᠤ ᠣᠷᠣᠭᠤᠯᠬᠤ》᠂ 《ᠬᠥᠬᠡᠨᠠᠭᠤᠷ᠎ᠤᠨ ᠴᠠᠬᠢᠯᠭᠠᠨ᠎ᠢ ᠭᠤᠸᠠᠨᠭᠰᠢ᠎ᠳᠤ ᠣᠷᠣᠭᠤᠯᠬᠤ》ᠵᠢᠨ ᠳᠠᠷᠠᠭᠠᠬᠢ ᠭᠤᠷᠪᠠᠳᠤᠭᠠᠷ ᠵᠤᠷᠪᠤᠰ ᠪᠣᠬᠢᠷᠲᠤᠯ ᠦᠭᠡᠢ ᠡᠨᠧᠷᠭᠢ᠎ᠶᠢᠨ ᠨᠡᠪᠲᠡᠷᠡᠬᠦ ᠵᠠᠮ ᠪᠣᠯᠣᠨ᠎ᠠ᠃

ᠡᠨᠡ ᠨᠢᠭᠡ ᠵᠢᠯ᠎ᠳᠦ᠂ ᠳᠡᠯᠡᠬᠡᠢ᠎ᠶᠢᠨ ᠣᠷᠴᠢᠨ ᠨᠦᠭᠦᠴᠡᠯ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠪᠠᠢᠵᠤ᠂ ᠲᠤᠭᠳᠠᠭᠠᠯᠳᠤ ᠪᠤᠰᠤ ᠴᠢᠨᠠᠷ ᠰᠢᠷᠦᠬᠦᠰᠦᠭᠰᠡᠨ ᠴᠤ᠌᠂ ᠳᠤᠮᠳᠠᠳᠤ ᠤᠯᠤᠰ᠎ᠤᠨ ᠠᠵᠤ ᠠᠬᠤᠢ ᠮᠥᠨ ᠯᠡ ᠳᠠᠷᠤᠯᠲᠠ᠎ᠶᠢ ᠳᠠᠭᠠᠭᠠᠨ ᠤᠷᠤᠭᠰᠢᠯᠠᠵᠤ᠂ ᠪᠠᠲᠤ ᠪᠡᠬᠢ 《ᠲᠣᠭᠲᠠᠭᠤᠨ》 ᠪᠠᠢᠳᠠᠯ ᠵᠢᠡᠷ ᠦᠷᠭᠦᠯᠵᠢᠯᠡᠨ ᠳᠡᠯᠡᠬᠡᠢ᠎ᠶᠢᠨ ᠠᠵᠤ ᠠᠬᠤᠢ᠎ᠶᠢᠨ ᠬᠥᠭᠵᠢᠯᠲᠡ᠎ᠳᠦ ᠬᠥᠳᠡᠯᠭᠡᠬᠦ ᠬᠦᠴᠦᠨ ᠬᠠᠩᠭᠠᠵᠠᠢ᠃

ᠠᠵᠤ ᠠᠬᠤᠢ᠎ᠶᠢᠨ ᠨᠡᠮᠡᠭᠳᠡᠯ᠎ᠢ ᠦᠵᠡᠪᠡᠯ᠄ ᠲᠦᠷᠦᠭᠦᠸ᠋ ᠭᠤᠷᠪᠠᠨ ᠤᠯᠠᠷᠢᠯ᠎ᠤᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠪᠥᠬᠥ ᠥᠷᠲᠡᠭ(GDP)ᠠᠳᠠᠯᠢ ᠬᠤᠭᠤᠴᠠᠭᠠᠨ᠎ᠤ ᠬᠢ᠎ᠡᠴᠡ 5.2% ᠵᠢᠡᠷ ᠨᠡᠮᠡᠭᠳᠡᠵᠦ᠂ ᠲᠦᠷᠦᠭᠦᠸ᠋ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠠᠯ᠎ᠢᠶᠡᠷ 0.4 ᠬᠤᠪᠢ ᠲᠦᠷᠭᠡᠳᠪᠡ᠃ 10 ᠰᠠᠷ᠎ᠠ᠎ᠳᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ᠂ ᠨᠡᠢᠭᠡᠮ᠎ᠦᠨ ᠬᠡᠷᠡᠭᠯᠡᠭᠡᠨ᠎ᠦ ᠵᠦᠢᠯ᠎ᠦᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ ᠵᠡᠷᠭᠡ ᠭᠣᠣᠯ ᠪᠣᠯᠬᠤ ᠠᠵᠤ ᠠᠬᠤᠢ᠎ᠶᠢᠨ ᠭᠦᠢᠴᠡᠳᠬᠡᠯ ᠲᠣᠭ᠎ᠠ᠎ᠶᠢᠨ ᠢᠯᠡᠷᠡᠯ ᠰᠠᠢᠨ ᠪᠠᠢᠨ᠎ᠠ᠃

ᠠᠵᠢᠯ ᠣᠯᠭᠣᠯᠲᠠ ᠪᠠᠷᠠᠭᠠᠨ᠎ᠤ ᠦᠨ᠎ᠡ᠎ᠶᠢ ᠦᠵᠡᠪᠡᠯ᠄ 10 ᠰᠠᠷ᠎ᠠ᠎ᠳᠤ ᠪᠥᠬᠥ ᠤᠯᠤᠰ᠎ᠤᠨ ᠬᠣᠲᠠ ᠪᠠᠯᠭᠠᠰᠤᠨ᠎ᠤ ᠪᠠᠢᠴᠠᠭᠠᠯᠲᠠ᠎ᠶᠢᠨ ᠠᠵᠢᠯ ᠠᠯᠳᠠᠯᠲᠠ᠎ᠶᠢᠨ ᠨᠣᠷᠮ᠎ᠠ 5.1% ᠪᠠᠢᠵᠤ᠂ ᠲᠦᠷᠦᠭᠦᠸ᠋ ᠰᠠᠷ᠎ᠠ᠎ᠶᠢᠨ ᠬᠢ᠎ᠡᠴᠡ ᠵᠠᠭᠤᠨ᠎ᠤ ᠬᠠᠷᠢᠴᠠᠯ᠎ᠢᠶᠡᠷ 0.1 ᠬᠤᠪᠢ ᠪᠠᠭᠤᠷᠠᠵᠤ᠂ ᠪᠥᠬᠥ ᠤᠯᠤᠰ᠎ᠤᠨ ᠰᠠᠭᠤᠭᠠᠯᠢ ᠠᠷᠠᠳ᠎ᠤᠨ ᠬᠡᠷᠡᠭᠯᠡᠭᠡᠨ᠎ᠦ ᠦᠨ᠎ᠡ᠎ᠶᠢᠨ ᠵᠢᠭᠠᠯᠲᠠ ᠲᠣᠭ᠎ᠠ (CPI) ᠠᠳᠠᠯᠢ ᠬᠤᠭᠤᠴᠠᠭᠠᠨ᠎ᠤ ᠬᠢ᠎ᠡᠴᠡ 0.2% ᠵᠢᠡᠷ ᠥᠰᠴᠦ᠂ ᠶᠡᠷᠦᠩᠬᠡᠢ᠎ᠳᠡᠭᠡᠨ ᠲᠣᠭᠲᠠᠭᠤᠨ ᠪᠠᠢᠬᠤ᠎ᠶᠢ ᠪᠠᠲᠤᠯᠠᠪᠠ᠃

ᠣᠯᠠᠨ ᠤᠯᠤᠰ᠎ᠤᠨ ᠣᠷᠣᠯᠭ᠎ᠠ ᠵᠠᠷᠤᠯᠭ᠎ᠠ᠎ᠶᠢ ᠦᠵᠡᠪᠡᠯ᠄ ᠲᠦᠷᠦᠭᠦᠦ ᠭᠤᠷᠪᠠᠨ ᠤᠯᠠᠷᠢᠯ᠎ᠤᠨ ᠡᠳ᠋ ᠪᠠᠷᠠᠭ᠎ᠠ᠎ᠶᠢ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠬᠡᠪᠴᠢᠶ᠎ᠡ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠡᠭᠦᠳᠴᠦ᠂ ᠨᠡᠮᠡᠭᠳᠡᠯ᠎ᠦᠨ ᠬᠤᠷᠳᠤᠴᠠ ᠨᠢ ᠤᠯᠠᠷᠢᠯ ᠳᠠᠷᠠᠭᠠᠯᠠᠨ ᠳᠡᠭᠡᠭᠰᠢᠯᠡᠵᠦ᠂ 10 ᠰᠠᠷ᠎ᠠ᠎ᠶᠢᠨ ᠡᠴᠦᠰ᠎ᠲᠦ ᠭᠠᠳᠠᠭᠠᠳᠤ ᠭᠤᠪᠢᠭᠤᠯᠭ᠎ᠠ᠎ᠶᠢᠨ ᠨᠥᠭᠡᠴᠡ᠎ᠶᠢᠨ ᠬᠡᠪᠴᠢᠶ᠎ᠡ 33433 ᠳ᠋ᠦᠩᠰᠢᠭᠤᠷ ᠳ᠋ᠣᠯᠯᠠᠷ ᠪᠣᠯᠵᠤ ᠨᠡᠮᠡᠭᠳᠡᠵᠡᠢ᠃

ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ ᠰᠣᠯᠪᠢᠴᠠᠵᠤ᠂ ᠨᠢᠭᠡᠨ ᠠᠰᠤᠷᠤ ᠲᠤᠮᠤ ᠪᠠᠭᠲᠠᠭᠠᠮᠵᠢ᠎ᠲᠠᠢ ᠠᠵᠤ ᠠᠬᠤᠢ᠎ᠶᠢᠨ ᠴᠣᠭᠴᠠ᠎ᠶᠢᠨ ᠲᠣᠭᠲᠠᠭᠤᠨ᠎ᠢᠶᠠᠷ ᠬᠥᠭᠵᠢᠬᠦ᠎ᠶᠢ ᠪᠠᠲᠤᠯᠠᠬᠤ ᠨᠢ ᠲᠤᠢᠯ᠎ᠤᠨ ᠬᠢᠯᠪᠠᠷ ᠪᠤᠰᠤ ᠪᠠᠢᠵᠤ᠂ ᠡᠭᠦᠨ᠎ᠳᠦ ᠬᠦᠴᠦᠷᠬᠡᠭ ᠶᠡᠬᠡ ᠰᠠᠭᠤᠷᠢ ᠦᠨ᠎ᠡ᠎ᠶᠢᠨ ᠲᠤᠯᠭᠠᠭᠤᠷᠢᠯᠠᠯ ᠱᠠᠭᠠᠷᠳᠠᠭᠳᠠᠬᠤ᠎ᠪᠠᠷ ᠪᠠᠷᠠᠬᠤ ᠦᠭᠡᠢ ᠪᠠᠰᠠ ᠲᠦᠷᠦ᠎ᠶᠢᠨ ᠪᠣᠳᠣᠯᠭ᠎ᠠ᠎ᠶᠢᠨ ᠪᠦᠲᠦᠮᠵᠢᠲᠡᠢ ᠵᠣᠯᠭᠠᠯᠴᠠᠭ᠎ᠠ᠂ ᠦᠷᠭᠦᠯᠵᠢᠯᠡᠨ ᠬᠦᠴᠦᠯᠡᠬᠦ᠎ᠳᠦ ᠲᠦᠰᠢᠭᠯᠡᠨ᠎ᠡ᠃

ᠤᠯᠠᠨ ᠵᠢᠯ᠎ᠦᠨ ᠲᠤᠷᠰᠢ ᠦᠢᠯᠡᠳᠬᠦ ᠦᠢᠯᠡᠰ᠎ᠦᠨ ᠨᠢᠭᠡᠳᠦᠭᠡᠷ ᠲᠣᠮᠣ᠌ ᠤᠯᠤᠰ᠎ᠤᠨ ᠪᠠᠢᠷᠢ᠎ᠳᠦ ᠪᠠᠲᠤ ᠰᠠᠭᠤᠷᠢᠰᠢᠵᠤ᠂ ᠠᠮᠤ ᠪᠤᠳᠠᠭᠠᠨ᠎ᠤ ᠤᠨᠠᠯᠲᠠ 1.4 ᠲᠦᠮᠡᠨ ᠳ᠋ᠦᠩᠰᠢᠭᠤᠷ ᠵᠢᠩ᠎ᠳᠦ ᠬᠦᠷᠴᠦ᠂ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠵᠠᠯᠭᠠᠭ᠎ᠠ ᠪᠡᠷ ᠰᠢᠨ᠎ᠡ ᠪᠣᠭᠣᠮᠲᠠ᠎ᠶᠢ ᠳᠠᠪᠠᠪᠠ ᠁ ᠤᠯᠠᠨ ᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠦᠢᠯᠡᠳᠦᠯᠭᠡ᠎ᠶᠢᠨ ᠬᠤᠷᠠᠮᠳᠤᠭᠤᠯᠤᠯ᠎ᠢᠶᠠᠷ ᠳᠠᠮᠵᠢᠨ᠂ ᠳᠤᠮᠳᠠᠳᠤ ᠤᠯᠤᠰ᠎ᠤᠨ ᠠᠵᠤ ᠠᠬᠤᠢ ᠵᠢᠨ ᠰᠠᠭᠤᠷᠢ᠎ᠢᠮᠠᠭᠲᠠ ᠪᠠᠲᠦ ᠪᠡᠬᠢ ᠲᠤᠭᠲᠠᠪᠤᠷᠢᠵᠢᠪᠠ᠃

ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠨᠡᠮᠡᠭᠳᠡᠯ ᠳᠦᠷᠦ᠎ᠶᠢᠨ ᠪᠣᠳᠣᠯᠭ᠎ᠠ᠎ᠨᠤᠭᠤᠳ᠎ᠢ ᠪᠠᠢᠷᠢᠯᠠᠭᠤᠯᠤᠨ ᠬᠡᠷᠡᠭᠵᠢᠭᠦᠯᠵᠦ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠢᠳᠡᠪᠬᠢᠲᠡᠢ ᠬᠥᠳᠡᠯᠦᠯᠴᠡᠵᠦ᠂ ᠳᠣᠲᠣᠭᠠᠳᠤ ᠬᠡᠷᠡᠭᠴᠡᠭᠡ᠎ᠶᠢ ᠥᠷᠭᠡᠳᠬᠡᠵᠦ᠂ ᠠᠵᠤ ᠠᠬᠤᠢᠯᠠᠯ᠎ᠳᠤ ᠠᠰᠢᠭ᠋ ᠬᠦᠷᠲᠡᠭᠡᠵᠦ ᠳᠠᠷᠤᠭᠠᠰᠤ᠎ᠶᠢ ᠬᠥᠩᠭᠡᠷᠡᠭᠦᠯᠦᠨ᠂ ᠳᠣᠲᠣᠭᠠᠳᠤ ᠵᠢᠨ ᠰᠢᠷᠦᠭᠦᠨ ᠦᠷᠢᠰᠦᠯᠳᠦᠭᠡᠨ ᠢ᠋ ᠴᠡᠭᠴᠡᠯᠡᠨ ᠵᠠᠰᠠᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ᠎ᠪᠡᠷ ᠦᠷ᠎ᠡ ᠪᠦᠲᠦᠮᠵᠢ ᠭᠠᠷᠭᠠᠵᠤ᠂ ᠳᠤᠮᠳᠠᠳᠤ ᠤᠯᠤᠰ᠎ᠤᠨ ᠠᠵᠤ ᠠᠬᠤᠢ᠎ᠶᠢᠨ ᠲᠣᠭᠲᠠᠭᠤᠨ᠎ᠢᠶᠠᠷ ᠤᠷᠤᠭᠰᠢᠯᠠᠬᠤ᠎ᠶᠢ ᠠᠬᠢᠭᠤᠯᠪᠠ᠃

ᠣᠢᠷ᠎ᠠ᠎ᠶᠢᠨ ᠬᠤᠭᠤᠴᠠᠭᠠᠨ᠎ᠳᠤ᠂ ᠭᠤᠤ ᠱᠧᠩ᠂ ᠭᠸᠷᠮᠠᠨ ᠪᠠᠩᠬᠢ ᠵᠡᠷᠭᠡ ᠤᠯᠠᠨ ᠪᠠᠢᠭᠤᠯᠤᠮᠵᠢ ᠪᠦᠬᠦ ᠵᠢᠯ᠎ᠦᠨ ᠳᠤᠮᠳᠠᠳᠤ ᠤᠯᠤᠰ᠎ᠤᠨ ᠠᠵᠤ ᠠᠬᠤᠢ᠎ᠶᠢᠨ ᠨᠡᠮᠡᠭᠳᠡᠯ᠎ᠦᠨ ᠵᠢᠱ᠌ᠢᠯᠲᠡ᠎ᠶᠢ ᠳᠡᠭᠡᠭᠰᠢᠯᠡᠭᠦᠯᠪᠡ᠃ ᠠᠮᠧᠷᠢᠺᠠ᠎ᠶᠢᠨ ᠪᠯᠦᠮᠪᠸᠷᠡᠭ ᠰᠤᠨᠢᠨ ᠮᠡᠳᠡᠭᠡᠯᠡᠯ᠎ᠤᠨ ᠬᠣᠷᠢᠶ᠎ᠠ ᠵᠡᠷᠭᠡ ᠤᠯᠠᠨ ᠭᠠᠳᠠᠭᠠᠳᠤ᠎ᠶᠢᠨ ᠵᠠᠭᠤᠴᠢᠯᠠᠭᠤᠷ᠎ᠤᠨ ᠬᠢᠨ ᠵᠣᠬᠢᠶᠠᠯ ᠨᠡᠢᠲᠡᠯᠡᠵᠦ᠂《ᠳᠤᠮᠳᠠᠳᠤ ᠤᠯᠤᠰ᠎ᠤᠨ ᠲᠣᠭ᠎ᠠ ᠪᠠᠷᠢᠮᠲᠠ ᠤᠯᠠᠨ ᠵᠦᠢᠯ᠎ᠦᠨ ᠭᠦᠢᠴᠡᠳᠬᠡᠯ ᠲᠣᠭ᠎ᠠ᠎ᠶᠢᠨ ᠲᠠᠯ᠎ᠠ᠎ᠪᠠᠷ ᠴᠥᠮ ᠵᠢᠱ᠌ᠢᠯᠲᠡ᠎ᠡᠴᠡ ᠳᠠᠪᠠᠪᠠ》᠂ 《ᠳᠤᠮᠳᠠᠳᠤ ᠤᠯᠤᠰ᠎ᠤᠨ ᠠᠵᠤ ᠠᠬᠤᠢ᠎ᠶᠢᠨ ᠲᠣᠭᠲᠠᠭᠤᠨ ᠨᠡᠮᠡᠭᠳᠡᠯ ᠨᠢ ᠪᠦᠬᠦ ᠪᠥᠮᠪᠥᠷᠴᠡᠭ᠎ᠦᠨ ᠠᠵᠤ ᠠᠬᠤᠢ᠎ᠳᠤ ᠲᠣᠭᠲᠠᠪᠤᠷᠢᠵᠢᠭᠤᠯᠤᠯᠲᠠ᠎ᠶᠢᠨ ᠬᠦᠴᠦᠨ ᠬᠠᠩᠭᠠᠵᠠᠢ》 ᠭᠡᠵᠦ ᠢᠯᠡᠳᠬᠡᠵᠡᠭᠡᠪᠡ᠃

ᠤᠷᠤᠭᠰᠢᠯᠠᠯᠲᠠ ᠵᠢᠨ ᠬᠦᠴᠦᠨ᠎ᠢ ᠬᠤᠷᠠᠮᠳᠤᠭᠤᠯᠤᠨ᠎ᠠ

《ᠽᠦ᠍ ᠴᠥᠩ ᡁᠢ ᠭᠤᠷᠪᠠᠳᠤᠭᠠᠷ》 ᠨᠢ 《ᠺᠸᠠᠨ᠋ᠲ᠎ᠤᠨ ᠪᠣᠳᠣᠯᠭ᠎ᠠ᠎ᠶᠢᠨ ᠳᠠᠪᠠᠭᠤᠯᠢᠭ᠋ ᠴᠢᠨᠠᠷ》ᠤ᠋ᠨ ᠲᠡᠮᠳᠡᠭᠯᠡᠯ᠎ᠢ ᠰᠢᠨᠡᠳᠬᠡᠵᠦ᠂ ᠲᠠᠷᠬᠠᠮᠠᠯ ᠮᠠᠶᠢᠭ᠋᠎ᠤᠨ ᠰᠢᠨ᠎ᠡ ᠡᠨᠧᠷᠭᠢ᠎ᠶᠢᠨ ᠺᠸᠠᠨ᠋ᠲ᠎ᠤᠨ ᠨᠢᠭᠤᠴᠠᠯᠠᠯ᠎ᠳᠤ ᠬᠠᠨᠳᠤᠭᠤᠯᠤᠭᠰᠠᠨ ᠰᠢᠷᠢᠰ ᠪᠦᠲᠦᠭᠡᠭᠳᠡᠬᠦᠨ᠎ᠢ ᠨᠡᠢᠲᠡᠯᠡᠪᠡ ᠁ ᠣᠢᠷ᠎ᠠ᠎ᠶᠢᠨ ᠡᠳᠦᠷ ᠾᠸᠹᠸᠢ ᠳ᠋ᠤ᠌ ᠶᠠᠪᠤᠭᠳᠠᠭᠰᠠᠨ 2025 ᠺᠸᠠᠨ᠋ᠲ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠠᠵᠤ ᠦᠢᠯᠡᠰ᠎ᠦᠨ ᠶᠡᠬᠡ ᠬᠤᠷᠠᠯ ᠳᠡᠭᠡᠷ᠎ᠡ᠂ ᠠᠯᠢ ᠤᠯᠠᠨ ᠴᠢᠬᠤᠯᠠ ᠶᠡᠬᠡ ᠦᠷ᠎ᠡ ᠪᠦᠲᠦᠭᠡᠯ ᠤᠯᠠᠨ᠎ᠤ ᠠᠩᠬᠠᠷᠤᠯ᠎ᠢ ᠲᠠᠲᠠᠪᠠ᠃

ᠲᠤᠷᠰᠢᠯᠲᠠ᠎ᠶᠢᠨ ᠲᠠᠰᠤᠭ᠎ᠡᠴᠡ ᠬᠡᠷᠡᠭᠯᠡᠭᠡᠨ᠎ᠦ ᠲᠠᠯᠠᠪᠠᠢ ᠲᠡᠢᠰᠢ ᠰᠢᠯᠵᠢᠵᠦ᠂ ᠺᠸᠠᠨ᠋ᠲ᠎ᠤᠨ ᠪᠣᠳᠣᠯᠭ᠎ᠠ᠎ᠶᠢᠨ ᠠᠵᠤ ᠦᠢᠯᠡᠰ᠎ᠦᠨ ᠠᠮᠢ ᠠᠬᠤᠢ᠎ᠶᠢ ᠠᠯᠬᠤᠮ ᠠᠯᠬᠤᠮ᠎ᠢᠶᠠᠷ ᠪᠠᠢᠭᠤᠯᠵᠤ᠂ ᠰᠢᠨ᠎ᠡ ᠨᠡᠮᠡᠭᠳᠡᠯ᠎ᠦᠨ ᠴᠡᠭ᠎ᠢ ᠪᠤᠢ ᠪᠣᠯᠭᠠᠵᠤ ᠪᠠᠢᠨ᠎ᠠ᠃

《ᠲᠣᠭᠲᠠᠭᠤᠨ》ᠪᠣᠯ ᠦᠨᠳᠦᠰᠦ᠎ᠶᠢ ᠪᠠᠲᠤᠳᠬᠠᠬᠤ᠎ᠶᠢᠨ ᠰᠠᠭᠤᠷᠢ᠂ 《ᠤᠷᠤᠭᠰᠢᠯᠠᠬᠤ》 ᠪᠣᠯ ᠰᠢᠨ᠎ᠡ᠎ᠶᠢ ᠡᠭᠦᠳᠬᠦ᠎ᠶᠢᠨ ᠵᠠᠩᠭᠢᠯᠠᠭ᠎ᠠ ᠪᠣᠯᠣᠨ᠎ᠠ᠃ ᠰᠢᠨ᠎ᠡ᠎ᠶᠢ ᠡᠭᠦᠳᠬᠦ ᠤᠷᠤᠭᠰᠢᠯᠠᠯᠲᠠ᠎ᠪᠠᠷ ᠬᠥᠭᠵᠢᠯᠲᠡ᠎ᠶᠢᠨ ᠲᠣᠭᠲᠠᠭᠤᠨ᠎ᠢ ᠠᠬᠢᠭᠤᠯᠪᠠᠯ᠂ ᠳᠤᠮᠳᠠᠳᠤ ᠤᠯᠤᠰ᠎ᠤᠨ ᠠᠵᠤ ᠠᠬᠤᠢ᠎ᠶᠢᠨ ᠬᠥᠳᠡᠯᠭᠡᠬᠦ ᠬᠦᠴᠦᠨ ᠨᠡᠩ ᠲᠡᠭᠦᠯᠳᠡᠷ᠂ ᠤᠶᠠᠨ ᠬᠠᠳᠠᠨ ᠴᠢᠨᠠᠷ ᠨᠡᠩ ᠴᠢᠩᠭ᠎ᠠ ᠪᠣᠯᠣᠨ᠎ᠠ᠃

ᠬᠥᠭ᠌ᠵᠢᠯᠲᠡ᠎ᠵᠢᠨ ᠰᠢᠨ᠎ᠠ ᠡᠬᠦᠳᠤᠯᠳᠠ ᠪᠡᠷ ᠨᠡᠮᠡᠭ᠌ᠳᠡᠯ᠎ᠦᠨ ᠱᠢᠨ᠎ᠡ ᠬᠥᠳᠡᠯᠭᠡᠭᠦᠷ᠎ᠢ ᠬᠦᠭᠵᠢᠭᠡᠪᠡ  —

ᠲᠤᠬᠠᠢ᠎ᠶ᠋ᠢᠨ ᠵᠢᠯ᠎ᠳᠦ ᠳᠠᠩᠰᠠᠯᠠᠭᠤᠯᠵᠤ᠂ ᠲᠤᠬᠠᠢ᠎ᠶ᠋ᠢᠨ ᠵᠢᠯ᠎ᠳᠦ ᠪᠦᠳᠦᠭᠡᠨ ᠪᠠᠢᠭᠤᠯᠵᠤ᠂ ᠲᠤᠬᠠᠢ᠎ᠶ᠋ᠢᠨ ᠵᠢᠯ᠎ᠳᠦ ᠦᠢᠯᠡᠳᠪᠤᠷᠢᠯᠡᠯ ᠡᠬᠢᠯᠡᠬᠦᠯᠵᠦ᠂ ᠲᠤᠬᠠᠢ᠎ᠶ᠋ᠢᠨ ᠵᠢᠯ᠎ᠳᠦ ᠠᠰᠢᠬᠯᠠᠯᠲᠠ ᠳ᠋ᠦ ᠤᠷᠤᠭᠤᠯᠪᠠ ᠁ ᠡᠨᠡ ᠵᠢᠯ᠎ᠦᠨ 10 ᠰᠠᠷ᠎ᠠ᠎ᠳᠤ᠂ ᠠᠩᠬᠠᠳᠠᠭ᠍ᠴᠢ《ᠱᠢᠶᠦ᠋ᠩ ᠠᠨ ᠤᠢᠯᠡᠳᠬᠦ》 ᠲᠠᠭᠠᠭᠤᠯᠢ ᠤᠳᠤ 《ᠱᠢᠶᠦ᠋ᠩ ᠠᠨ ᠨᠢᠭᠡᠳᠦᠭᠡᠷ》 ᠯᠠᠨ ᠵᠢᠶᠠᠨ ᠬᠣᠩ ᠴᠢᠩ(ᠱᠢᠶᠦ᠋ᠩ ᠠᠨ)ᠣᠭ᠍ᠲᠠᠷᠭᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠠᠰᠢᠬᠯᠠᠯᠲᠠ ᠳ᠋ᠦ ᠤᠷᠤᠭᠤᠯᠵᠠᠢ᠃ ᠣᠭ᠍ᠲᠠᠷᠭᠤᠢ᠎ᠶ᠋ᠢᠨ ᠮᠡᠳᠡᠭᠡ ᠵᠠᠩᠭᠢ᠎ᠶ᠋ᠢᠨ ᠲᠦᠷᠭᠡᠨ ᠬᠥᠭ᠌ᠵᠢᠯᠲᠡ᠎ᠶ᠋ᠢᠨ ᠵᠠᠩᠬᠢᠯᠠᠭ᠎ᠠ ᠳ᠋ᠤ᠂ ᠱᠢᠶᠦ᠋ᠩ ᠠᠨ ᠤ᠋ ᠬᠢᠨ ᠲᠤᠰ ᠬᠦᠷᠢᠶᠠᠨ ᠤ᠋ 60 ᠭᠠᠷᠤᠢ ᠠᠵᠤ ᠠᠬᠤᠢᠯᠠᠯ ᠢ᠋ ᠲᠥᠪᠯᠡᠷᠡᠬᠦᠯᠵᠦ᠍᠂ ᠢᠷᠡᠭᠡᠳᠦᠢ᠎ᠶ᠋ᠢᠨ ᠬᠤᠳᠠ᠎ᠨᠢ ᠢᠷᠡᠭᠡᠳᠦᠢ᠎ᠶ᠋ᠢᠨ ᠠᠵᠤ ᠦᠢᠯᠡᠰ᠎ᠢ ᠤᠬᠳᠤᠨ ᠠᠪᠴᠢᠷᠠᠪᠠ᠃

ᠱᠢᠨ᠎ᠡ ᠨᠢᠭᠡ ᠦᠶ᠎ᠡ᠎ᠶ᠋ᠢᠨ ᠬᠡᠲᠦ ᠥᠨᠳᠥᠷ ᠬᠤᠷᠳᠤᠴᠠᠲᠤ ᠴᠠᠭ ᠲᠤᠬᠠᠢ᠎ᠳᠦᠨᠢ ᠲᠠᠮᠵᠢᠭᠤᠯᠬᠤ ᠳᠣᠯᠭᠢᠶᠠᠨ ᠢᠯᠡᠳᠭᠡᠭᠦᠷ᠎ᠢ ᠨᠡᠢᠲᠡᠯᠡᠭ᠌ᠰᠡᠨ᠎ᠡᠴᠡ ᠠᠪᠤᠭᠠᠳ ᠳᠡᠯᠡᠬᠡᠶ ᠳᠡᠭᠡᠷᠡᠬᠢ ᠬᠠᠮᠤᠭ᠎ᠤᠨ ᠲᠣᠮᠣ ᠰᠤᠩᠭᠠᠭᠤᠷ ᠮᠠᠰᠢᠨ ᠤ᠋ ᠱᠢᠯᠭᠠᠨ ᠥᠩᠭᠡᠷᠡᠭᠦᠯᠦᠭ᠌ᠰᠡᠨ ᠬᠦᠷᠲᠡᠯ᠎ᠡ᠂ ᠡᠨᠡ ᠵᠢᠯ᠎ᠡᠴᠡ ᠨᠠᠭᠠᠰᠢ᠂ ᠠᠯᠢ ᠣᠯᠠᠨ ᠵᠠᠩᠭᠢᠯᠠᠭ᠎ᠠ᠎ᠶ᠋ᠢᠨ ᠲᠥᠬᠥᠭᠡᠷᠦᠮᠵᠢ ᠱᠢᠪᠲᠤᠯᠤᠯᠲᠠ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠦᠶ᠋ᠯᠡᠳᠬᠦ᠌ ᠦᠶ᠋ᠯᠡᠰ᠎ᠦᠨ ᠨᠢᠷᠤᠭᠤ ᠲᠤᠯᠭᠠᠭᠤᠷᠢ ᠨᠢ ᠱᠢᠨ᠎ᠡ᠎ᠶ᠋ᠢ ᠡᠭᠦᠳᠦᠭᠰᠡᠨ ᠡᠴᠡ ᠪᠤᠯᠵᠤ ᠨᠠᠩ ᠪᠠᠲᠤ ᠪᠠᠬᠢ ᠪᠣᠯᠵᠠᠶ᠃

ᠲᠣᠨᠣᠭ᠍ᠯᠠᠯ ᠦᠢᠯᠡᠳᠬᠦ᠌ ᠦᠢᠯᠡᠰ᠎ᠦᠨ ᠨᠡᠮᠡᠭ᠌ᠳᠡᠯ ᠦᠷᠲᠡᠭ᠎ᠦᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠨᠡᠮᠡᠭ᠌ᠳᠡᠯ ᠦᠷᠲᠡᠭ᠎ᠲᠦ ᠡᠵᠡᠯᠡᠬᠦ᠌ ᠬᠤᠪᠢ ᠵᠢᠨ ᠵᠢᠩ 35% ᠡᠴᠡ ᠳᠡᠭᠡᠭ᠌ᠰᠢ ᠪᠠᠢᠵᠤ᠂ ᠬᠤᠷᠠᠮᠠᠯ ᠴᠠᠬᠢᠯᠭᠠᠨ ᠬᠡᠯᠬᠢᠶ᠎ᠡ ᠵᠡᠷᠭᠡ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠠᠵᠤ ᠠᠬᠤᠢ᠎ᠳᠤ ᠦᠵᠡᠭᠦᠯᠬᠦ᠌ ᠲᠤᠯᠭᠠᠭᠤᠷᠢᠯᠠᠬᠤ ᠦᠢᠯᠡᠳᠦᠯ ᠦᠷᠭᠦᠯᠵᠢᠯᠡᠨ ᠴᠢᠩᠭᠠᠷᠠᠪᠠ; ᠪᠦᠬᠦ᠌ ᠨᠡᠢᠭᠡᠮ᠎ᠦᠨ ᠴᠠᠬᠢᠯᠭᠠᠨ ᠬᠡᠷᠡᠭ᠌ᠯᠡᠬᠦ᠌ ᠬᠡᠮᠵᠢᠶᠡᠨ᠎ᠦ ᠳᠣᠲᠣᠷ᠎ᠠ᠂ 3 ᠭᠷᠠᠳᠦ᠋ᠰ᠎ᠦᠨ ᠴᠠᠬᠢᠯᠭᠠᠨ ᠭᠡᠷᠡᠭᠯᠡᠬᠦ ᠪᠦᠷᠢ᠎ᠳᠦ 1 ᠭᠷᠠᠳᠦ᠋ᠰ᠎ᠨᠢ  ᠪᠤᠬᠢᠷᠳᠤᠯ ᠦᠬᠡᠢ  ᠴᠠᠬᠢᠯᠭᠠᠨ ᠪᠠᠢᠵᠤ᠂ ᠡᠨᠧᠷᠭᠢ᠎ᠶ᠋ᠢᠨ  ᠬᠡᠯᠪᠡᠷᠢ᠎ᠶ᠋ᠢᠨ ᠬᠤᠪᠢᠷᠠᠭᠤᠯᠤᠯᠲᠠ ᠦᠷᠭᠦᠯᠵᠢᠯᠡᠨ ᠲᠦᠷᠭᠡᠳᠴᠦ᠍ ᠪᠠᠢᠨ᠎ᠠ; ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶᠡᠨ᠎ᠦ ᠭᠤᠤᠯᠯᠠᠬᠤ ᠠᠵᠤ ᠦᠶ᠋ᠯᠡᠰ᠎ᠦᠨ ᠬᠡᠪᠴᠢᠶ᠎ᠡ 1.5 ᠲᠦᠮᠡᠨ ᠳ᠋ᠦᠩᠱᠢᠭᠤᠷ ᠲᠥᠭᠥᠷᠢᠭ᠎ᠢ ᠳᠠᠪᠠᠪᠠ ᠁ ᠦᠨ᠎ᠡ ᠥᠷᠲᠡᠭ᠂ ᠪᠤᠬᠢᠷᠳᠤᠯ ᠦᠬᠡᠢ ᠠᠭᠤᠯᠤᠭ᠍ᠳᠠᠴᠠ᠂ ᠣᠶᠤᠨ ᠎ᠤ ᠠᠭᠤᠯᠤᠭ᠍ᠳᠠᠴᠠ ᠪᠥᠬᠥ᠌ ᠲᠠᠯ᠎ᠠ᠎ᠪᠠᠷ ᠳᠡᠭᠡᠭ᠌ᠰᠢᠯᠡᠵᠦ᠍᠂ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠲᠠᠰᠤᠷᠠᠯᠲᠠ ᠥᠬᠡᠶ ᠪᠠᠢᠭᠤᠯᠵᠤ᠂ ᠠᠵᠤ ᠠᠬᠤᠶ᠎ᠶ᠋ᠢᠨ ᠲᠠᠭᠠᠷᠢᠯᠲᠠ᠎ᠶ᠋ᠢ ᠡᠰᠡᠷᠭᠦᠴᠡᠬᠦ᠌᠂ ᠠᠶᠤᠯ ᠲᠦᠭ᠌ᠰᠢᠭᠦᠷᠢ᠎ᠶ᠋ᠢ ᠡᠰᠡᠷᠭᠦᠴᠡᠬᠦ᠌ ᠬᠦᠴᠦᠨ᠎ᠢ ᠴᠢᠩᠭᠠᠷᠠᠭᠤᠯᠪᠠ᠃

ᠰᠠᠭᠠᠳ ᠦᠭᠡᠢ ᠣᠷᠴᠢᠯ᠎ᠢᠶᠠᠷ ᠱᠢᠨ᠎ᠡ ᠬᠦᠭᠵᠢᠯᠳᠠ ᠵᠢᠨ ᠣᠷᠣᠨ ᠵᠠᠢ᠎ᠶ᠋ᠢ ᠥᠷᠭᠡᠳᠬᠡᠪᠠ —

《3 ᠲᠦᠮᠡᠨ ᠳ᠋ᠦᠩᠱᠢᠭᠤᠷ ᠲᠠᠰ᠎ᠤᠨ ᠬᠡᠷᠡᠭ᠌ᠯᠡᠭᠡᠨ᠎ᠦ ᠬᠦᠷᠢᠶ᠎ᠡ ᠪᠠ 10 ᠮᠢᠩᠭᠠᠨ ᠳ᠋ᠦᠩᠱᠢᠭᠤᠷ  ᠲᠠᠰ᠎ᠤᠨ ᠬᠡᠷᠡᠭ᠌ᠯᠡᠭᠡᠨ᠎ᠦ ᠬᠠᠯᠠᠮᠰᠢᠯ ᠴᠡᠭ᠎ᠢ ᠪᠣᠶ ᠪᠣᠯᠭᠠᠨ᠎ᠠ》᠂ ᠣᠢᠷ᠎ᠠ᠎ᠳᠤ ᠵᠢᠷᠭᠤᠭᠠᠨ ᠰᠠᠯᠠᠭ᠎ᠠ ᠮᠥᠴᠢᠷ 《ᠬᠡᠷᠡᠭ᠌ᠯᠡᠭᠡᠨ᠎ᠦ ᠵᠦᠶ᠋ᠯ᠎ᠦᠨ ᠬᠠᠩᠭᠠᠯᠭ᠎ᠠ ᠬᠡᠷᠡᠭ᠌ᠴᠡᠭᠡ᠎ᠶ᠋ᠢᠨ ᠳᠣᠭᠢᠷᠠᠬᠤ ᠴᠢᠨᠠᠷ᠎ᠢ ᠨᠡᠮᠡᠭ᠌ᠳᠡᠭᠦᠯᠵᠦ᠍ ᠬᠡᠷᠡᠭ᠌ᠯᠡᠭᠡ᠎ᠶ᠋ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠵᠤᠷᠢᠯᠭ᠎ᠠ ᠨᠢ 《 ᠬᠡᠷᠡᠭ᠌ᠯᠡᠭᠡ᠎ᠶ᠋ᠢ ᠲᠠᠰ ᠳᠡᠪᠱᠢᠭᠦᠯᠬᠦ᠌ — ᠠᠵᠤ ᠦᠶ᠋ᠯᠡᠰ᠎ᠢ ᠲᠠᠰ ᠳᠡᠪᠱᠢᠭᠦᠯᠬᠦ᠌ — ᠬᠠᠩᠭᠠᠯᠭ᠎ᠠ ᠬᠡᠷᠡᠭ᠌ᠴᠡᠭᠡ᠎ᠶ᠋ᠢ ᠲᠡᠩᠴᠡᠭᠦᠷᠢᠲᠡᠶ ᠪᠠᠢᠯᠭᠠᠬᠤ》 ᠰᠠᠢᠨ ᠣᠷᠴᠢᠯ᠎ᠢ ᠪᠠᠢᠭᠤᠯᠬᠤ᠎ᠶ᠋ᠢᠨ ᠲᠥᠯᠥᠭᠡ ᠶᠤᠮ᠃

ᠤᠨᠴᠠ ᠣᠷᠳᠣ ᠬᠤᠭᠤᠴᠠᠭᠠᠨ᠎ᠤ  ᠤᠯᠤᠰ᠎ᠤᠨ ᠵᠢᠭᠡᠯᠡᠯᠭᠡ᠎ᠪᠡᠷ 《ᠬᠣᠶᠠᠷ ᠴᠢᠬᠤᠯᠠ》《ᠬᠣᠶᠠᠷ ᠱᠢᠨ᠎ᠡ》ᠢ᠋ ᠳᠡᠮᠵᠢᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠭ᠌ᠰᠡᠨ᠎ᠡᠴᠡ ᠪᠥᠬᠥ᠌ ᠨᠡᠢᠭᠡᠮ᠎ᠦᠨ ᠪᠠᠷᠠᠭᠠᠨ᠎ᠤ ᠭᠦᠶ᠋ᠯᠭᠡᠭᠡᠨ᠎ᠦ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠤᠭ᠍ᠰᠠᠨ ᠬᠦᠷᠳᠡᠯ᠎ᠠ ᠁ ᠡᠨᠡ ᠵᠢᠯ᠎ᠡᠴᠡ ᠨᠠᠭᠠᠰᠢ᠂ ᠲᠥᠷᠥ᠎ᠶ᠋ᠢᠨ ᠪᠣᠳᠣᠯᠭ᠎ᠠ᠎ᠶ᠋ᠢ 《ᠰᠠᠭᠠᠳ ᠥᠬᠡᠶ ᠪᠠᠢᠯᠭᠠᠬᠤ》 ᠲᠡᠢᠰᠢ ᠤᠯᠠᠮ ᠨᠢᠭᠡ ᠠᠯᠬᠤᠮ ᠬᠦᠴᠦᠯᠡᠵᠦ᠍᠂ ᠤᠯᠤᠰ᠎ᠤᠨ ᠳᠣᠲᠣᠭᠠᠳᠤ᠎ᠶ᠋ᠢᠨ ᠣᠷᠴᠢᠯ᠎ᠢ ᠨᠠᠩ ᠰᠠᠭᠠᠳ ᠥᠬᠡᠶ ᠨᠡᠪᠲᠡᠷᠡᠭᠦᠯᠵᠦ᠍᠂ 《ᠳᠡᠯᠡᠬᠡᠶ᠎ᠶ᠋ᠢᠨ ᠵᠠᠬ᠎ᠠ ᠳᠡᠯᠭᠡᠭᠦᠷ》ᠤ᠋ᠨ ᠰᠣᠷᠢᠨᠵᠢᠨ ᠬᠦᠴᠦᠨ᠎ᠢ ᠤᠯᠠᠮ᠎ᠡᠴᠡ ᠤᠯᠠᠮ ᠴᠢᠩᠭᠠᠷᠠᠭᠤᠯᠪᠠ᠃

《ᠬᠥᠭ᠌ᠵᠢᠯᠲᠡ᠎ᠶ᠋ᠢᠨ ᠬᠠᠷᠠᠴᠠ᠎ᠪᠠᠷ ᠠᠰᠠᠭᠤᠳᠠᠯ᠎ᠳᠤ ᠬᠠᠨᠳᠤᠵᠤ᠂ ᠤᠷᠤᠭ᠍ᠰᠢᠯᠠᠨ ᠳᠠᠪᠱᠢᠬᠤ ᠣᠪᠣᠷ ᠎ᠢᠶᠠᠷ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠨ᠎ᠠ》᠃ ᠴᠢᠩᠬᠤᠸᠠ ᠶᠡᠬᠡ ᠰᠤᠷᠭᠠᠭᠤᠯᠢ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠪᠠᠢᠩᠭᠤ᠎ᠶ᠋ᠢᠨ ᠳᠡᠳ᠋ ᠳᠠᠷᠤᠭ᠎ᠠ ᠳ᠋ᠦᠩ ᠢᠦᠶ᠎ᠶ᠋ᠢᠨ ᠦᠵᠡᠬᠦ᠌᠎ᠪᠡᠷ᠂ ᠪᠦᠲᠦᠴᠡ᠂ ᠶᠠᠰᠤ ᠴᠢᠨᠠᠷ᠂ ᠦᠷ᠎ᠡ ᠠᠱᠢᠭ᠎ᠤᠨ 《ᠤᠷᠤᠭ᠍ᠰᠢᠯᠠᠯᠲᠠ》 ᠪᠡᠷ ᠳᠠᠮᠵᠢᠭᠤᠯᠤᠨ ᠲᠣᠭ᠍ᠲᠠᠭᠤᠨ᠎ᠢᠶᠠᠷ ᠬᠥᠭ᠌ᠵᠢᠬᠦ᠌ ᠣᠷᠴᠢᠨ ᠨᠥᠬᠥᠴᠡᠯ᠎ᠢ ᠡᠭᠦᠳᠴᠦ᠍᠂ ᠳᠤᠮᠳᠠᠳᠤ ᠤᠯᠤᠰ᠎ᠤᠨ ᠠᠵᠤ ᠠᠬᠤᠶ 《ᠲᠣᠭ᠍ᠲᠠᠭᠤᠨ》 ᠪᠠ 《ᠤᠷᠤᠭ᠍ᠰᠢᠯᠠᠯᠲᠠ  ᠵᠢᠨ ᠰᠠᠢᠨ ᠦᠶ᠋ᠯᠡᠳᠦᠯᠴᠡᠯ᠎ᠦᠨ ᠳᠤᠮᠳᠠ ᠬᠦᠴᠦᠨ᠎ᠢᠶᠡᠨ ᠬᠤᠷᠠᠮᠳᠤᠭᠤᠯᠤᠨ ᠴᠢᠳᠠᠪᠤᠷᠢ᠎ᠪᠠᠨ ᠨᠡᠮᠡᠭ᠌ᠳᠡᠭᠦᠯᠵᠦ᠍ ᠪᠠᠢᠨ᠎ᠠ ᠬᠡᠵᠡᠢ᠃

ᠲᠤᠬᠳᠠᠬᠰᠠᠨ ᠬᠠᠷᠠᠯᠲᠠ᠎ᠪᠠᠨ ᠭᠤᠢᠪᠢᠰᠢ ᠦᠭᠡᠢ ᠪᠠᠷᠢᠮᠲᠠᠯᠠᠨ᠎ᠡ 

《 ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠦᠷᠭᠦᠯᠵᠢᠯᠡᠨ ᠣᠨᠣᠪᠴᠢᠲᠠᠢ ᠨᠠᠢᠳᠠᠪᠤᠷᠢᠵᠢᠭᠤᠯᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠪᠡᠷ ᠬᠦᠴᠦᠯᠡᠵᠦ᠂᠎ᠠᠵᠤ ᠠᠬᠤᠢ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠦᠨ᠂ ᠠᠵᠤ ᠠᠬᠤᠢ᠎ᠶ᠋ᠢᠨ ᠰᠡᠷᠭᠦᠨ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠢ》᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠢᠷᠡᠭᠡᠳᠦᠶ᠎ᠶ᠋ᠢᠨ ᠲᠠᠪᠤᠨ ᠵᠢᠯ᠎ᠦᠨ ᠪᠠᠢᠯᠳᠤᠬᠤ ᠪᠣᠳᠣᠯᠭ᠎ᠠ᠎ᠶ᠋ᠢᠨ ᠵᠢᠷᠤᠭ ᠲᠥᠯᠥᠪᠯᠡᠭᠡ ᠳᠤᠮᠳᠠ᠂ ᠪᠥᠬᠥᠳᠡ ᠬᠤᠷᠠᠯ᠎ᠡᠴᠡ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢ ᠦᠷᠭᠦᠯᠵᠢᠯᠡᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠰᠡᠳᠦᠪ ᠪᠣᠯᠭᠠᠬᠤ᠎ᠶ᠋ᠢᠨ ᠬᠠᠮᠲᠤ 《ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠪᠠᠷ ᠭᠤᠤᠯᠳᠠᠯᠭ᠎ᠠ ᠪᠣᠯᠭᠠᠬᠤ᠎ᠶ᠋ᠢ ᠪᠠᠷᠢᠮᠲᠠᠯᠠᠬᠤ ᠬᠡᠷᠡᠭ᠌ᠲᠡᠶ》 ᠭᠡᠵᠦ᠍ ᠱᠠᠭᠠᠷᠳᠠᠪᠠ᠃

ᠲᠣᠭ᠍ᠲᠠᠭᠤᠨ ᠬᠠᠷᠠᠯᠲᠠ᠂ ᠲᠣᠭ᠍ᠲᠠᠭᠤᠨ ᠲᠦᠷᠦ᠍᠎ᠶ᠋ᠢᠨ ᠪᠤᠳᠤᠯᠭ᠎ᠠ᠂ ᠲᠣᠭ᠍ᠲᠠᠭᠤᠨ ᠵᠢᠱ᠌ᠢᠯᠲᠡ ᠪᠣᠯ ᠳᠤᠮᠳᠠᠳᠤ ᠤᠯᠤᠰ᠎ᠤ᠋ᠨ ᠳᠡᠯᠡᠬᠡᠢ ᠳ᠋ᠠᠬᠢᠨ᠎ᠳᠤ ᠳᠠᠮᠵᠢᠭᠤᠯᠤᠭ᠍ᠰᠠᠨ ᠢᠯᠡ ᠲᠣᠳᠣ ᠲᠤᠬᠢᠶ᠎ᠠ ᠮᠥᠨ᠃

ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠪᠡᠷ᠎ᠦᠨ ᠶᠠᠪᠤᠳᠠᠯ᠎ᠢᠶᠠᠨ ᠬᠦᠴᠦ᠍᠎ᠪᠡᠨ ᠲᠥᠪᠯᠡᠷᠡᠭᠦᠯᠦᠨ ᠰᠠᠢᠲᠤᠷ ᠬᠢᠪᠠ  —

10 ᠭᠠᠵᠠᠷ ᠣᠷᠣᠨ᠎ᠳᠤ ᠴᠢᠬᠤᠯᠠ ᠡᠯᠧᠮᠧᠨ᠋ᠲ᠎ᠤ᠋ᠨ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠤᠯᠳᠠ ᠵᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ ᠥᠷᠨᠢᠭᠦᠯᠬᠦ᠌ ᠲᠤᠬᠠᠶ ᠪᠠᠢᠷᠢᠯᠠᠭᠤᠯᠤᠯᠲᠠ ᠬᠢᠵᠦ᠍᠂ 《ᠠᠬᠤᠢ ᠪᠠᠢᠳᠠᠯ᠎ᠤ᠋ᠨ ᠪᠣᠢᠵᠢᠭᠤᠯᠤᠯᠳᠠ ᠪᠠ ᠨᠡᠭᠡᠭᠡᠯᠲᠡ ᠵᠢ ᠲᠦᠷᠬᠡᠳᠬᠡᠵᠤ  ᠰᠢᠨ᠎ᠠ ᠠᠬᠤᠢ ᠪᠠᠢᠳᠠᠯ ᠢ᠋ ᠶᠡᠬᠡ ᠬᠡᠪᠴᠢᠶ᠎ᠡ ᠪᠡᠷ ᠬᠡᠷᠡᠭ᠌ᠯᠡᠬᠦ᠌᠎ᠶ᠋ᠢ ᠲᠦᠷᠭᠡᠨ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠎ᠢ᠋ ᠳᠠᠷᠤᠮᠠᠯᠯᠠᠨ ᠲᠠᠷᠬᠠᠭᠠᠵᠤ᠂ ᠣᠷᠣᠨ ᠪᠦᠰᠡ ᠠᠯᠤᠰᠯᠠᠭ᠍ᠰᠠᠨ ᠰᠠᠪᠠ ᠭᠠᠵᠠᠷ ᠠᠯᠤᠰᠯᠠᠭ᠍ᠰᠠᠨ ᠶᠡᠬᠡ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ ᠁  ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢᠨ ᠪᠤᠭᠤᠮᠢ᠂ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠦ ᠲᠦᠭ᠌ᠵᠢᠷᠡᠯ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠡᠪᠡᠷᠱᠢᠶᠡᠯ᠎ᠳᠦ ᠴᠢᠭ᠌ᠯᠡᠭᠦᠯᠵᠦ᠍᠂ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠨᠠᠩ ᠣᠨᠣᠪᠴᠢᠲᠠᠶ ᠪᠤᠯᠵᠤ᠂ ᠨᠠᠩ ᠠᠩᠬᠠᠷᠤᠯ᠎ᠳᠤ ᠲᠥᠪᠯᠡᠷᠡᠭᠦᠯᠪᠡ᠃

《ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ》 ᠵᠢ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠨᠢᠭᠡᠳᠦᠭᠡᠷ ᠵᠦᠢᠯ᠎ᠳᠦ ᠲᠠᠯᠪᠢᠵᠤ᠂ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠶ᠋ᠢ ᠪᠦᠬᠦ᠌ ᠨᠠᠮ᠎ᠤᠨ ᠠᠵᠢᠯ᠎ᠤᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠤᠯᠤᠰ᠎ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ ᠁ ᠬᠠᠷᠠᠯᠲᠠ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ  ᠮᠠᠶᠢᠬ᠎ᠤᠨ ᠣᠳᠣᠬᠢᠴᠢᠯᠠᠯᠲᠠ᠎ᠶ᠋ᠢ ᠦᠷᠭᠦᠯᠵᠢᠯᠡᠨ ᠠᠬᠢᠭᠤᠯᠪᠠ᠃

ᠳᠤᠮᠳᠠᠳᠤ ᠤᠯᠤᠰ᠎ᠤᠨ ᠠᠵᠤ ᠠᠬᠤᠶ᠎ᠳ᠋ᠤ ᠢᠳᠡᠬᠡᠯ ᠲᠦᠬᠦᠷᠡᠩ ᠪᠠᠢᠵᠤ᠂ ᠳᠡᠯᠡᠬᠡᠶ ᠳ᠋ᠠᠬᠢᠨ ᠵᠢᠡᠷ ᠵᠢᠡᠨ ᠪᠣᠳᠠᠲᠤ ᠠᠵᠢᠯᠯᠠᠭ᠎ᠠ᠎ᠪᠠᠷ ᠢᠲᠡᠭᠡᠯ᠎ᠦᠨ ᠪᠢᠯᠧᠲ ᠥᠭ᠌ᠪᠡ —

9 ᠰᠠᠷ᠎ᠠ᠎ᠳᠤ᠂ ᠳ᠋ᠠᠨᠹᠰ᠎ᠤᠨ ᠳᠤᠮᠳᠠᠳᠤ ᠤᠯᠤᠰ᠎ᠲᠠᠬᠢ ᠬᠠᠮᠤᠭ᠎ᠤᠨ ᠶᠡᠬᠡ ᠦᠶ᠋ᠯᠡᠳᠪᠦᠷᠢᠯᠡᠯ᠎ᠦᠨ ᠰᠠᠭᠤᠷᠢᠨ ᠪᠣᠯᠬᠤ ᠲᠡᠯᠡᠶ᠎ᠶ᠋ᠢᠨ ᠳᠠᠪᠤᠰᠤᠨ᠎ᠤ ᠬᠣᠶᠠᠳᠤᠭᠠᠷ ᠬᠦᠷᠢᠶᠡᠯᠡᠩ ᠲᠣᠭᠣᠷᠢᠭ ᠵᠢᠩᠬᠢᠨᠢ᠎ᠪᠡᠷ ᠠᠱᠢᠭ᠍ᠯᠠᠯᠲᠠ᠎ᠳᠤ ᠣᠷᠣᠪᠠ; 10 ᠰᠠᠷ᠎ᠠ᠎ᠳᠤ᠂ ᠮᠧᠢᠳ᠋ᠦ᠋ᠨᠯᠢ  ᠵᠢᠨ ᠳᠤᠮᠳᠠᠳᠤ ᠤᠯᠤᠰ᠎ᠲᠠᠬᠢ ᠠᠩᠬᠠᠳᠠᠭ᠍ᠴᠢ ᠲᠣᠭᠠᠴᠢᠯᠠᠭ᠍ᠰᠠᠨ ᠡᠮᠴᠢᠯᠡᠭᠡᠨ᠎ᠦ ᠱᠢᠨ᠎ᠡ᠎ᠶ᠋ᠢ ᠡᠭᠦᠳᠬᠦ᠌ ᠰᠠᠭᠤᠷᠢᠨ ᠪᠡᠭᠡᠵᠢᠩ᠎ᠳᠦ ᠪᠠᠢᠭᠤᠯᠤᠭ᠍ᠳᠠᠪᠠ; 11 ᠰᠠᠷ᠎ᠠ᠎ᠳᠤ᠂ ᠮᠠᠱ᠌ᠢᠵᠶ᠋ᠢ ᠵᠢᠨ10 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠤ ᠪᠠᠢᠭᠤᠯᠤᠭ᠍ᠰᠠᠨ ᠶᠡᠷᠦᠩᠬᠡᠢᠯᠡᠭ᠌ᠰᠡᠨ ᠪᠠᠷᠠᠭᠠᠨ᠎ᠤ ᠭᠦᠢᠯᠭᠡᠭᠡ᠎ᠶ᠋ᠢᠨ ᠬᠣᠱᠢᠭᠤᠴᠢ ᠬᠥᠮᠥᠷᠭᠡ ᠱᠠᠩᠬᠠᠢ᠎ᠳᠤ ᠠᠰᠢᠬᠯᠠᠯᠳᠠ ᠳ᠋ᠤ ᠤᠷᠤᠪᠠ ᠁ ᠭᠠᠳᠠᠭᠠᠳᠤ ᠪᠡᠯᠡ ᠦᠷᠭᠦᠯᠵᠢᠯᠡᠨ ᠨᠡᠮᠡᠭ᠌ᠳᠡᠵᠦ᠍᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠰᠠᠷᠠᠭᠤᠯ ᠢᠷᠡᠭᠡᠳᠦᠢ᠎ᠳᠦ ᠢᠲᠡᠭᠡᠯ᠎ᠲᠡᠶ ᠪᠠᠢᠬᠤ᠎ᠪᠠᠨ ᠢᠯᠡᠷᠡᠭᠦᠯᠪᠡ᠃

ᠨᠠᠢ᠍ᠮᠠᠳᠤᠭᠠᠷ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ᠎ᠤ ᠨᠢᠭᠡ ᠵᠢᠯ᠎ᠦᠨ ᠰᠠᠨᠠᠮᠵᠢ᠎ᠪᠠᠷ ᠠᠷᠠᠯᠵᠢᠶ᠎ᠠ ᠪᠦᠲᠦᠭ᠌ᠰᠡᠨ ᠲᠣᠭ᠎ᠠ 834.9 ᠳ᠋ᠦᠩᠱᠢᠭᠤᠷ ᠳ᠋ᠣᠯᠯᠠᠷ᠎ᠲᠤ ᠬᠦᠷᠴᠦ᠍᠂ ᠳᠡᠭᠡᠷ᠎ᠡ ᠬᠤᠭᠤᠴᠠᠭᠠᠨ᠎ᠤ ᠬᠢ᠎ᠡᠴᠡ 4.4% ᠪᠡᠷ ᠨᠡᠮᠡᠭ᠌ᠳᠡᠪᠡ;138 ᠳ᠋ᠤᠭᠠᠷ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠳᠤ ᠨᠡᠢᠲᠡ 31 ᠲᠦᠮᠡ ᠭᠠᠷᠤᠶ ᠬᠢᠯᠢ᠎ᠶ᠋ᠢᠨ ᠭᠠᠳᠠᠨᠠᠬᠢ ᠬᠤᠳᠠᠯᠳᠤᠨ ᠠᠪᠬᠤ ᠬᠤᠳᠠᠯᠳᠤᠭᠠᠴᠢᠨ ᠣᠷᠣᠯᠴᠠᠵᠤ᠂ ᠲᠤᠬᠠᠶ᠎ᠶ᠋ᠢᠨ ᠲᠠᠯᠠᠪᠠᠶ᠎ᠳ᠋ᠡᠬᠢ ᠭᠠᠳᠠᠭᠠᠳᠤ ᠭᠠᠷᠭᠠᠯᠳᠠ ᠵᠢᠨ ᠠᠷᠠᠯᠵᠢᠶ᠎ᠠ ᠪᠦᠲᠦᠭ᠌ᠰᠡᠨ ᠲᠣᠭ᠎ᠠ 256.5 ᠳ᠋ᠦᠩᠱᠢᠭᠤᠷ ᠳ᠋ᠣᠯᠯᠠᠷ᠎ᠲᠤ ᠬᠦᠷᠴᠡᠶ᠃ ᠤᠯᠠᠨ ᠤᠯᠤᠰ᠎ᠤᠨ ᠬᠣᠶᠠᠷ ᠶᠡᠬᠡ ᠦᠵᠡᠭᠦᠯᠭᠡ᠎ᠶ᠋ᠢᠨ ᠬᠢᠷᠢ ᠪᠦᠲᠦᠮᠵᠢ᠎ᠶ᠋ᠢᠨ ᠬᠠᠭᠤᠳᠠᠰᠤ ᠨᠢ ᠨᠡᠭᠡᠭᠡᠯᠲᠡᠲᠦ ᠳᠤᠮᠳᠠᠳᠤ ᠤᠯᠤᠰ᠎ᠤᠨ ᠳᠡᠯᠡᠬᠡᠢ᠎ᠶ᠋ᠢᠨ ᠲᠠᠪᠴᠠᠩ᠎ᠳᠠᠬᠢ ᠬᠤᠪᠢ᠎ᠶ᠋ᠢᠨ ᠵᠢᠩ᠎ᠢ ᠭᠡᠷᠡᠴᠢᠯᠡᠪᠡ᠃

《ᠠᠵᠤ ᠠᠬᠤᠢ᠎ᠶ᠋ᠢᠨ ᠲᠣᠭ᠍ᠲᠠᠭᠤᠨ ᠠᠵᠢᠯᠯᠠᠭᠠᠨ᠎ᠤ ᠭᠣᠣᠯ ᠬᠦᠭ ᠠᠶᠠᠰ ᠬᠤᠪᠢᠷᠠᠭᠰᠠᠨ ᠦᠭᠡᠢ》᠂ 《ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠪᠠᠢᠳᠠᠯ ᠬᠤᠪᠢᠷᠠᠭᠰᠠᠨ ᠦᠭᠡᠢ》 《ᠠᠵᠤ ᠠᠬᠤᠢ᠎ᠶ᠋ᠢᠨ ᠤᠶᠠᠨ ᠬᠠᠳᠠᠨ ᠴᠢᠨᠠᠷ ᠴᠢᠩᠭ᠎ᠠ ᠲᠠᠯᠳᠠ ᠬᠦᠴᠦᠨ ᠶᠡᠬᠡ ᠪᠠᠢᠬᠤ ᠦᠨᠳᠦᠰᠦᠨ ᠣᠨᠴᠠᠯᠢᠭ ᠬᠤᠪᠢᠷᠠᠭᠰᠠᠨ ᠦᠭᠡᠢ》—  ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶᠠᠨ᠎ᠤ ᠰᠣᠨᠢᠨ ᠮᠡᠳᠡᠭᠡᠨ᠎ᠦ ᠥᠭᠦᠯᠡᠭ᠌ᠴᠢ 《ᠭᠤᠷᠪᠠᠨ ᠬᠤᠪᠢᠷᠠᠭᠰᠠᠨ ᠦᠭᠡᠢ》 ᠪᠡᠷ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠠᠵᠢᠯᠯᠠᠭᠠᠨ᠎ᠤ ᠶᠡᠷᠦᠩᠬᠡᠢ ᠢᠯᠡᠷᠡᠯ᠎ᠳᠦ ᠦᠨᠡᠯᠡᠯᠲᠡ ᠬᠢᠪᠡ᠃

ᠲᠣᠭ᠍ᠲᠠᠯ ᠬᠦᠴᠦᠨ᠎ᠢᠶᠡᠨ ᠪᠠᠲᠤᠯᠠᠵᠤ᠂ ᠯᠠᠪᠳᠠᠭᠤᠨ ᠪᠠᠲᠤᠲᠠᠢ ᠠᠵᠢᠯᠯᠠᠪᠠᠯ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠲᠤᠮᠤ ᠬᠦᠯᠭᠡ ᠣᠩᠭᠣᠴᠠ ᠯᠠᠪᠲᠠᠢ ᠴᠢᠨᠠᠷ ᠰᠠᠢᠲᠠᠢ ᠬᠥᠭ᠌ᠵᠢᠯᠲᠡ᠎ᠶ᠋ᠢᠨ  ᠵᠠᠮ᠎ᠢᠶᠠᠷ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 12 ᠰᠠᠷ᠎ᠠ᠎ᠶᠢᠨ 2 ᠎ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号