ᠦᠪᠤᠷ ᠮᠤᠡᠭᠭᠤᠯ ᠎ᠤᠨ ᠦᠶ᠋ᠯᠡᠳᠬᠦᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠶᠡᠬᠡ ᠬᠤᠷᠠᠯ᠎ᠳᠦ ᠳᠡᠯᠭᠡᠭᠳᠡᠪᠡ
2025-12-05 10:04:15
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 28 ᠤ᠋ ᠡᠳᠦᠷ᠂ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠶᠡᠬᠡ ᠬᠤᠷᠠᠯ ᠬᠤᠪᠸᠢ ᠮᠤᠵᠢ᠎ᠶ᠋ᠢᠨ ᠦᠬᠠᠨ ᠬᠣᠲᠠ᠎ᠳᠤ ᠬᠣᠶᠠᠷ ᠡᠳᠦᠷ᠎ᠦᠨ ᠬᠤᠭᠤᠴᠠᠭ᠎ᠠ᠎ᠲᠠᠶ ᠶᠠᠪᠤᠭ᠍ᠳᠠᠵᠤ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠶᠡᠬᠡ ᠬᠤᠷᠠᠯ᠎ᠳᠤ ᠣᠷᠣᠯᠴᠠᠠ᠂ ᠮᠠᠨ᠎ᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠦᠷ᠎ᠡ ᠪᠦᠲᠦᠭᠡᠯ ᠪᠠ ᠱᠢᠨ᠎ᠡ᠎ᠶ᠋ᠢ ᠡᠭᠦᠳᠦᠭ᠌ᠰᠡᠨ ᠦᠶ᠋ᠯᠡᠳᠬᠦᠨ᠎ᠢ ᠪᠥᠬᠥ᠌ ᠲᠠᠯ᠎ᠠ᠎ᠪᠠᠷ ᠳᠡᠯᠭᠡᠨ ᠦᠵᠡᠭᠦᠯᠪᠡ᠃

ᠤᠢᠯᠠᠭᠠᠭᠰᠠᠨ᠎ᠢᠶᠡᠷ᠂ ᠲᠣᠰ ᠬᠤᠭᠤᠴᠠᠭᠠᠨ᠎ᠤ ᠶᠡᠬᠡ ᠬᠤᠷᠠᠯ᠎ᠨᠢ 《ᠣᠳᠣᠬᠢᠴᠢᠯᠠᠭ᠍ᠰᠠᠨ ᠬᠥᠮᠦᠨ᠎ᠦ ᠬᠦᠴᠦᠨ᠎ᠦ ᠡᠬᠢ ᠪᠠᠶᠠᠯᠢᠭ᠎ᠢ ᠡᠬᠦᠳᠴᠤ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ》 ᠪᠠᠷ ᠭᠤᠤᠯ ᠰᠡᠳᠦᠪ ᠪᠣᠯᠭᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠤᠳᠤᠯᠤᠨ ᠶᠠᠷᠢᠯᠴᠠᠬᠤ ᠬᠤᠷᠠᠯ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠬᠠᠩᠭᠠᠯᠭ᠎ᠠ ᠬᠡᠷᠡᠭ᠌ᠴᠡᠭᠡ᠎ᠶ᠋ᠢᠨ ᠵᠥᠪᠳᠡᠨ ᠶᠠᠷᠢᠯᠴᠠᠬᠤ ᠬᠤᠷᠠᠯ᠂ ᠱᠢᠶᠠᠩᠭᠠᠩ ᠣᠣᠮᠧᠨ᠎ᠦ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠴᠢᠳᠠᠪᠤᠷᠢᠲᠠᠨ᠎ᠢ ᠬᠤᠷᠠᠨ ᠴᠤᠭᠯᠠᠷᠠᠭᠤᠯᠬᠤ ᠠᠵᠢᠯᠯᠠᠭ᠎ᠠ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠲᠤᠰᠭᠠᠶ ᠲᠠᠯᠠᠪᠠᠢ ᠠᠵᠢᠯᠲᠠᠨ ᠤᠷᠢᠵᠤ ᠡᠯᠰᠡᠬᠦ᠌ ᠵᠡᠷᠭᠡ ᠣᠯᠠᠨ ᠲᠤᠰᠭᠠᠶ ᠠᠵᠢᠯᠯᠠᠭ᠎ᠠ ᠶᠠᠪᠤᠬᠳᠠᠪᠠ᠃

ᠶᠡᠬᠡ ᠬᠤᠷᠠᠯ᠎ᠤᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠤᠨᠴᠠᠯᠢᠬ᠍ᠳᠤ ᠦᠵᠡᠭᠦᠯᠭᠡ᠎ᠶ᠋ᠢᠨ ᠲᠣᠭᠣᠷᠢᠭ ᠨᠢ ᠮᠠᠨ᠎ᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠬᠣᠷᠢᠨᠭᠡᠷ ᠱᠢᠨ᠎ᠡ ᠲᠣᠭᠣᠷᠢᠭ᠎ᠤᠨ ᠲᠣᠭᠠᠴᠢᠯᠠᠭ᠍ᠰᠠᠨ ᠴᠢᠳᠠᠪᠤᠷᠢᠲᠠᠨ᠎ᠤ ᠨᠡᠭᠡᠭᠡᠯᠲᠡᠲᠦ ᠬᠡᠯᠪᠡᠷᠢ᠎ᠶ᠋ᠢᠨ ᠣᠯᠠᠨ ᠨᠡᠢᠲᠡ᠎ᠶ᠋ᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠂ ᠪᠤᠭᠤᠲᠤ ᠬᠣᠲᠠ᠎ᠶ᠋ᠢᠨ ᠪᠢᠢ ᠼᠠᠢ AI + ᠠᠮᠢᠳᠤᠯᠢᠭ᠎ᠢᠶᠠᠷ ᠠᠵᠢᠯ ᠣᠯᠭᠣᠵᠤ ᠡᠵᠡᠩᠨᠡᠬᠦ᠌᠎ᠶ᠋ᠢ ᠨᠢᠭᠡ ᠴᠣᠭ᠍ᠴᠠᠵᠢᠭᠤᠯᠬᠤ ᠲᠠᠪᠴᠠᠩ᠂ ᠣᠷᠳᠣᠰ᠎ᠤᠨ ᠡᠨᠧᠷᠭᠢ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠳᠡᠭᠡᠳᠦ ᠰᠤᠷᠭᠠᠭᠤᠯᠢ᠂ ᠬᠥᠬᠡᠬᠣᠲᠠ᠎ᠶ᠋ᠢᠨ ᠲᠣᠭᠠᠴᠢᠯᠠᠭ᠍ᠰᠠᠨ ᠤᠶᠤᠨᠲᠤ ᠠᠷᠰᠠᠷ ᠠᠵᠤ ᠦᠶ᠋ᠯᠡᠳᠪᠦᠷᠢ᠎ᠶ᠋ᠢᠨ ᠵᠠᠬ᠎ᠠ ᠳᠡᠯᠭᠡᠭᠦᠷ᠎ᠦᠨ ᠦᠶ᠋ᠯᠡᠴᠢᠯᠡᠭᠡᠨ᠎ᠦ ᠱᠢᠰᠲ᠋ᠧᠮ ᠵᠡᠷᠭᠡ ᠳᠥᠷᠪᠡᠨ ᠬᠠᠮᠲᠤᠷᠠᠯᠴᠠᠭᠠᠨ᠎ᠤ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠠᠷᠠᠯᠵᠢᠶ᠎ᠠ ᠪᠦᠲᠦᠭ᠌ᠰᠡᠨ ᠬᠡᠮᠵᠢᠶ᠎ᠡ᠎ᠨᠢ 5000 ᠲᠦᠮᠡᠨ ᠲᠥᠭᠥᠷᠢᠭ ᠲᠸ᠋ ᠬᠦᠷᠴᠠᠢ; 《ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠠᠵᠤ ᠦᠶ᠋ᠯᠡᠰ᠎ᠦᠨ ᠬᠦᠷᠢᠶᠡᠯᠡᠩ᠎ᠦᠨ ᠦᠶ᠋ᠯᠡᠳᠦᠯᠭᠡ ᠬᠢᠭᠡᠳ ᠪᠠᠷᠠᠯᠠᠯ》᠂ 《ᠵᠦᠸᠧ ᠶᠤᠸᠠᠢ ᠠᠵᠢᠯ ᠦᠢᠯᠡᠰ ᠪᠠ ᠡᠳ᠋ ᠬᠥᠷᠥᠩᠭᠡ᠎ᠶ᠋ᠢ ᠨᠢᠭᠡ ᠴᠣᠭ᠍ᠴᠠᠵᠢᠭᠤᠯᠬᠤ ᠱᠢᠰᠲ᠋ᠧᠮ》 ᠭᠡᠬᠦ᠌ ᠬᠣᠶᠠᠷ ᠲᠥᠷᠥᠯ ᠵᠦᠶ᠋ᠯ᠎ᠦᠨ ᠦᠵᠡᠭᠦᠯᠭᠡ ᠬᠢᠪᠠ᠃ ᠡᠭᠦᠨ᠎ᠦ ᠬᠠᠮᠲᠤ ᠥᠪᠥᠷ ᠮᠣᠩᠭᠣᠯ ᠪᠠᠰᠠ ᠪᠤᠰᠤᠳ ᠮᠤᠵᠢ ᠣᠷᠣᠨ᠎ᠲᠠᠶ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠍᠂ ᠲᠤᠷᠱᠢᠯᠭ᠎ᠠ ᠦᠷ᠎ᠡ ᠪᠦᠲᠦᠭᠡᠯ᠎ᠢᠶᠡᠨ ᠬᠤᠪᠢᠶᠠᠯᠴᠠᠨ᠂ ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠳᠦ ᠱᠢᠨ᠎ᠡ ᠬᠠᠮᠲᠤᠷᠠᠯᠴᠠᠭᠠᠨ᠎ᠤ ᠠᠵᠠ ᠲᠣᠬᠢᠶᠠᠯ᠎ᠢ ᠨᠡᠭᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号