ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠢᠨᠲᠧᠷ ᠰᠦᠯᠵᠢᠶᠡᠨ᠎ᠤ ᠡᠵᠡᠨᠭᠨᠡᠯᠲᠡ ᠵᠢᠨ ᠲᠠᠷᠢᠶᠠᠨ ᠡᠮ᠎ᠢ ᠲᠤᠰᠬᠠᠢᠯᠠᠨ ᠵᠠᠰᠠᠬᠤ ᠠᠵᠢᠯᠯᠠᠭ᠎ᠠ᠎ᠶᠢ ᠪᠠᠢᠷᠢᠯᠠᠭᠤᠯᠪᠠ
2025-12-05 11:25:18
ᠵᠣᠬᠢᠶᠠᠭ᠍ᠴᠢ᠄
​ ᠬᠥ ᠢ ᠫᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 12 ᠰᠠᠷ᠎ᠠ᠎ᠶᠢᠨ 3᠎ᠤ᠋ ᠡᠳᠦᠷ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠡᠴᠡ ᠣᠢᠯᠠᠭᠠᠭᠰᠠᠨ᠎ᠢᠶᠡᠷ᠂ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠣᠢᠷ᠎ᠠ᠎ᠳᠤ《2026 ᠣᠨ᠎ᠤ ᠢᠨᠲᠧᠷ ᠰᠦᠯᠵᠢᠶᠡᠨ᠎ᠦ ᠡᠵᠡᠩᠨᠡᠯᠲᠡ᠎ᠶᠢᠨ ᠲᠠᠷᠢᠶᠠᠨ ᠡᠮ᠎ᠢ ᠲᠤᠰᠬᠠᠢᠯᠠᠨ ᠵᠠᠰᠠᠬᠤ ᠠᠵᠢᠯᠯᠠᠭᠠᠨ᠎ᠤ ᠲᠥᠰᠥᠯ》 ᠢ᠋ ᠲᠣᠭᠲᠠᠭᠠᠵᠤ ᠳᠠᠷᠤᠮᠠᠯᠯᠠᠨ ᠲᠠᠷᠬᠠᠭᠠᠵᠤ᠂ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠲᠠᠢ ᠬᠣᠯᠪᠤᠭᠠᠯᠠᠨ ᠢᠨᠲ᠋ᠸᠷ ᠰᠦᠯᠵᠢᠶᠡᠨ᠎ᠦ ᠲᠠᠷᠢᠶᠠᠨ ᠡᠮ ᠡᠵᠡᠩᠨᠡᠬᠦ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠤᠯᠢ ᠶᠣᠰᠣᠭᠠᠷ ᠴᠡᠭᠴᠡᠯᠡᠵᠦ᠂ ᠢᠨᠲ᠋ᠸᠷ ᠰᠦᠯᠵᠢᠶᠡᠨ᠎ᠦ ᠲᠠᠷᠢᠶᠠᠨ ᠡᠮ ᠡᠵᠡᠩᠨᠡᠬᠦ ᠬᠢᠷᠢ ᠬᠡᠮ᠎ᠢ ᠴᠢᠩᠭ᠎ᠠ ᠪᠠᠢᠴᠠᠭᠠᠵᠤ᠂ ᠲᠠᠷᠢᠶᠠᠨ ᠡᠮ᠎ᠦᠨ ᠪᠦᠲᠦᠭᠡᠭᠳᠡᠬᠦᠨ᠎ᠦ ᠮᠡᠳᠡᠭᠡ ᠵᠠᠩᠭᠢ᠎ᠶᠢᠨ ᠦᠵᠡᠭᠦᠯᠭᠡ᠎ᠶᠢ ᠵᠢᠷᠤᠮᠵᠢᠭᠤᠯᠵᠤ᠂ ᠢᠨᠲᠸᠷ ᠰᠦᠯᠵᠢᠶᠡᠨ᠎ᠦ ᠠᠷᠠᠯᠵᠢᠶᠠᠨ᠎ᠤ ᠭᠤᠷᠪᠠᠳᠠᠭᠢ ᠡᠲᠡᠭᠡᠳ᠎ᠤᠨ ᠲᠠᠪᠴᠠᠩ᠎ᠤᠨ ᠬᠠᠷᠢᠭᠤᠴᠠᠯᠭ᠎ᠠ᠎ᠶᠢ ᠴᠢᠩᠭᠠᠳᠬᠠᠵᠤ᠂ ᠲᠤᠰᠬᠠᠢ ᠵᠠᠰᠠᠯᠲᠠ᠎ᠶᠢᠨ ᠠᠵᠢᠯᠯᠠᠭ᠎ᠠ᠎ᠪᠠᠷ ᠢᠨᠲ᠋ᠸᠷ ᠰᠦᠯᠵᠢᠶᠡᠨ᠎ᠦ ᠲᠠᠷᠢᠶᠠᠨ ᠡᠮ ᠡᠵᠡᠩᠨᠡᠬᠦ ᠠᠵᠢᠯᠯᠠᠭ᠎ᠠ᠎ᠶᠢ ᠵᠢᠷᠤᠮᠵᠢᠭᠤᠯᠵᠤ᠂ ᠬᠢᠨᠠᠯᠲᠠ ᠬᠠᠮᠢᠶᠠᠷᠤᠯᠲᠠ᠎ᠶᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠤᠭᠲᠠᠴᠠ ᠵᠢᠨ ᠪᠠᠢᠭᠤᠯᠤᠯᠳᠠ ᠵᠢ ᠠᠬᠢᠭᠤᠯᠪᠠ᠃

ᠪᠣᠳᠠᠲᠠᠢ ᠬᠡᠯᠡᠪᠡᠯ᠂ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠨᠠᠵᠠᠭᠠᠢ ᠲᠠᠯ᠎ᠠ᠎ᠶᠢᠨ ᠨᠠᠷᠢᠨ ᠳᠠᠨᠭᠰᠠ ᠲᠣᠭᠲᠠᠭᠠᠵᠤ᠂ ᠲᠠᠷᠢᠶᠠᠨ ᠡᠮ ᠬᠡᠷᠡᠭᠯᠡᠬᠦ᠎ᠶᠢ ᠬᠢᠵᠠᠭᠠᠷᠯᠠᠭᠰᠠᠨ ᠨᠡᠷᠡᠰ᠎ᠤᠨ ᠰᠠᠭᠤᠷᠢᠨ ᠳᠡᠭᠡᠷ᠎ᠡ᠂ ᠵᠠᠷᠢᠮ ᠣᠨᠴᠠ ᠲᠣᠭᠲᠠᠭᠰᠠᠨ ᠲᠠᠷᠢᠶᠠᠨ ᠡᠮ᠎ᠦᠨ ᠲᠥᠷᠥᠯ ᠵᠦᠢᠯ᠎ᠢ ᠴᠢᠩᠭ᠎ᠠ ᠬᠠᠮᠢᠶᠠᠷᠤᠨ᠎ᠠ᠃ ᠨᠠᠵᠠᠭᠠᠢ ᠲᠠᠯ᠎ᠠ᠎ᠶᠢᠨ ᠨᠠᠷᠢᠨ ᠳᠠᠨᠭᠰᠠ᠎ᠳᠤ ᠵᠢᠭ᠍ᠰᠠᠭᠠᠭᠳᠠᠭᠰᠠᠨ ᠲᠠᠷᠢᠶᠠᠨ ᠡᠮ᠎ᠦᠨ ᠲᠦᠷᠦᠯ ᠵᠦᠢᠯ᠎ᠢ ᠢᠨᠲᠧᠷ ᠰᠦᠯᠵᠢᠶ᠎ᠡ ᠪᠡᠷ ᠡᠵᠡᠩᠨᠡᠬᠦ᠎ᠶᠢ ᠬᠤᠷᠢᠭᠯᠠᠨ᠎ᠠ᠃

ᠠᠵᠢᠯ᠎ᠤᠨ ᠲᠣᠭᠲᠡᠴᠡ᠎ᠪᠠᠨ ᠲᠡᠭᠦᠯᠳᠡᠷᠵᠢᠭᠦᠯᠵᠦ᠂ ᠢᠨᠲᠧᠷ ᠰᠦᠯᠵᠢᠶᠡᠨ᠎ᠤ ᠡᠵᠡᠨᠭᠨᠡᠯᠲᠡ ᠵᠢᠨ ᠲᠠᠷᠢᠶᠠᠨ ᠡᠮ᠎ᠢ ᠭᠣᠣᠯᠳᠠᠯᠭ᠎ᠠ᠎ᠲᠠᠢ ᠬᠢᠨᠠᠨ ᠰᠢᠯᠭᠠᠬᠤ ᠨᠡᠷᠡᠰ᠎ᠢ ᠪᠠᠢᠭᠤᠯᠵᠤ᠂ ᠭᠤᠷᠪᠠᠳᠠᠭᠢ ᠡᠲᠡᠭᠡᠳ᠎ᠦᠨ ᠲᠠᠪᠴᠠᠩ ᠯᠤᠭ᠎ᠠ᠎ᠶᠢᠨ ᠰᠣᠯᠢᠯᠴᠠᠭ᠎ᠠ᠎ᠪᠠᠨ ᠴᠢᠩᠭᠠᠳᠬᠠᠵᠤ᠂ ᠠᠰᠠᠭᠤᠳᠠᠯ᠎ᠲᠠᠢ ᠦᠢᠯᠡᠳᠬᠦᠨ᠎ᠢ ᠪᠠᠢᠴᠠᠭᠠᠨ ᠰᠢᠢᠳᠪᠦᠷᠢᠯᠡᠬᠦ ᠲᠣᠭᠲᠡᠴᠡ᠎ᠶᠢ ᠪᠦᠷᠢᠨᠰᠢᠭᠦᠯᠦᠨ᠎ᠡ᠃

ᠰᠤᠭᠤᠴᠢᠨ ᠪᠠᠢᠴᠠᠭᠠᠬᠤ ᠡᠷᠴᠢᠮ᠎ᠢᠶᠡᠨ ᠴᠢᠩᠭᠠᠷᠠᠭᠤᠯᠵᠤ᠂ ᠢᠨᠲᠧᠷ ᠰᠦᠯᠵᠢᠶᠡᠨ᠎ᠤ ᠡᠵᠡᠨᠭᠨᠡᠯᠲᠡ ᠵᠢᠨ ᠲᠠᠷᠢᠶᠠᠨ ᠡᠮ᠎ᠦᠨ ᠪᠦᠲᠦᠭᠡᠭᠳᠡᠬᠦᠨ᠎ᠢ ᠥᠯᠢᠭᠡᠷ ᠠᠪᠴᠤ ᠬᠢᠨᠠᠨ ᠬᠡᠮᠵᠢᠬᠦ ᠠᠵᠢᠯ᠎ᠢ ᠥᠷᠨᠢᠭᠦᠯᠵᠦ᠂ ᠬᠠᠭᠤᠷᠮᠠᠭ ᠮᠠᠭᠤ ᠲᠠᠷᠢᠶᠠᠨ ᠡᠮ᠎ᠦᠨ ᠪᠦᠲᠦᠭᠡᠭᠳᠡᠬᠦᠨ ᠪᠠ ᠲᠣᠭᠲᠠᠭᠠᠯ᠎ᠡᠴᠡ ᠵᠥᠷᠢᠴᠡᠨ ᠡᠵᠡᠩᠨᠡᠬᠦ ᠦᠶ᠋ᠯᠡ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠂ 《ᠴᠤᠬᠤᠶ᠋ᠢᠮᠠᠭᠴᠠ ᠴᠣᠬᠢᠯᠲᠠ ᠥᠭᠬᠦᠨ᠎ᠡ》᠃

ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠎ᠶᠢ ᠴᠢᠩᠭᠠᠳᠬᠠᠵᠤ᠂ ᠢᠨᠲᠧᠷ ᠰᠦᠯᠵᠢᠶᠡᠨ᠎ᠤ ᠡᠵᠡᠩᠨᠡᠯᠲᠡ᠎ᠶᠢᠨ ᠲᠠᠷᠢᠶᠠᠨ ᠡᠮ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠨ ᠪᠦᠰᠡ ᠪᠠ ᠶᠠᠮᠤᠨ ᠮᠤᠵᠢ ᠠᠯᠤᠰᠯᠠᠨ ᠬᠠᠮᠲᠤᠷᠠᠨ ᠬᠥᠳᠡᠯᠦᠯᠴᠡᠬᠦ᠎ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠪᠤᠲᠠᠲᠦ ᠴᠤᠭᠴᠠ ᠵᠢᠨ ᠨᠢᠭᠡ ᠴᠣᠭᠴᠠᠵᠢᠭ᠍ᠰᠠᠨ ᠬᠠᠮᠢᠶᠠᠷᠤᠯᠲᠠ᠎ᠶᠢ ᠬᠡᠷᠡᠭᠵᠢᠭᠦᠯᠦᠨ᠎ᠡ᠃

ᠨᠡᠢᠭᠡᠮ ᠨᠡᠶ᠋ᠢᠲᠡ᠎ᠪᠡᠷ᠎ᠢᠶᠡᠨ ᠬᠠᠮᠲᠤ ᠪᠠᠷ ᠵᠠᠰᠠᠬᠤ᠎ᠶᠢ ᠠᠬᠢᠭᠤᠯᠵᠤ᠂ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ ᠦᠢᠯᠡᠳᠦᠯ᠎ᠢ ᠢᠳᠡᠪᠬᠢᠲᠡᠢ ᠪᠠᠳᠠᠷᠠᠭᠤᠯᠵᠤ᠂ ᠬᠠᠤᠯᠢ ᠲᠣᠭᠲᠠᠭᠠᠯ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠲᠠᠢᠯᠤᠮᠵᠢ᠎ᠶᠢ ᠴᠢᠩᠭᠠᠳᠬᠠᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠣᠯᠠᠨ ᠡᠰᠢᠲᠦ ᠬᠢᠨᠠᠯᠲᠠ ᠬᠠᠮᠢᠶᠠᠷᠤᠯᠲᠠ᠎ᠶᠢᠨ ᠬᠠᠮᠲᠤᠷᠠᠯ ᠬᠦᠴᠦᠨ᠎ᠢ ᠪᠣᠶ ᠪᠣᠯᠭᠠᠨ᠎ᠠ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 12 ᠰᠠᠷ᠎ᠠ᠎ᠶᠢᠨ 3᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号