ᠦᠪᠦᠷ ᠮᠤᠩᠭᠤᠯ ᠠᠷᠠᠳ᠎ᠤᠨ ᠬᠡᠷᠡᠭ᠌ᠯᠡᠭᠡᠨ᠎ᠦ ᠳᠡᠯᠪᠡᠷᠡᠬᠦ ᠪᠤᠳᠠᠰ᠎ᠤᠨ ᠠᠵᠢᠯ ᠲᠥᠷᠥᠯ᠎ᠦᠨ ᠠᠶᠤᠯᠬᠦᠢ᠎ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭᠠᠳᠬᠠᠵᠦ ᠪᠤᠢ
2025-12-05 10:21:05
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ ᠤᠢᠷ᠎ᠠ᠎ᠳᠤ ᠪᠥᠬᠥ᠌ ᠣᠷᠣᠨ᠎ᠤ ᠠᠷᠠᠳ᠎ᠤᠨ ᠬᠡᠷᠡᠭ᠌ᠯᠡᠭᠡᠨ᠎ᠦ ᠳᠡᠯᠪᠡᠷᠡᠬᠦ ᠪᠤᠳᠠᠰ᠎ᠤᠨ ᠠᠵᠢᠯ ᠲᠥᠷᠥᠯ᠎ᠦᠨ ᠠᠢᠮᠠᠭ ᠬᠣᠲᠠ᠎ᠶ᠋ᠢᠨ ᠠᠶᠤᠯᠬᠦᠢ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯᠲᠠᠨ᠎ᠤ ᠪᠣᠯᠪᠠᠰᠤᠷᠠᠯ ᠵᠢᠴᠢ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠶᠠᠪᠤᠬᠳᠠᠭᠤᠯᠪᠠ᠃

ᠪᠣᠯᠪᠠᠰᠤᠷᠠᠯ᠎ᠨᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠷᠠᠳ᠎ᠤᠨ ᠬᠡᠷᠡᠭ᠌ᠯᠡᠭᠡᠨ᠎ᠦ ᠳᠡᠯᠪᠡᠷᠡᠬᠦ ᠪᠤᠳᠠᠰ᠎ᠤᠨ ᠠᠵᠢᠯ ᠲᠥᠷᠥᠯ᠎ᠦᠨ ᠠᠮᠤᠷ ᠲᠦᠪᠱᠢᠨ᠎ᠦ ᠬᠥᠭ᠌ᠵᠢᠯᠲᠡ᠎ᠶ᠋ᠢᠨ ᠲᠥᠯᠥᠪᠵᠢᠭᠦᠯᠭᠡ ᠵᠢᠴᠢ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌ ᠰᠠᠨᠠᠯ᠂ ᠠᠷᠠᠳ᠎ᠤᠨ ᠬᠡᠷᠡᠭ᠌ᠯᠡᠭᠡᠨ᠎ᠦ ᠳᠡᠯᠪᠡᠷᠡᠬᠦ ᠪᠤᠳᠠᠰ᠎ᠤᠨ ᠠᠵᠢᠯ ᠲᠥᠷᠥᠯ᠎ᠦᠨ ᠬᠠᠤᠯᠢ ᠴᠠᠭᠠᠵᠠ ᠬᠠᠤᠯᠢ ᠲᠣᠭ᠍ᠲᠠᠭᠠᠯ ᠵᠢᠴᠢ ᠲᠥᠷᠥ᠎ᠶ᠋ᠢᠨ ᠪᠣᠳᠣᠯᠭ᠎ᠠ᠎ᠶ᠋ᠢᠨ ᠪᠠᠷᠢᠮᠵᠢᠶ᠎ᠠ ᠪᠣᠯᠤᠨ ᠠᠷᠠᠳ᠎ᠤᠨ ᠬᠡᠷᠡᠭ᠌ᠯᠡᠭᠡᠨ᠎ᠦ ᠳᠡᠯᠪᠡᠷᠡᠬᠦ ᠪᠤᠳᠠᠰ᠎ᠤᠨ ᠦᠶ᠋ᠯᠡᠳᠪᠦᠷᠢᠯᠡᠯ᠂ ᠪᠣᠷᠣᠯᠠᠭᠤᠯᠬᠤ᠂ ᠬᠠᠳᠠᠭᠠᠯᠠᠬᠤ ᠵᠡᠷᠭᠡ ᠡᠯ᠎ᠡ ᠭᠣᠭ᠍ᠴᠣᠭ᠎ᠠ᠎ᠶ᠋ᠢᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠭᠤᠤᠯᠳᠠᠯᠭ᠎ᠠ ᠵᠢ ᠬᠦᠨᠵᠠᠬᠡᠢ ᠰᠤᠷᠤᠯᠴᠠᠨ᠂ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠂ ᠨᠡᠢᠲᠡᠯᠢᠭ ᠡᠨᠳᠡᠯ᠎ᠦᠨ ᠬᠡᠷᠡᠭ᠎ᠦᠨ ᠵᠢᠱ᠌ᠢᠶ᠎ᠡ ᠪᠠ ᠳᠠᠪᠬᠤᠷ ᠤᠷᠢᠳᠴᠢᠯᠠᠨ ᠰᠡᠷᠭᠡᠢᠯᠡᠬᠦ᠌ ᠲᠣᠭ᠍ᠲᠠᠴᠠ᠎ᠶ᠋ᠢᠨ ᠪᠠᠢᠭᠤᠯᠤᠯᠲᠠ ᠲᠠᠶ ᠤᠶᠠᠯᠳᠤᠭᠤᠯᠤᠨ᠂ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠳᠤᠮᠳᠠᠬᠢ ᠭᠤᠤᠯᠳᠠᠯᠭ᠎ᠠ᠎ᠲᠠᠶ ᠬᠦᠴᠢᠷ ᠠᠰᠠᠭᠤᠳᠠᠯ ᠵᠢᠴᠢ ᠠᠷᠭᠠᠴᠠᠭᠠᠬᠤ ᠠᠷᠭ᠎ᠠ ᠬᠡᠮᠵᠢᠶ᠎ᠡ᠎ᠶ᠋ᠢ ᠱᠢᠰᠲ᠋ᠧᠮ᠎ᠲᠡᠶ ᠵᠠᠳᠠᠯᠵᠦ᠂ ᠣᠯᠠᠨ ᠲᠦᠮᠡᠨ᠎ᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠶ ᠪᠣᠯᠭᠠᠨ᠂ ᠠᠷᠠᠳ᠎ᠤᠨ ᠬᠡᠷᠡᠭ᠌ᠯᠡᠭᠡᠨ᠎ᠦ ᠳᠡᠯᠪᠡᠷᠡᠯᠲᠡ᠎ᠶ᠋ᠢᠨ ᠠᠵᠢᠯ ᠲᠥᠷᠥᠯ᠎ᠦᠨ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠣᠨᠣᠪᠴᠢᠲᠠᠶ ᠢᠯᠭᠠᠨ ᠲᠠᠨᠢᠬᠤ ᠪᠠ ᠬᠠᠤᠯᠢ ᠶᠣᠰᠣᠭᠠᠷ ᠬᠢᠨᠠᠨ ᠬᠠᠮᠢᠶᠠᠷᠬᠤ ᠴᠢᠳᠠᠪᠤᠷᠢ᠎ᠶ᠋ᠢ ᠨᠢ ᠪᠦᠲᠦᠮᠵᠢᠲᠡᠶ ᠳᠡᠭᠡᠭ᠌ᠰᠢᠯᠡᠭᠦᠯᠪᠡ᠃

ᠡᠯ᠎ᠡ ᠱᠠᠲᠤᠨ᠎ᠤ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠪᠥᠬᠥ᠌ ᠣᠷᠣᠨ᠎ᠤ ᠠᠷᠠᠳ᠎ᠤᠨ ᠬᠡᠷᠡᠭ᠌ᠯᠡᠭᠡᠨ᠎ᠦ ᠳᠡᠯᠪᠡᠷᠡᠬᠦ ᠪᠤᠳᠠᠰ᠎ᠤᠨ ᠠᠵᠢᠯ ᠲᠥᠷᠥᠯ᠎ᠦᠨ ᠠᠶᠤᠯᠬᠦᠢ᠎ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠦᠨᠡᠨ ᠬᠦ᠌ ᠰᠠᠢᠲᠤᠷ ᠬᠢᠵᠦ᠂ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ 《ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠱᠢᠨ᠎ᠢ ᠬᠠᠮᠢᠶᠠᠷᠬᠤ᠂ ᠲᠤᠬᠠᠢᠯᠠᠭ᠍ᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠱᠢᠨ᠎ᠢ ᠬᠠᠮᠢᠶᠠᠷᠬᠤ᠂ ᠦᠶ᠋ᠯᠡᠳᠪᠦᠷᠢᠯᠡᠯ ᠡᠵᠡᠩᠨᠡᠯᠲᠡ᠎ᠶ᠋ᠢ ᠬᠠᠮᠢᠶᠠᠷᠬᠤ᠎ᠳᠤ ᠡᠷᠬᠡᠪᠰᠢ ᠠᠮᠤᠷ ᠲᠦᠪᠱᠢᠨ᠎ᠢ ᠬᠠᠮᠢᠶᠠᠷᠬᠤ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠶᠤᠯᠬᠦᠢ ᠦᠶ᠋ᠯᠡᠳᠪᠦᠷᠢᠯᠡᠯ᠎ᠦᠨ ᠪᠠᠢᠴᠠᠭᠠᠯᠲᠠ᠎ᠶ᠋ᠢᠨ ᠡᠷᠴᠢᠮ᠎ᠢ ᠴᠢᠩᠭᠠᠷᠠᠭᠤᠯᠤᠨ᠂ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠠᠵᠤ ᠠᠬᠤᠢᠯᠠᠯ᠎ᠢ ᠱᠠᠯᠠᠪᠳᠠᠭᠤᠯᠤᠨ ᠠᠶᠤᠯᠭᠦᠢ ᠦᠢᠯᠡᠳᠪᠦᠷᠢᠯᠡᠯ᠎ᠦᠨ ᠲᠦᠷᠢᠮ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠠᠵᠢᠯᠳᠠᠳ᠎ᠤᠨ ᠠᠮᠤᠷ ᠲᠦᠪᠱᠢᠨ᠎ᠦ ᠪᠣᠯᠪᠠᠰᠤᠷᠠᠯ ᠪᠣᠯᠤᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ᠎ᠶ᠋ᠢ ᠴᠢᠩᠭᠠᠳᠭᠠᠵᠤ᠂ ᠡᠬᠢ ᠡᠭᠦᠰᠦᠯ᠎ᠡᠴᠡ ᠨᠢ ᠠᠮᠤᠷ ᠲᠦᠪᠱᠢᠨ᠎ᠦ ᠡᠨᠳᠡᠯ᠎ᠢ ᠰᠡᠷᠭᠡᠢᠯᠡᠨ᠂ ᠬᠢᠨᠠᠨ ᠬᠠᠮᠢᠶᠠᠷᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠤᠰᠭᠠᠶ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠰᠤᠷᠤᠯᠴᠠᠯᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠲᠣᠰ ᠪᠡᠶ᠎ᠡ᠎ᠶ᠋ᠢᠨ ᠲᠤᠬᠠᠢᠯᠠᠭ᠍ᠰᠠᠨ ᠠᠵᠢᠯ᠎ᠤᠨ ᠬᠡᠪ ᠴᠢᠨᠠᠷ ᠪᠠ ᠬᠢᠨᠠᠨ ᠬᠠᠮᠢᠶᠠᠷᠴᠤ᠌ ᠬᠠᠤᠯᠢ ᠬᠡᠷᠡᠭ᠌ᠵᠢᠭᠦᠯᠬᠦ᠌ ᠬᠢᠷᠢ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠠᠶᠦᠯᠬᠦᠢ ᠦᠢᠯᠡᠳᠪᠦᠷᠢᠯᠡᠯ᠎ᠢ ᠪᠦᠲᠦᠮᠵᠢᠳᠡᠢ ᠪᠠᠳᠤᠯᠠᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号