ᠴᠢᠨᠠᠷ ᠰᠠᠢᠲᠠᠢ ᠬᠥᠭᠵᠢᠯᠲᠡ᠎ᠶᠢᠨ ᠠᠮᠤᠷ ᠲᠦᠪᠰᠢᠨ᠎ᠦ ᠰᠠᠭᠤᠷᠢ᠎ᠶᠢ ᠦᠷᠭᠦᠯᠵᠢᠯᠡᠨ ᠪᠡᠬᠢᠵᠢᠭᠦᠯᠦᠶ᠎ᠡ
2025-12-05 10:21:03
ᠵᠣᠬᠢᠶᠠᠭ᠍ᠴᠢ᠄
ᠵᠧᠦ ᠱᠤᠤ ᠳ᠋ᠦᠩ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ :《ᠰᠢᠨ᠎ᠡ᠎ᠶᠢ ᠡᠭᠦᠳᠬᠦ ᠬᠥᠭᠵᠢᠯᠲᠡ᠂ ᠵᠣᠬᠢᠴᠠᠩᠭᠤᠢ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ᠂ ᠨᠡᠭᠡᠭᠡᠯᠲᠡᠲᠤ ᠬᠥᠭᠵᠢᠯᠲᠡ᠂ ᠬᠠᠮᠲᠤᠪᠠᠷ ᠡᠳ᠋ᠯᠡᠬᠦ ᠬᠥᠭᠵᠢᠯᠲᠡ᠎ᠶᠢ ᠠᠬᠢᠭᠤᠯᠬᠤ᠎ᠶᠢᠨ ᠤᠷᠢᠲᠠᠯ ᠪᠣᠯ ᠴᠥᠮ ᠤᠯᠤᠰ᠎ᠤᠨ ᠠᠮᠤᠷ ᠲᠦᠪᠰᠢᠨ᠂ ᠨᠡᠢᠭᠡᠮ᠎ᠦᠨ ᠲᠣᠭᠲᠠᠭᠤᠨ᠎ᠳᠤ ᠠᠮᠤᠷ ᠲᠦᠪᠰᠢᠨ ᠪᠠ ᠲᠣᠭᠲᠠᠭᠤᠨ ᠪᠠᠢᠬᠤ ᠦᠭᠡᠢ ᠪᠣᠯ ᠠᠯᠢᠪᠠ ᠪᠦᠬᠦᠨ᠎ᠳᠦ ᠴᠥᠮ ᠲᠦᠰᠢᠭ ᠦᠭᠡᠢ ᠶᠤᠮ》 ᠬᠡᠵᠦ ᠵᠢᠭᠠᠵᠤ ᠭᠠᠷᠭᠠᠪᠠ᠃

ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠬᠤ ᠪᠣᠯ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠷᠬᠡᠪᠰᠢ ᠵᠢᠷᠤᠮᠯᠠᠬᠤ ᠬᠡᠷᠡᠭᠲᠡᠢ ᠨᠢᠭᠡᠨ ᠴᠢᠬᠤᠯᠠ ᠵᠠᠷᠴᠢᠮ ᠮᠥᠨ ᠭᠡᠵᠦ ᠵᠢᠭᠠᠵᠤ ᠭᠠᠷᠭᠠᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠵᠢᠨ ᠰᠠᠨᠠᠭᠤᠯᠭ᠎ᠠ》᠎ᠳᠤ ᠬᠥᠭᠵᠢᠯᠲᠡ᠎ᠶᠢᠨ ᠳᠤᠮᠳᠠ ᠠᠮᠤᠷ ᠲᠦᠪᠰᠢᠨ᠎ᠢ ᠪᠡᠬᠢᠵᠢᠭᠦᠯᠵᠦ᠂ ᠠᠮᠤᠷ ᠲᠦᠪᠰᠢᠨ᠎ᠦ ᠳᠤᠮᠳᠠ ᠬᠥᠭᠵᠢᠯᠲᠡ᠎ᠶᠢ ᠡᠷᠢᠯᠬᠢᠯᠡᠵᠦ᠂ ᠬᠣᠷᠢᠭ᠎ᠠ ᠱᠤᠭᠤᠮ᠎ᠤᠨ ᠰᠡᠳᠬᠢᠬᠦᠢ᠎ᠪᠡᠨ ᠴᠢᠩᠭᠠᠳᠬᠠᠵᠤ᠂ ᠡᠯ᠎ᠡ ᠲᠥᠷᠥᠯ᠎ᠦᠨ ᠠᠶᠤᠯ ᠲᠦᠭᠰᠢᠭᠦᠷᠢ᠎ᠶᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠠᠵᠤ ᠠᠬᠤᠢ ᠪᠠ ᠨᠡᠢᠭᠡᠮ᠎ᠦᠨ ᠤᠶᠠᠨ ᠴᠢᠨᠠᠷ᠎ᠢ ᠴᠢᠩᠭᠠᠳᠬᠠᠵᠤ᠂ ᠰᠢᠨ᠎ᠡ ᠠᠮᠤᠷ ᠲᠦᠪᠰᠢᠨ᠎ᠦ ᠪᠠᠢᠷᠢᠰᠢᠯ᠎ᠢᠶᠠᠷ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠮᠠᠨ᠎ᠤ ᠤᠯᠤᠰ᠎ᠤᠨ ᠡᠯ᠎ᠡ ᠵᠦᠢᠯ᠎ᠦᠨ ᠲᠣᠭᠲᠠᠭᠠᠯᠲᠤ ᠪᠤᠰᠤ ᠲᠥᠰᠥᠭᠡᠯᠡᠬᠦᠶ᠎ᠡ ᠪᠡᠷᠬᠡ ᠠᠶᠤᠯ ᠲᠦᠭᠰᠢᠭᠦᠷᠢ᠎ᠶᠢᠨ ᠬᠦᠴᠦᠨ ᠵᠦᠢᠯ ᠢᠯᠡᠳᠲᠡ ᠨᠡᠮᠡᠭᠳᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠡᠭᠦᠷᠭᠡ ᠨᠡᠩ ᠬᠠᠲᠠᠭᠤ ᠪᠡᠷᠬᠡ ᠪᠣᠯᠬᠤ ᠪᠣᠯᠣᠨ᠎ᠠ᠃ ᠡᠷᠬᠡᠪᠰᠢ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠬᠥᠭᠵᠢᠯᠲᠡ᠎ᠶᠢᠨ ᠳᠤᠮᠳᠠ ᠠᠮᠤᠷ ᠲᠦᠪᠰᠢᠨ᠎ᠦ ᠡᠯᠧᠮᠧᠨ᠋ᠲ᠎ᠢ ᠨᠡᠩ ᠢᠯᠡᠭᠦᠦ ᠪᠣᠳᠣᠯᠬᠢᠯᠠᠵᠤ᠂ ᠬᠥᠭᠵᠢᠯᠲᠡ ᠪᠠ ᠠᠮᠤᠷ ᠲᠦᠪᠰᠢᠨ ᠭᠡᠬᠦ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ ᠴᠢᠨᠠᠷ ᠰᠠᠢᠲᠠᠢ ᠬᠥᠭᠵᠢᠯᠲᠡ᠎ᠶᠢᠨ ᠠᠮᠤᠷ ᠲᠦᠪᠰᠢᠨ᠎ᠦ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠦ ᠰᠠᠢᠨ ᠬᠤᠷᠰᠢᠯ᠎ᠢ ᠪᠡᠶᠡᠯᠡᠭᠦᠯᠬᠦ ᠬᠡᠷᠡᠭᠲᠡᠢ᠃

ᠣᠳᠣᠬᠠᠨ᠎ᠳᠤ ᠰᠢᠨ᠎ᠡ ᠡᠭᠡᠯᠵᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠭᠦᠨᠵᠡᠭᠡᠢᠷᠡᠨ ᠬᠥᠭᠵᠢᠵᠦ᠂ ᠮᠡᠷᠭᠡᠵᠢᠯ᠎ᠦᠨ ᠰᠢᠨ᠎ᠡ ᠡᠭᠦᠳᠦᠯᠲᠡ ᠤᠷᠢᠳ ᠡᠮᠦᠨ᠎ᠡ ᠪᠠᠢᠭ᠎ᠠ ᠦᠭᠡᠢ ᠨᠢᠭ᠍ᠲᠠᠷᠠᠭᠰᠠᠨ ᠬᠥᠭᠵᠢᠶᠡᠨᠲᠦ ᠬᠤᠭᠤᠴᠠᠭᠠᠨ᠎ᠳᠤ ᠣᠷᠣᠵᠤ᠂ ᠵᠣᠬᠢᠶᠠᠮᠠᠯ ᠤᠶᠤᠨ ᠴᠢᠳᠠᠪᠤᠷᠢ᠂ ᠺᠸᠠᠨ᠋ᠲ ᠴᠢᠮᠡᠭᠡ ᠬᠣᠯᠪᠣᠭ᠎ᠠ ᠵᠡᠷᠭᠡ ᠬᠦᠷᠢᠶᠡᠨ᠎ᠦ ᠬᠣᠰᠢᠭᠤᠷᠠᠯ ᠮᠡᠷᠭᠡᠵᠢᠯ ᠲᠥᠪᠯᠡᠷᠡᠩᠭᠦᠢ ᠢᠯᠡᠷᠡᠵᠦ᠂ ᠬᠡᠯᠬᠢᠶᠡᠲᠦ ᠤᠷᠪᠠᠯ᠎ᠢ ᠡᠭᠦᠰᠬᠡᠪᠡ᠃ ᠡᠭᠦᠨ᠎ᠦ ᠬᠠᠮᠲᠤ ᠳᠡᠯᠡᠬᠡᠢ᠎ᠶᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠳᠴᠦ᠂ ᠲᠣᠮᠣ᠌ ᠤᠯᠤᠰ᠎ᠤᠨ ᠦᠵᠡᠯᠴᠡᠭᠡᠨ ᠨᠡᠩ ᠨᠠᠷᠢᠨ ᠪᠤᠳᠤᠯᠢᠶᠠᠨᠲᠠᠢ ᠬᠤᠷᠴᠠ ᠰᠢᠷᠦᠭᠦᠨ ᠪᠣᠯᠵᠤ᠂ ᠳᠡᠭᠡᠳᠦ ᠮᠡᠷᠭᠡᠵᠢᠯ᠎ᠦᠨ ᠬᠦᠷᠢᠶ᠎ᠡ ᠨᠢ ᠤᠯᠠᠨ ᠤᠯᠤᠰ᠎ᠤᠨ ᠥᠷᠢᠰᠦᠯᠳᠦᠭᠡᠨ᠎ᠦ ᠬᠠᠮᠤᠭ᠎ᠤᠨ ᠡᠮᠦᠨ᠎ᠡ ᠵᠠᠬ᠎ᠠ ᠵᠢᠨ ᠪᠠ ᠭᠣᠣᠯ ᠲᠠᠢ᠍ᠢᠨ᠎ᠦ ᠲᠠᠯᠠᠪᠤᠷ ᠪᠣᠯᠵᠤ᠂ ᠪᠦᠬᠦ ᠪᠥᠮᠪᠥᠷᠴᠡᠭ᠎ᠦᠨ ᠡᠮᠬᠢ ᠳᠢᠭ᠌ᠯᠢᠮ ᠪᠠ ᠬᠥᠭᠵᠢᠯᠲᠡ᠎ᠶᠢᠨ ᠪᠠᠢᠷᠢᠰᠢᠯ᠎ᠢ ᠲᠠᠬᠢᠨ ᠴᠣᠭᠴᠠᠯᠠᠪᠠ᠃ ᠣᠢᠷ᠎ᠠ᠎ᠶᠢᠨ ᠵᠢᠯ᠎ᠳᠦ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠦᠨ ᠬᠥᠭᠵᠢᠯᠲᠡ ᠶᠡᠬᠡ ᠲᠠᠪᠰᠢᠯᠳᠠ᠎ᠲᠠᠢ ᠪᠣᠯᠪᠠ᠃ ᠭᠡᠪᠡᠴᠦ ᠶᠡᠷᠦᠩᠬᠡᠢ ᠳ᠋ᠦ᠍ᠨᠢ ᠠᠪᠴᠤ ᠦᠵᠡᠪᠡᠯ᠂ ᠠᠩᠬᠠᠨ᠎ᠤ ᠰᠢᠨ᠎ᠡ᠎ᠶᠢ ᠡᠭᠦᠳᠬᠦ ᠴᠢᠳᠠᠪᠤᠷᠢ ᠪᠠᠰᠠ ᠬᠠᠷᠢᠴᠠᠩᠭᠤᠢ ᠪᠠᠭᠤᠷᠠᠢ ᠪᠠᠢᠵᠤ᠂ ᠢᠯᠠᠩᠭᠤᠶ᠎ᠠ ᠵᠠᠷᠢᠮ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ ᠨᠢ ᠪᠤᠰᠤᠳ᠎ᠲᠤ ᠬᠢᠵᠠᠭᠠᠷᠯᠠᠭᠳᠠᠵᠤ᠂ ᠣᠷᠣᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ ᠬᠦᠷᠦᠯᠴᠡᠬᠦ ᠦᠭᠡᠢ ᠪᠠᠢᠵᠤ᠂ ᠬᠡᠰᠡᠭ ᠠᠵᠤ ᠦᠢᠯᠡᠰ᠎ᠦᠨ ᠬᠦᠷᠢᠶ᠎ᠡ ᠪᠣᠯᠣᠨ ᠮᠡᠷᠭᠡᠵᠢᠯ᠎ᠦᠨ ᠭᠣᠭᠴᠣᠭ᠎ᠠ᠎ᠳᠤ 《ᠪᠣᠭᠣᠮᠢ》᠎ᠶᠢᠨ ᠠᠶᠤᠯ ᠲᠦᠭᠰᠢᠭᠦᠷᠢ ᠣᠷᠣᠰᠢᠵᠤ ᠪᠠᠢᠨ᠎ᠠ᠃ ᠠᠩᠬᠠᠨ᠎ᠤ ᠰᠢᠨ᠎ᠡ ᠡᠭᠦᠳᠦᠯᠲᠡ ᠪᠠ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠨᠢ ᠶᠡᠷᠦ᠎ᠳᠡᠭᠡᠨ ᠠᠶᠤᠯ ᠲᠦᠭᠰᠢᠭᠦᠷᠢ ᠶᠡᠬᠡᠲᠡᠢ ᠪᠠ ᠣᠷᠣᠭᠤᠯᠤᠯᠲᠠ ᠶᠡᠬᠡᠲᠡᠢ ᠣᠨᠴᠠᠯᠢᠭ᠋᠎ᠲᠠᠢ ᠪᠠᠢᠵᠤ᠂ ᠮᠡᠷᠭᠡᠵᠢᠯ ᠪᠠ ᠵᠠᠬ᠎ᠠ ᠳᠡᠯᠭᠡᠭᠦᠷ᠎ᠦᠨ ᠲᠣᠭᠲᠠᠭᠠᠯᠲᠤ ᠪᠤᠰᠤ ᠴᠢᠨᠠᠷ ᠨᠢ ᠰᠢᠨ᠎ᠡ᠎ᠶᠢ ᠡᠭᠦᠳᠬᠦ ᠢᠳᠡᠪᠬᠢᠵᠢᠯ᠎ᠢ ᠬᠢᠵᠠᠭᠠᠷᠯᠠᠵᠤ ᠪᠠᠢᠳᠠᠭ᠃ ᠰᠢᠨ᠎ᠡ᠎ᠶᠢ ᠡᠭᠦᠳᠦᠨ ᠬᠥᠭᠵᠢᠭᠦᠯᠬᠦ ᠪᠠ ᠠᠵᠤ ᠦᠢᠯᠡᠰ᠎ᠦᠨ ᠳᠡᠰ ᠳᠡᠪᠰᠢᠬᠦ᠎ᠶᠢ ᠦᠷᠭᠦᠯᠵᠢᠯᠡᠨ ᠠᠬᠢᠭᠤᠯᠬᠤ᠎ᠳᠤ ᠭᠣᠣᠯᠯᠠᠭ᠍ᠴᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠡᠵᠡᠮᠰᠢᠭᠰᠡᠨ ᠰᠠᠭᠤᠷᠢᠨ ᠳᠡᠭᠡᠷ᠎ᠡ ᠠᠮᠤᠷ ᠲᠦᠪᠰᠢᠨ᠎ᠦ ᠪᠠᠲᠤᠯᠠᠭ᠎ᠠ᠎ᠶᠢ ᠴᠢᠩᠭᠠᠳᠬᠠᠬᠤ ᠬᠡᠷᠡᠭᠲᠡᠢ᠃ ᠨᠠᠮ᠎ᠤᠨ ᠲᠥᠪ ᠬᠣᠷᠢᠶ᠎ᠠ ᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠵᠤ᠂ ᠨᠡᠢᠭᠡᠮ ᠵᠢᠷᠤᠮᠲᠤ ᠪᠠᠢᠭᠤᠯᠤᠯ᠎ᠤᠨ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ ᠳᠠᠪᠠᠭᠤᠯᠢᠭ᠋᠎ᠢ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠠᠬᠢᠭᠤᠯᠵᠤ᠂ ᠰᠢᠨ᠎ᠡ᠎ᠶᠢ ᠡᠭᠦᠳᠴᠦ ᠰᠤᠳᠤᠯᠤᠨ ᠨᠡᠭᠡᠭᠡᠬᠦ ᠡᠬᠢ ᠪᠠᠶᠠᠯᠢᠭ᠋᠎ᠢ ᠨᠡᠢᠳᠬᠡᠵᠦ᠂ ᠴᠢᠬᠤᠯᠠ ᠶᠡᠬᠡ ᠵᠠᠩᠭᠢᠯᠠᠭ᠎ᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠰᠠᠭᠤᠳᠠᠯ᠎ᠢ ᠰᠢᠪᠲᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠮᠢᠨ ᠰᠤᠳᠠᠰᠤ ᠪᠠ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠭᠠᠷ᠎ᠲᠠᠭᠠᠨ ᠪᠠᠲᠤ ᠡᠵᠡᠮᠳᠡᠵᠦ᠂ ᠤᠯᠤᠰ᠎ᠤᠨ ᠠᠵᠤ ᠠᠬᠤᠢ᠎ᠶᠢᠨ ᠠᠮᠤᠷ ᠲᠦᠪᠰᠢᠨ ᠪᠠ ᠪᠤᠰᠤᠳ ᠠᠮᠤᠷ ᠲᠦᠪᠰᠢᠨ᠎ᠢ ᠦᠨᠳᠦᠰᠦᠨ᠎ᠡᠴᠡ ᠨᠢ ᠪᠠᠲᠤᠯᠠᠬᠤ ᠬᠡᠷᠡᠭᠲᠡᠢ᠃

ᠮᠠᠨ᠎ᠤ ᠤᠯᠤᠰ᠎ᠤᠨ ᠬᠥᠭᠵᠢᠯᠲᠡ᠎ᠶᠢᠨ ᠵᠣᠬᠢᠴᠠᠩᠭᠤᠢ ᠪᠤᠰᠤ ᠦᠵᠡᠭᠳᠡᠯ ᠤᠷᠳᠤ ᠬᠤᠭᠤᠴᠠᠭ᠎ᠠ᠎ᠪᠠᠷ ᠣᠷᠣᠰᠢᠵᠤ᠂ ᠠᠵᠤ ᠠᠬᠤᠢ᠎ᠶᠢᠨ ᠬᠦᠷᠢᠶᠡᠨ᠎ᠳᠦ ᠭᠣᠣᠯᠳᠠᠭᠤ ᠠᠵᠤ ᠦᠢᠯᠡᠰ᠎ᠦᠨ ᠬᠥᠭᠵᠢᠯᠲᠡ ᠵᠣᠬᠢᠴᠠᠩᠭᠤᠢ ᠪᠤᠰᠤ ᠪᠠᠢᠬᠤ ᠪᠠ ᠣᠷᠣᠨ ᠪᠦᠰᠡ᠂ ᠬᠤᠳᠠ ᠬᠥᠳᠡᠭᠡ᠎ᠶᠢᠨ ᠬᠥᠭᠵᠢᠯᠲᠡ ᠲᠡᠩᠴᠡᠭᠦᠷᠢ ᠦᠭᠡᠢ ᠪᠠᠢᠬᠤ ᠵᠡᠷᠭᠡ ᠲᠠᠯ᠎ᠠ᠎ᠪᠠᠷ ᠢᠯᠡᠷᠡᠵᠦ ᠪᠤᠢ᠃ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ ᠳᠤᠮᠳᠠ ᠠᠮᠤᠷ ᠲᠦᠪᠰᠢᠨ᠎ᠦ ᠪᠠᠲᠤᠯᠠᠭ᠎ᠠ᠎ᠶᠢ ᠴᠢᠩᠭᠠᠳᠬᠠᠬᠤ᠎ᠳᠤ ᠤᠯᠠᠨ ᠲᠠᠯ᠎ᠠ᠎ᠶᠢᠨ ᠠᠵᠢᠯ᠎ᠢ ᠰᠠᠢᠲᠤᠷ ᠬᠢᠬᠦ ᠬᠡᠷᠡᠭᠲᠡᠢ᠃ ᠨᠢᠭᠡ ᠲᠠᠯ᠎ᠠ᠎ᠪᠠᠷ᠂ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠠᠮᠤᠷ ᠲᠦᠪᠰᠢᠨ ᠲᠣᠭᠲᠠᠭᠤᠨ᠎ᠢ ᠬᠠᠮᠠᠭᠠᠯᠠᠨ᠎ᠠ᠃ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠲᠦᠷᠭᠡᠨ ᠬᠥᠭᠵᠢᠭᠦᠯᠵᠦ᠂ ᠰᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠵᠤ ᠂ ᠠᠵᠤ ᠠᠬᠤᠢ᠎ᠶᠢᠨ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠬᠠᠩᠭᠠᠨ᠎ᠠ᠃ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ᠎ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ᠎ᠶᠢᠨ ᠰᠣᠯᠢᠭ᠍ᠳᠠᠯ᠎ᠤᠨ ᠶᠠᠪᠤᠴᠠ᠎ᠳᠤ ᠲᠦᠭᠰᠢᠭᠦᠷᠢ ᠬᠤᠷᠠᠮᠳᠤᠭᠤᠯᠬᠤ᠎ᠠᠴᠠ ᠵᠠᠢᠯᠠᠰᠬᠢᠬᠦ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠤᠶᠠᠨ ᠬᠠᠳᠠᠨ ᠴᠢᠨᠠᠷ᠎ᠢ ᠴᠢᠩᠭᠠᠳᠬᠠᠵᠤ᠂ ᠲᠣᠭᠲᠠᠭᠤᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢ ᠪᠠᠶ᠋ᠢᠭᠤᠯᠬᠤ᠎ᠪᠠᠷ ᠳᠠᠮᠵᠢᠨ ᠤᠯᠤᠰ ᠠᠷᠠᠳ᠎ᠤᠨ ᠠᠵᠤ ᠠᠬᠤᠢ᠎ᠶᠢᠨ ᠣᠷᠴᠢᠯ᠎ᠤᠨ ᠰᠠᠭᠠᠳ ᠦᠭᠡᠢ᠂ ᠵᠣᠬᠢᠴᠠᠩᠭᠤᠢ ᠬᠥᠭᠵᠢᠯᠲᠡ᠎ᠳᠦ ᠪᠠᠲᠤᠯᠠᠭ᠎ᠠ ᠬᠠᠩᠭᠠᠨ᠎ᠠ᠃ ᠨᠥᠭᠥᠭᠡ ᠲᠠᠯ᠎ᠠ᠎ᠪᠠᠷ  ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ ᠪᠠ ᠬᠣᠲᠠ ᠬᠥᠳᠡᠭᠡ᠎ᠶᠢᠨ ᠠᠭᠤᠰᠤᠯᠴᠠᠨ ᠬᠥᠭᠵᠢᠬᠦ᠎ᠶᠢ ᠠᠬᠢᠭᠤᠯᠤᠨ᠎ᠠ᠃ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠂ ᠣᠷᠣᠨ ᠪᠦᠰᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠭᠣᠣᠯ ᠴᠣᠭᠴᠠ᠎ᠶᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ ᠵᠡᠷᠭᠡ᠎ᠶᠢ ᠭᠦᠨᠵᠡᠭᠡᠢ ᠬᠡᠷᠡᠭᠵᠢᠭᠦᠯᠬᠦ᠎ᠪᠡᠷ ᠳᠠᠮᠵᠢᠨ ᠴᠢᠬᠤᠯᠠ ᠶᠡᠬᠡ ᠦᠢᠯᠡᠳᠪᠦᠷᠢᠯᠡᠯ᠎ᠦᠨ ᠬᠦᠴᠦᠨ᠎ᠦ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠴᠢᠨᠠᠷ ᠰᠠᠢᠲᠠᠢ ᠬᠥᠭᠵᠢᠯᠲᠡ᠎ᠶᠢᠨ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠭᠤᠯᠤᠯᠲᠠ ᠪᠣᠯᠣᠨ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠰᠢᠰᠲᠧᠮ᠎ᠢ ᠪᠠᠢᠭᠤᠯᠤᠨ᠎ᠠ᠃ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠮᠥᠨ᠎ᠢᠶᠡᠷ ᠭᠣᠣᠯ ᠪᠣᠯᠭᠠᠭᠰᠠᠨ ᠰᠢᠨ᠎ᠡ ᠬᠡᠯᠪᠡᠷᠢ᠎ᠶᠢᠨ ᠬᠤᠳᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠬᠤᠳᠠ ᠬᠥᠳᠡᠭᠡ᠎ᠶᠢᠨ ᠵᠥᠷᠢᠶ᠎ᠡ᠎ᠶᠢ ᠪᠠᠭᠠᠰᠬᠠᠨ᠎ᠠ᠃

ᠪᠠᠢᠭᠠᠯᠢ᠎ᠶᠢ ᠬᠦᠨᠳᠦᠳᠬᠡᠵᠦ᠂ ᠪᠠᠢᠭᠠᠯᠢ᠎ᠲᠠᠢ ᠵᠣᠬᠢᠴᠠᠵᠤ᠂ ᠪᠠᠢᠭᠠᠯᠢ᠎ᠶᠢ ᠬᠠᠮᠠᠭᠠᠯᠠᠬᠤ ᠪᠣᠯ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠳᠣᠲᠣᠭᠠᠳᠤ ᠱᠠᠭᠠᠷᠳᠠᠯᠭ᠎ᠠ ᠮᠥᠨ᠃ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠥᠨᠳᠥᠷᠴᠡ ᠡᠴᠡ ᠬᠥᠭᠵᠢᠯᠲᠡ᠎ᠶᠢ ᠰᠦᠪᠡᠭᠴᠢᠯᠡᠵᠦ᠂ ᠠᠮᠢ ᠠᠬᠤᠢ᠎ᠶᠢᠨ ᠠᠮᠤᠷ ᠲᠦᠪᠰᠢᠨ ᠪᠠ ᠡᠨᠧᠷᠭᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠬᠡᠷᠡᠭᠲᠡᠢ᠃ ᠨᠢᠭᠡ ᠲᠠᠯ᠎ᠠ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠨᠠᠩ ᠲᠣᠪᠣᠢᠮ᠎ᠠ ᠪᠠᠢᠷᠢᠨ᠎ᠳᠤ ᠲᠠᠯᠪᠢᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠠᠮᠢ ᠠᠬᠤᠢ᠎ᠶᠢᠨ ᠠᠮᠤᠷ ᠲᠦᠪᠰᠢᠨ᠎ᠢ ᠦᠨᠡᠨ ᠬᠦ᠌ ᠰᠠᠢᠲᠤᠷ ᠬᠠᠮᠠᠭᠠᠯᠠᠨ᠎ᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠵᠦ᠂ ᠬᠥᠭᠵᠢᠯᠲᠡ᠎ᠶᠢᠨ ᠠᠷᠭ᠎ᠠ ᠬᠡᠯᠪᠡᠷᠢ᠎ᠶᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠪᠣᠯᠭᠠᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ᠂ ᠠᠮᠢ ᠠᠬᠤᠢ᠎ᠶᠢᠨ ᠰᠢᠰᠲᠧᠮ᠎ᠦᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ᠎ᠢ ᠲᠣᠭᠲᠠᠭᠤᠨ᠎ᠢᠶᠠᠷ ᠳᠡᠭᠡᠭᠰᠢᠯᠡᠭᠦᠯᠦᠨ᠎ᠡ᠃ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠠᠵᠢᠯ᠎ᠤᠨ ᠵᠣᠬᠢᠴᠠᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠤᠯᠢᠵᠢᠯ᠎ᠤᠨ ᠰᠢᠰᠲ᠋ᠸᠮ᠂ ᠪᠠᠢᠯᠳᠤᠬᠤ ᠪᠣᠳᠣᠯᠭ᠎ᠠ᠎ᠶᠢᠨ ᠰᠢᠰᠲ᠋ᠸᠮ᠂ ᠲᠦᠷᠦ᠎ᠶᠢᠨ ᠪᠣᠳᠣᠯᠭ᠎ᠠ᠎ᠶᠢᠨ ᠰᠢᠰᠲ᠋ᠸᠮ᠂ ᠠᠷᠭᠠᠴᠠᠭᠠᠬᠤ ᠬᠠᠮᠢᠶᠠᠷᠤᠯᠲᠠ᠎ᠶᠢᠨ ᠰᠢᠰᠲ᠋ᠸᠮ᠎ᠢ ᠪᠦᠷᠢᠨᠰᠢᠭᠦᠯᠵᠦ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠤᠳᠤᠯᠤᠨ ᠮᠠᠭᠠᠳᠯᠠᠵᠤ ᠦᠨᠡᠯᠡᠨ ᠵᠢᠱ᠌ᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠨᠦᠬᠦᠬᠡ ᠲᠠᠯ᠎ᠠ᠎ᠪᠠᠷ ᠡᠨᠧᠷᠭᠢ᠎ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠡᠯᠪᠡᠷᠢ᠎ᠪᠡᠨ ᠬᠤᠪᠢᠷᠠᠭᠤᠯᠬᠤ᠎ᠶᠢ ᠯᠠᠪᠳᠠᠭᠤᠨ᠎ᠢᠶᠠᠷ ᠠᠬᠢᠭᠤᠯᠵᠤ᠂ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠢᠯᠡᠬᠦ ᠪᠠ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠨ ᠡᠵᠡᠮᠳᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠨ᠎ᠠ᠃ ᠡᠨᠧᠷᠭᠢ᠎ᠶᠢᠨ ᠬᠠᠩᠭᠠᠯᠭ᠎ᠠ᠎ᠶᠢᠨ ᠬᠤᠪᠢᠰᠬᠠᠯ᠎ᠢ ᠠᠬᠢᠭᠤᠯᠵᠤ᠂ ᠤᠯᠠᠮᠵᠢᠯᠠᠯᠲᠤ ᠴᠢᠯᠠᠭᠤᠵᠢᠮᠠᠯ ᠡᠨᠧᠷᠭᠢ᠎ᠶᠢᠨ ᠰᠤᠷᠪᠤᠯᠵᠢ᠂ ᠰᠢᠨ᠎ᠡ ᠡᠨᠧᠷᠭᠢ᠎ᠶᠢᠨ ᠰᠤᠷᠪᠤᠯᠵᠢ ᠪᠠ ᠲᠠᠬᠢᠨ ᠡᠭᠦᠰᠴᠦ ᠪᠣᠯᠬᠤ ᠡᠨᠧᠷᠭᠢ᠎ᠶᠢᠨ ᠰᠤᠷᠪᠤᠯᠵᠢ᠎ᠶᠢᠨ ᠤᠯᠠᠨ ᠬᠦᠷᠳᠦ᠎ᠪᠡᠷ ᠬᠥᠳᠡᠯᠭᠡᠭᠦᠷ ᠪᠣᠯᠭᠠᠭᠰᠠᠨ ᠡᠨᠧᠷᠭᠢ᠎ᠶᠢᠨ ᠰᠤᠷᠪᠤᠯᠵᠢ᠎ᠶᠢᠨ ᠬᠠᠩᠭᠠᠯᠭ᠎ᠠ᠎ᠶᠢᠨ ᠰᠢᠰᠲᠧᠮ᠎ᠢ ᠪᠤᠢ ᠪᠣᠯᠭᠠᠨ᠎ᠠ᠃ ᠡᠨᠧᠷᠭᠢ᠎ᠶᠢᠨ ᠮᠡᠷᠭᠡᠵᠢᠯ᠎ᠦᠨ ᠬᠤᠪᠢᠰᠬᠠᠯ᠎ᠢ ᠥᠷᠨᠢᠭᠦᠯᠵᠦ᠂ ᠡᠨᠧᠷᠭᠢ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠎ᠤᠨ ᠪᠠᠢᠭᠤᠯᠤᠯᠲᠠ᠎ᠶᠢ ᠴᠢᠩᠭᠠᠳᠬᠠᠵᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠦᠢᠯᠡᠳᠦᠯ᠎ᠢ ᠪᠠᠳᠠᠷᠠᠭᠤᠯᠵᠤ᠂ ᠡᠨᠧᠷᠭᠢ᠂ ᠴᠠᠬᠢᠯᠭᠠᠨ ᠬᠦᠴᠦᠨ ᠵᠡᠷᠭᠡ ᠬᠦᠷᠢᠶᠡᠨ᠎ᠦ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠡᠯ᠎ᠡ ᠭᠣᠭᠴᠣᠭ᠎ᠠ᠎ᠶᠢ ᠨᠠᠪᠲᠠᠷᠡᠭᠦᠯᠵᠦ᠂ ᠡᠨᠧᠷᠭᠢ᠎ᠶᠢᠨ ᠠᠮᠤᠷ ᠲᠦᠪᠰᠢᠨ᠎ᠢ ᠥᠪᠡᠷ᠎ᠦᠨ ᠭᠠᠷ᠎ᠲᠠᠭᠠᠨ ᠠᠳᠬᠤᠨ᠎ᠠ᠃ ᠤᠯᠠᠨ ᠤᠯᠤᠰ᠎ᠤᠨ ᠡᠨᠧᠷᠭᠢ᠎ᠶᠢᠨ ᠰᠤᠷᠪᠤᠯᠵᠢ᠎ᠶᠢᠨ ᠬᠠᠮᠲᠤᠷᠠᠯᠴᠠᠭ᠎ᠠ᠎ᠶᠢ ᠪᠦᠬᠦ ᠲᠠᠯ᠎ᠠ᠎ᠪᠠᠷ ᠴᠢᠩᠭᠠᠳᠬᠠᠵᠤ᠂ ᠤᠯᠠᠨ ᠤᠯᠤᠰ᠎ᠤᠨ ᠡᠬᠢ ᠪᠠᠶᠠᠯᠢᠭ᠋᠎ᠢ ᠪᠦᠲᠦᠮᠵᠢᠲᠡᠢ᠎ᠪᠡᠷ ᠠᠰᠢᠭ᠍ᠯᠠᠵᠤ᠂ ᠨᠡᠭᠡᠭᠡᠯᠲᠡ᠎ᠲᠠᠢ ᠨᠥᠬᠥᠴᠡᠯ ᠳᠣᠣᠷᠠᠬᠢ ᠡᠨᠧᠷᠭᠢ᠎ᠶᠢᠨ ᠰᠤᠷᠪᠤᠯᠵᠢ᠎ᠶᠢᠨ ᠠᠮᠤᠷ ᠲᠦᠪᠰᠢᠨ᠎ᠢ ᠪᠡᠶᠡᠯᠡᠭᠦᠯᠦᠨ᠎ᠡ᠃

ᠭᠠᠳᠠᠭ᠍ᠰᠢ ᠨᠡᠭᠡᠭᠡᠯᠲᠡ ᠬᠢᠬᠦ ᠨᠢ ᠮᠠᠨ᠎ᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠲᠠᠰᠤᠷᠠᠯᠳᠠ ᠦᠭᠡᠢ ᠰᠢᠨ᠎ᠡ ᠠᠮᠵᠢᠯᠲᠠ ᠣᠯᠬᠤ᠎ᠶᠢ ᠠᠬᠢᠭᠤᠯᠤᠭᠰᠠᠨ ᠪᠥᠭᠡᠳ ᠪᠠᠰᠠ ᠮᠠᠨ᠎ᠤ ᠤᠯᠤᠰ ᠪᠣᠯᠣᠨ ᠭᠠᠳᠠᠭᠠᠳᠤ ᠶᠢᠷᠲᠢᠨᠴᠦ᠎ᠶᠢᠨ ᠬᠠᠷᠢᠯᠴᠠᠭ᠎ᠠ ᠦᠢᠯᠡᠳᠦᠯᠴᠡᠯ᠎ᠢ ᠨᠡᠩ ᠢᠯᠡᠭᠦᠦ ᠨᠢᠭ᠍ᠲᠠ ᠪᠣᠯᠭᠠᠵᠤ᠂ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ ᠨᠡᠩ ᠠᠮᠠᠷᠬᠠᠨ ᠭᠠᠳᠠᠭᠠᠳᠤ ᠵᠠᠬ᠎ᠠ ᠳᠡᠯᠭᠡᠭᠦᠷ᠎ᠦᠨ ᠨᠥᠯᠥᠭᠡ ᠪᠠ ᠳᠠᠭᠠᠷᠢᠯᠲᠠ᠎ᠳᠤ ᠤᠴᠠᠷᠠᠳᠠᠭ᠃ ᠡᠢᠮᠦ᠎ᠡᠴᠡ ᠤᠯᠠᠮ ᠨᠡᠭᠡᠭᠡᠯᠲᠡ᠎ᠲᠠᠢ ᠪᠣᠯᠬᠤ ᠳᠤᠲᠤᠮ ᠠᠮᠤᠷ ᠲᠦᠪᠰᠢᠨ᠎ᠢ ᠤᠯᠠᠮ ᠴᠢᠬᠤᠯᠠᠴᠢᠯᠠᠬᠤ ᠬᠡᠷᠡᠭᠲᠡᠢ᠃ ᠨᠢᠭᠡ ᠲᠠᠯ᠎ᠠ᠎ᠪᠠᠷ 《ᠣᠷᠣᠭᠤᠯᠵᠤ ᠢᠷᠡᠬᠦ》 ᠶᠠᠪᠤᠴᠠ᠎ᠳᠤ ᠠᠵᠤ ᠠᠬᠤᠢ᠎ᠶᠢᠨ ᠠᠮᠤᠷ ᠲᠦᠪᠰᠢᠨ ᠪᠠ ᠪᠤᠰᠤᠳ ᠬᠦᠷᠢᠶᠡᠨ᠎ᠦ ᠠᠮᠤᠷ ᠲᠦᠪᠰᠢᠨ᠎ᠢ ᠬᠠᠮᠠᠭᠠᠯᠠᠨ᠎ᠠ᠃ ᠭᠠᠳᠠᠭᠠᠳᠤ ᠠᠷᠠᠯᠵᠢᠶ᠎ᠠ᠎ᠶᠢ ᠥᠷᠨᠢᠭᠦᠯᠵᠦ᠂ ᠭᠠᠳᠠᠭᠠᠳᠤ ᠪᠡᠯᠡ᠎ᠶᠢ ᠲᠠᠲᠠᠬᠤ᠎ᠳᠠᠭᠠᠨ᠂ ᠠᠷᠠᠯᠵᠢᠶᠠᠨ᠎ᠤ ᠬᠠᠨᠢᠲᠠᠨ᠎ᠤ ᠤᠯᠠᠨ ᠡᠰᠢᠵᠢᠯᠲᠡ᠎ᠶᠢ ᠠᠬᠢᠭᠤᠯᠬᠤ᠎ᠶᠢ ᠴᠢᠬᠤᠯᠠᠴᠢᠯᠠᠵᠤ᠂ ᠲᠠᠩ ᠭᠠᠭᠴᠠ ᠠᠷᠠᠯᠵᠢᠶᠠᠨ᠎ᠤ ᠬᠠᠨᠢᠲᠠᠨ᠎ᠳᠤ ᠬᠡᠲᠦᠷᠬᠡᠢ ᠲᠦᠰᠢᠭᠯᠡᠬᠦ᠎ᠡᠴᠡ ᠵᠠᠢᠯᠠᠰᠬᠢᠵᠦ᠂ ᠥᠨᠳᠥᠷ ᠪᠠᠷᠢᠮᠵᠢᠶᠠᠲᠤ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠳᠦᠷᠢᠮ᠎ᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠪᠡᠷ ᠠᠶᠤᠯ ᠲᠦᠭᠰᠢᠭᠦᠷᠢ᠎ᠶᠢ ᠰᠡᠷᠭᠡᠢᠯᠡᠨ᠎ᠡ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭ᠍ᠰᠠᠨ᠂ ᠳᠡᠯᠡᠬᠡᠢᠵᠢᠭᠰᠡᠨ ᠲᠡᠷᠢᠭᠦᠨ ᠵᠡᠷᠭᠡ᠎ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠤᠢ ᠪᠣᠯᠭᠠᠵᠤ᠂ ᠤᠯᠤᠰ ᠠᠷᠠᠳ᠎ᠤᠨ ᠠᠵᠤ ᠠᠬᠤᠢ᠎ᠶᠢᠨ ᠠᠮᠢᠨ ᠰᠤᠳᠠᠰᠤ᠎ᠳᠤ ᠬᠣᠯᠪᠣᠭᠳᠠᠬᠤ ᠴᠢᠬᠤᠯᠠ ᠠᠵᠢᠯ ᠲᠦᠷᠦᠯ᠎ᠢ ᠬᠠᠮᠠᠭᠠᠯᠠᠬᠤ᠎ᠶᠢ ᠴᠢᠬᠤᠯᠠᠴᠢᠯᠠᠭᠰᠠᠨ ᠰᠠᠭᠤᠷᠢᠨ ᠳᠡᠭᠡᠷ᠎ᠡ ᠭᠠᠳᠠᠭᠠᠳᠤ ᠪᠡᠯᠡ᠎ᠶᠢ ᠣᠷᠣᠭᠤᠯᠤᠨ ᠠᠪᠴᠢᠷᠠᠨ᠎ᠠ᠃ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠤᠷᠢᠲᠠᠯ ᠳᠣᠣᠷ᠎ᠠ  ᠬᠥᠷᠥᠩᠭᠡ᠎ᠶᠢᠨ ᠲᠠᠩᠰᠠᠨ ᠡᠷᠦᠬᠡ᠎ᠶᠢᠨ ᠨᠡᠭᠡᠭᠡᠯᠲᠡ᠎ᠶᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠨᠥᠭᠥᠭᠡ ᠲᠠᠯ᠎ᠠ᠎ᠪᠠᠷ  《ᠭᠠᠳᠠᠭ᠍ᠰᠢ ᠭᠠᠷᠬᠤ》   ᠶᠠᠪᠤᠴᠠ᠎ᠳᠤ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠦᠨ᠎ᠡ᠃  《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠰᠠᠨᠠᠭᠠᠴᠢᠯᠠᠭ᠎ᠠ ᠪᠣᠯᠣᠨ  ᠡᠮᠦᠨᠡᠳᠡᠬᠢ᠎ᠲᠠᠢ᠎ᠪᠡᠨ ᠬᠠᠮᠲᠤᠷᠠᠯᠴᠠᠬᠤ᠂ 《ᠠᠯᠳᠠᠨ ᠲᠣᠭᠣᠰᠬ᠎ᠠ ᠤᠯᠤᠰ᠎ᠤᠳ᠎ᠤᠨ ᠬᠠᠮᠲᠤᠷᠠᠯᠴᠠᠭ᠎ᠠ》 ᠵᠢᠨ ᠬᠥᠭᠵᠢᠯᠲᠡ᠎ᠶᠢ ᠭᠦᠨᠵᠡᠭᠡᠢ ᠠᠬᠢᠭᠤᠯᠬᠤ᠎ᠶᠢ ᠳᠠᠭᠠᠯᠳᠤᠨ᠂ 《ᠳᠤᠮᠳᠠᠳᠤ ᠤᠯᠤᠰ᠎ᠤᠨ ᠦᠢᠯᠡᠳᠬᠡᠯ》 ᠪᠦᠬᠦ ᠪᠥᠮᠪᠥᠷᠴᠡᠭ᠎ᠦᠨ ᠵᠠᠬ᠎ᠠ ᠳᠡᠯᠭᠡᠭᠦᠷ᠎ᠲᠦ ᠠᠭᠤᠰᠤᠯᠴᠠᠬᠤ᠎ᠶᠢ ᠳᠠᠭᠠᠯᠳᠤᠨ᠂ ᠳᠤᠮᠳᠠᠳᠤ ᠤᠯᠤᠰ᠎ᠤᠨ ᠠᠵᠤ ᠠᠬᠤᠢᠯᠠᠯ ᠴᠤ᠌《ᠭᠠᠳᠠᠭ᠍ᠰᠢ ᠭᠠᠷᠬᠤ》ᠠᠯᠬᠤᠭ᠎ᠠ᠎ᠪᠠᠨ ᠲᠦᠷᠭᠡᠳᠬᠡᠵᠦ ᠪᠠᠢᠨ᠎ᠠ᠃ ᠡᠨᠡ ᠬᠦ᠌ ᠶᠠᠪᠤᠴᠠ᠎ᠳᠤ᠂ ᠦᠵᠦ ᠲᠥᠯᠥᠪᠯᠡᠭᠡ ᠪᠠ ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠎ᠶᠢ ᠴᠢᠩᠭᠠᠳᠬᠠᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠪᠠᠢᠭᠤᠯᠤᠯ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠳᠠᠭᠠᠳᠤ᠎ᠳᠠᠬᠢ ᠠᠰᠢᠭ᠋ ᠲᠤᠰᠠ᠎ᠶᠢᠨ ᠬᠠᠮᠠᠭᠠᠯᠠᠯᠲᠠ᠎ᠶᠢ ᠴᠢᠩᠭᠠᠳᠬᠠᠬᠤ ᠬᠡᠷᠡᠭᠲᠡᠢ᠃ ᠠᠵᠤ ᠠᠬᠤᠢᠯᠠᠯ᠎ᠤᠳ ᠭᠠᠳᠠᠭᠠᠳᠤ᠎ᠳᠤ ᠪᠡᠯᠡ ᠣᠷᠣᠭᠤᠯᠬᠤ ᠪᠣᠯᠣᠮᠵᠢᠲᠤ ᠴᠢᠨᠠᠷ᠎ᠢ ᠰᠤᠳᠤᠯᠤᠨ ᠮᠠᠭᠠᠳᠯᠠᠬᠤ᠎ᠶᠢ ᠴᠢᠬᠤᠯᠠᠴᠢᠯᠠᠵᠤ᠂ ᠭᠠᠳᠠᠭᠠᠳᠤ ᠭᠤᠪᠢᠭᠤᠯᠭ᠎ᠠ᠎ᠶᠢᠨ ᠠᠶᠤᠯ ᠲᠦᠭᠰᠢᠭᠦᠷᠢ᠂ ᠣᠷᠴᠢᠨ ᠠᠬᠤᠢ᠎ᠶᠢᠨ ᠬᠠᠮᠠᠭᠠᠯᠠᠯᠲᠠ᠎ᠶᠢᠨ ᠠᠶᠤᠯ ᠲᠦᠭᠰᠢᠭᠦᠷᠢ᠂ ᠭᠠᠢᠯᠢ᠎ᠶᠢᠨ ᠶᠠᠪᠤᠳᠠᠯ᠎ᠤᠨ ᠠᠶᠤᠯ ᠲᠦᠭᠰᠢᠭᠦᠷᠢ ᠵᠡᠷᠭᠡ᠎ᠶᠢ ᠪᠠᠭᠲᠠᠭᠠᠭᠰᠠᠨ ᠡᠯ᠎ᠡ ᠵᠦᠢᠯ᠎ᠦᠨ ᠠᠶᠤᠯ ᠲᠦᠭᠰᠢᠭᠦᠷᠢ᠎ᠶᠢᠨ ᠬᠦᠴᠦᠨ ᠵᠦᠢᠯ᠎ᠢ ᠶᠡᠷᠦᠩᠬᠡᠢᠯᠡᠨ ᠵᠠᠳᠠᠯᠵᠤ᠂ ᠭᠠᠳᠠᠭᠠᠳᠤ᠎ᠶᠢᠨ ᠵᠠᠬ᠎ᠠ ᠳᠡᠯᠭᠡᠭᠦᠷ᠎ᠢ ᠥᠷᠭᠡᠳᠬᠡᠬᠦ᠎ᠶᠢᠨ ᠬᠠᠮᠲᠤ ᠲᠤᠰ ᠪᠡᠶ᠎ᠡ᠎ᠶᠢᠨ ᠡᠷᠬᠡ ᠠᠰᠢᠭ᠋ ᠪᠠ ᠤᠯᠤᠰ᠎ᠤᠨ ᠠᠵᠤ ᠠᠬᠤᠢ᠎ᠶᠢᠨ ᠠᠮᠤᠷ ᠲᠦᠪᠰᠢᠨ᠎ᠢ ᠰᠠᠢᠲᠤᠷ ᠬᠠᠮᠠᠭᠠᠯᠠᠬᠤ ᠬᠡᠷᠡᠭᠲᠡᠢ᠃

ᠬᠠᠮᠲᠤ᠎ᠪᠠᠷ ᠡᠳ᠋ᠯᠡᠬᠦ ᠬᠥᠭᠵᠢᠯᠲᠡ ᠨᠢ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣᠨ᠎ᠤ ᠠᠰᠠᠭᠤᠳᠠᠯ᠎ᠢ ᠴᠢᠬᠤᠯᠠᠴᠢᠯᠠᠨ ᠰᠢᠢᠳᠪᠦᠷᠢᠯᠡᠪᠡ᠃ ᠭᠠᠭᠴᠠ ᠬᠦ᠌ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ᠎ᠪᠠᠷ ᠡᠳ᠋ᠯᠡᠭᠦᠯᠪᠡᠯ ᠰᠠᠶᠢ ᠨᠡᠢᠭᠡᠮ᠎ᠦᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠠᠵᠤ ᠠᠬᠤᠢ᠎ᠶᠢᠨ ᠬᠥᠭᠵᠢᠯᠲᠡ᠎ᠳᠦ ᠲᠣᠭᠲᠠᠭᠤᠨ᠂ ᠡᠶ᠎ᠡ ᠵᠣᠬᠢᠴᠠᠯ᠎ᠲᠠᠢ ᠨᠡᠢᠭᠡᠮ᠎ᠦᠨ ᠣᠷᠴᠢᠨ ᠨᠥᠬᠥᠴᠡᠯ᠎ᠢ ᠪᠤᠢ ᠪᠣᠯᠭᠠᠵᠤ ᠴᠢᠳᠠᠨ᠎ᠠ᠃ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠵᠦ᠂ ᠦᠨᠳᠦᠰᠦᠨ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠠᠳᠠᠯᠢ ᠲᠡᠭᠰᠢ ᠪᠣᠯᠭᠠᠬᠤ᠎ᠶᠢ ᠠᠬᠢᠭᠤᠯᠬᠤ ᠬᠡᠷᠡᠭᠲᠡᠢ᠃ ᠠᠵᠢᠯ ᠣᠯᠭᠣᠬᠤ᠂ ᠣᠷᠣᠯᠭ᠎ᠠ᠎ᠪᠠᠨ ᠨᠡᠮᠡᠭᠳᠡᠭᠦᠯᠬᠦ᠂ ᠰᠤᠷᠭᠠᠭᠤᠯᠢ᠎ᠳᠤ ᠣᠷᠣᠬᠤ᠂ ᠡᠪᠡᠳᠴᠢᠨ ᠦᠵᠡᠭᠦᠯᠬᠦ᠂ ᠣᠷᠣᠨ ᠰᠠᠭᠤᠴᠠ᠂ ᠨᠢᠯᠬᠠᠰ᠎ᠢ ᠠᠰᠠᠷᠠᠬᠤ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ ᠲᠦᠮᠡᠨ᠎ᠦ ᠪᠠᠴᠢᠮ ᠲᠤᠯᠭᠠᠮ ᠰᠠᠨᠠᠭᠠᠰᠢᠷᠠᠵᠤ ᠪᠠᠢᠭ᠎ᠠ ᠶᠠᠪᠤᠳᠠᠯ᠎ᠠᠴᠠ ᠭᠠᠷᠳᠠᠬᠤ᠎ᠶᠢ ᠴᠢᠬᠤᠯᠠᠴᠢᠯᠠᠵᠤ᠂ ᠠᠷᠠᠳ ᠤᠯᠠᠨ᠎ᠢ ᠨᠡᠩ ᠤᠯᠠᠨ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠲᠠᠢ ᠪᠣᠯᠭᠠᠨ᠎ᠠ᠃ ᠠᠵᠢᠯ ᠣᠯᠭᠣᠯᠲᠠ ᠪᠣᠯ ᠨᠡᠢᠭᠡᠮ᠎ᠦᠨ ᠲᠣᠭᠲᠠᠭᠤᠨ᠎ᠤ 《ᠰᠠᠭᠤᠷᠢ ᠴᠢᠯᠠᠭᠤ》 ᠮᠥᠨ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠪᠣᠯ ᠬᠥᠳᠡᠯᠮᠦᠷᠢᠴᠢᠳ᠎ᠦᠨ ᠬᠥᠳᠡᠯᠮᠦᠷᠢ᠎ᠶᠢᠨ ᠬᠥᠯᠥᠰᠦ ᠣᠯᠭᠣᠮᠵᠢ ᠣᠯᠬᠤ᠎ᠶᠢ ᠪᠠᠲᠤᠯᠠᠬᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠎ᠶᠢᠨ ᠴᠢᠬᠤᠯᠠ ᠰᠠᠭᠤᠷᠢ ᠮᠥᠨ᠃ ᠬᠥᠳᠡᠯᠮᠦᠷᠢᠴᠢᠳ᠎ᠦᠨ ᠪᠡᠶ᠎ᠡ᠎ᠪᠡᠨ ᠳᠠᠭᠠᠭᠠᠵᠤ ᠠᠵᠢᠯ ᠣᠯᠬᠤ᠂ ᠵᠠᠬ᠎ᠠ ᠳᠡᠯᠭᠡᠭᠦᠷ᠎ᠢᠶᠡᠷ ᠲᠣᠬᠢᠷᠠᠭᠤᠯᠤᠨ ᠠᠵᠢᠯ ᠣᠯᠭᠣᠬᠤ᠂ ᠵᠠᠰᠠᠭ᠎ᠤᠨ ᠣᠷᠳᠣᠨ᠎ᠠᠴᠠ ᠠᠵᠢᠯ ᠣᠯᠭᠣᠯᠲᠠ᠎ᠶᠢ ᠠᠬᠢᠭᠤᠯᠬᠤ ᠪᠠ ᠦᠢᠯᠡᠰ ᠪᠤᠰᠬᠠᠬᠤ᠎ᠶᠢ ᠵᠣᠷᠢᠭ᠍ᠵᠢᠭᠤᠯᠬᠤ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠪᠡᠷ ᠤᠳᠤᠷᠢᠳᠤᠮᠵᠢ ᠪᠣᠯᠭᠠᠵᠤ᠂ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠲᠦᠷᠦ᠎ᠶᠢᠨ ᠪᠣᠳᠣᠯᠭ᠎ᠠ᠎ᠶᠢ ᠴᠢᠩᠭᠠᠳᠬᠠᠬᠤ᠎ᠪᠠᠷ ᠭᠠᠷᠳᠠᠴᠠ ᠪᠣᠯᠭᠠᠵᠤ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠰᠢᠢᠳᠪᠦᠷᠢᠯᠡᠬᠦ᠎ᠪᠡᠷ ᠬᠦᠴᠦᠯᠡᠬᠦ ᠴᠡᠭ ᠪᠣᠯᠭᠠᠵᠤ᠂ ᠠᠵᠢᠯ ᠣᠯᠭᠣᠯᠲᠠ᠎ᠶᠢᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠪᠡᠷ ᠬᠥᠳᠡᠯᠭᠡᠭᠴᠢ ᠬᠦᠴᠦᠨ ᠪᠣᠯᠭᠠᠵᠤ ᠂ ᠠᠵᠢᠯ ᠣᠯᠭᠣᠯᠲᠠ᠎ᠶᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠵᠦᠢ ᠵᠣᠬᠢᠰᠲᠠᠢ ᠨᠡᠮᠡᠭᠳᠡᠯ᠎ᠢ ᠦᠷᠭᠦᠯᠵᠢᠯᠡᠨ ᠠᠬᠢᠭᠤᠯᠵᠤ᠂ ᠬᠥᠳᠡᠯᠮᠦᠷᠢᠴᠢᠳ᠎ᠦᠨ ᠠᠵᠢᠯ ᠲᠣᠭᠲᠠᠭᠤᠨ᠂ ᠣᠷᠣᠯᠭ᠎ᠠ ᠵᠦᠢ ᠵᠣᠬᠢᠰᠲᠠᠢ᠂ ᠪᠠᠲᠤᠯᠠᠭ᠎ᠠ ᠨᠠᠢᠳᠠᠪᠤᠷᠢᠲᠠᠢ᠂ ᠠᠵᠢᠯ ᠮᠡᠷᠭᠡᠵᠢᠯ᠎ᠦᠨ ᠠᠮᠤᠷ ᠲᠦᠪᠰᠢᠨ᠎ᠢ ᠪᠡᠶᠡᠯᠡᠭᠦᠯᠬᠦ᠎ᠶᠢ ᠠᠬᠢᠭᠤᠯᠬᠤ ᠬᠡᠷᠡᠭᠲᠡᠢ᠃

( ᠵᠣᠬᠢᠶᠠᠭ᠍ᠴᠢ᠎ᠶᠢᠨ ᠬᠠᠶᠢᠭ᠄ ᠰᠤᠷᠭᠠᠨ ᠬᠥᠮᠦᠵᠢᠯ᠎ᠦᠨ ᠶᠠᠮᠤᠨ᠎ᠤ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠳᠤᠯᠭᠠᠨ᠎ᠤ ᠲᠥᠪ᠎ᠦᠨ ᠣᠨᠴᠠ ᠤᠷᠢᠭ᠍ᠰᠠᠨ ᠰᠤᠳᠤᠯᠤᠭ᠍ᠴᠢ᠂ ᠦᠬᠠᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号