ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢᠶᠠᠷ ᠰᠣᠶᠣᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠦᠭ᠌ᠵᠢᠭᠡᠶ᠎ᠡ
2025-12-05 10:28:19
ᠵᠣᠬᠢᠶᠠᠭ᠍ᠴᠢ᠄
ᠴᠡᠯᠮᠡᠭ
ᠣᠩᠱᠢᠭ᠍ᠰᠠᠨ ᠣᠳᠠᠭ᠎ᠠ᠄
★★★☆☆

ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠣᠷᠪᠠᠳᠣᠭᠠᠷ ᠪᠥᠬᠦᠳᠡ ᠬᠤᠷᠠᠯ᠎ᠠᠴᠠ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠶ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠬᠢᠵᠦ᠂ 《ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠦᠷᠭᠡᠳᠭᠡᠨ ᠬᠥᠭ᠌ᠵᠢᠭᠦᠯᠦᠨ᠎ᠡ》 ᠭᠡᠵᠦ᠍ ᠳᠣᠷᠠᠳᠣᠨ ᠭᠠᠷᠭᠠᠵᠠᠢ᠃ ᠡᠨᠡ᠎ᠨᠢ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠭᠤᠣᠯ ᠬᠥᠳᠡᠯᠭᠡᠬᠦ᠌ ᠡᠨᠧᠷᠭᠢ ᠪᠣᠯᠬᠤ᠎ᠪᠠᠷ ᠪᠠᠷᠠᠬᠤ ᠦᠭᠡᠢ  ᠨᠡᠩ ᠴᠤ᠌ ᠨᠡᠢᠭᠡᠮ ᠵᠢᠷᠤᠮ᠎ᠤᠨ ᠰᠣᠶᠣᠯ᠎ᠤᠨ ᠴᠡᠴᠡᠭ᠌ᠯᠡᠯ ᠬᠥᠭ᠌ᠵᠢᠯ᠎ᠳᠤ ᠤᠷᠢᠳ ᠡᠮᠦᠨ᠎ᠡ ᠪᠠᠢᠭ᠎ᠠ ᠦᠭᠡᠢ ᠲᠡᠦᠬᠡ᠎ᠶ᠋ᠢᠨ ᠠᠵᠠ ᠲᠣᠬᠢᠶᠠᠯ᠎ᠢ ᠬᠠᠩᠭᠠᠵᠠᠢ᠃ ᠱᠢᠨ᠎ᠡ ᠴᠢᠨᠠᠷ ᠤ᠋ᠨ ᠦᠢᠯᠡᠳᠪᠦᠷᠢᠯᠡᠯ᠎ᠤᠨ ᠬᠦᠴᠦᠨ᠎ᠤ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠢ ᠡᠵᠡᠮᠱᠢᠵᠦ᠍᠂ ᠲᠡᠭᠦᠨ᠎ᠢ ᠰᠣᠶᠣᠯ᠎ᠤᠨ ᠪᠠᠢᠭᠤᠯᠤᠯᠲᠠ᠎ᠶ᠋ᠢᠨ ᠪᠦᠬᠦ᠌ ᠶᠠᠪᠤᠴᠠ᠎ᠳᠤ ᠭᠦᠨᠵᠡᠭᠡᠢ ᠠᠭᠤᠰᠤᠯᠴᠠᠭᠤᠯᠬᠤ ᠨᠢ ᠥᠪᠥᠷ ᠮᠣᠩᠭᠤᠯ᠎ᠤᠨ ᠤᠯᠠᠨ ᠡᠱᠢᠲᠦ ᠰᠣᠶᠣᠯ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃

ᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠬᠢᠭᠡᠳ ᠰᠣᠶᠣᠯ᠎ᠤᠨ ᠪᠠᠢᠭᠤᠯᠤᠯᠲᠠ᠎ᠶ᠋ᠢᠨ ᠳᠣᠲᠣᠭᠠᠳᠤ ᠯᠣᠭᠢᠭ᠎ᠢ ᠭᠦᠨᠵᠡᠭᠡᠢ ᠡᠵᠡᠮᠱᠢᠬᠦ᠌ ᠬᠡᠷᠡᠭ᠌ᠲᠡᠢ

ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠤᠳᠤᠷᠢᠳᠤᠮᠵᠢ ᠪᠣᠯᠭᠠᠵᠤ᠂ ᠳᠡᠭᠡᠳᠦ ᠱᠢᠨᠵᠢᠯᠡᠬᠦ᠌ ᠤᠬᠠᠭᠠᠨ ᠮᠡᠷᠭᠡᠵᠢᠯ᠂ ᠥᠨᠳᠥᠷ ᠪᠦᠲᠦᠮᠵᠢᠲᠡᠢ᠂ ᠴᠢᠨᠠᠷ ᠰᠠᠢᠲᠠᠢ ᠣᠨᠴᠠᠯᠢᠭ᠎ᠲᠠᠢ ᠪᠠᠢᠵᠣ᠂ ᠨᠢᠭᠡ ᠤᠳᠠᠭ᠎ᠠ ᠵᠢᠨ ᠦᠢᠯᠡᠳᠪᠦᠷᠢᠯᠡᠯ᠎ᠤᠨ ᠬᠦᠴᠦᠨ᠎ᠤ ᠭᠦᠨᠵᠡᠭᠡᠢ ᠦᠰᠦᠷᠦᠯᠲᠡ᠎ᠶ᠋ᠢ ᠲᠥᠯᠥᠭᠡᠯᠡᠵᠦ᠍ ᠪᠠᠢᠨ᠎ᠠ᠃ ᠲᠡᠭᠦᠨ᠎ᠤ ᠨᠥᠯᠥᠭᠡ᠎ᠨᠢ ᠶᠠᠭᠠᠬᠢᠭ᠍ᠰᠠᠨ ᠴᠤ᠌ ᠠᠵᠤ ᠠᠬᠤᠢ᠎ᠶ᠋ᠢᠨ ᠬᠦᠷᠢᠶᠡᠨ᠎ᠳᠤ ᠬᠢᠵᠠᠭᠠᠷᠯᠠᠭ᠍ᠳᠠᠵᠤ ᠪᠣᠯᠬᠤ ᠦᠭᠡᠢ᠂ ᠵᠠᠢᠯᠠᠰᠢ ᠦᠭᠡᠢ ᠳᠡᠭᠡᠳᠦ ᠳᠠᠪᠬᠤᠷᠭ᠎ᠠ ᠢᠯᠠᠩᠭᠤᠶ᠎ᠠ ᠰᠣᠶᠣᠯ᠎ᠤᠨ ᠳᠠᠪᠬᠤᠷᠭ᠎ᠠ᠎ᠳᠤ ᠭᠦᠨᠵᠡᠭᠡᠢ ᠨᠡᠪᠴᠢᠬᠦ᠌ ᠶᠤᠮ᠃ ᠰᠣᠶᠣᠯ ᠪᠣᠯᠤᠨ ᠦᠢᠯᠡᠳᠪᠦᠷᠢᠯᠡᠯ᠎ᠤᠨ ᠬᠦᠴᠦᠨ᠎ᠤ ᠬᠠᠷᠢᠴᠠᠭ᠎ᠠ ᠪᠣᠯ ᠶᠡᠷᠦ᠍᠎ᠠᠴᠠ ᠬᠠᠷᠢᠯᠴᠠᠨ ᠨᠥᠬᠦᠴᠡᠯᠳᠦᠵᠦ᠍᠂ ᠬᠠᠷᠢᠯᠴᠠᠨ ᠠᠬᠢᠭᠤᠯᠳᠠᠭ᠃ ᠨᠢᠭᠡ ᠲᠠᠯ᠎ᠠ᠎ᠪᠠᠷ ᠱᠢᠨ᠎ᠡ ᠴᠢᠨᠠᠷ ᠤ᠋ᠨ ᠦᠢᠯᠡᠳᠪᠦᠷᠢᠯᠡᠯ᠎ᠤᠨ ᠬᠦᠴᠦᠨ᠎ᠨᠢ ᠰᠣᠶᠣᠯ᠎ᠤᠨ ᠬᠥᠭ᠌ᠵᠢᠯᠲᠡ᠎ᠳᠤ ᠱᠢᠨ᠎ᠡ ᠬᠥᠳᠡᠯᠭᠡᠬᠦ᠌ ᠡᠨᠧᠷᠭᠢ᠎ᠨᠡᠮᠡᠷᠢᠯᠡᠳᠡᠭ᠃ ᠲᠡᠦᠬᠡ᠎ᠶ᠋ᠢᠨ ᠲᠠᠯ᠎ᠠ᠎ᠠᠴᠠ ᠦᠵᠡᠪᠡᠯ᠂ ᠤᠳᠠᠭ᠎ᠠ ᠪᠦᠷᠢ᠎ᠶ᠋ᠢᠨ ᠦᠢᠯᠡᠳᠪᠦᠷᠢᠯᠡᠯ᠎ᠤᠨ ᠬᠦᠴᠦᠨ᠎ᠤ ᠴᠢᠨᠠᠷ᠎ᠤᠨ ᠦᠰᠦᠷᠦᠯᠲᠡ᠎ᠨᠢ ᠴᠥᠮ ᠰᠣᠶᠣᠯ᠎ᠤᠨ ᠦᠢᠯᠡᠳᠪᠦᠷᠢᠯᠡᠯ᠂ ᠳᠠᠮᠵᠢᠭᠤᠯᠭ᠎ᠠ ᠪᠠ ᠬᠡᠷᠡᠭ᠌ᠯᠡᠭᠡᠨ᠎ᠤ ᠠᠷᠭ᠎ᠠ ᠮᠠᠶᠢᠭ᠎ᠤᠨ ᠬᠤᠪᠢᠰᠤᠯᠲᠠ᠎ᠶ᠋ᠢ ᠠᠪᠴᠢᠷᠠᠳᠠᠭ᠃ ᠥᠨᠥᠳᠦᠷ ᠵᠣᠬᠢᠶᠠᠮᠠᠯ ᠤᠶᠤᠨ ᠴᠢᠳᠠᠪᠤᠷᠢ᠂ ᠲᠤᠮᠤ ᠳ᠋ᠠᠢᠲ᠋ᠠ᠂ ᠬᠡᠢᠰᠪᠦᠷᠢ ᠠᠬᠤᠢ ᠵᠡᠷᠭᠡ᠎ᠪᠠᠷ ᠲᠥᠯᠥᠭᠡᠯᠡᠭᠦᠯᠦᠭ᠌ᠰᠡᠨ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠭᠤᠣᠯ ᠬᠦᠴᠦᠨ ᠵᠦᠢᠯ᠎ᠨᠢ ᠶᠠᠭ ᠰᠣᠶᠣᠯ᠎ᠤᠨ ᠡᠵᠡᠩᠨᠡᠯᠲᠡ᠎ᠶ᠋ᠢᠨ ᠬᠡᠯᠪᠡᠷᠢ᠎ᠶ᠋ᠢ ᠲᠠᠬᠢᠨ ᠱᠤᠭᠤᠵᠤ ᠪᠤᠢ᠃ ᠲᠡᠷᠡ᠎ᠨᠢ ᠰᠣᠶᠣᠯ᠎ᠤᠨ ᠥᠪ᠎ᠤᠨ ᠲᠤᠭᠠᠴᠢᠯᠠᠭ᠍ᠰᠠᠨ ᠬᠠᠮᠠᠭᠠᠯᠠᠯᠲᠠ ᠪᠣᠯᠤᠨ 《ᠮᠥᠩᠬᠡ᠎ᠶ᠋ᠢᠨ ᠠᠮᠢᠳᠤᠷᠠᠯ》᠎ᠢ ᠪᠣᠯᠤᠯᠴᠠᠭ᠎ᠠ᠎ᠲᠠᠢ ᠪᠣᠯᠭᠠᠵᠤ᠂ ᠰᠣᠶᠣᠯ᠎ᠤᠨ ᠪᠦᠲᠦᠭᠡᠯᠴᠢ ᠰᠡᠳᠭᠢᠮᠵᠢ᠎ᠶ᠋ᠢᠨ ᠪᠦᠷᠢᠯᠳᠦᠯ ᠪᠣᠯᠤᠨ ᠢᠯᠡᠷᠡᠭᠦᠯᠦᠯᠲᠡ᠎ᠶ᠋ᠢ ᠨᠡᠩ ᠤᠯᠠᠨ ᠡᠱᠢᠵᠢᠭᠦᠯᠵᠤ᠂ ᠰᠣᠶᠣᠯ᠎ᠤᠨ ᠪᠦᠲᠦᠭᠡᠭ᠌ᠳᠡᠬᠦᠨ᠎ᠤ ᠤᠯᠠᠮᠵᠢᠯᠠᠭ᠍ᠳᠠᠯ ᠪᠣᠯᠤᠨ ᠣᠢᠯᠠᠭᠠᠯᠲᠠ᠎ᠶ᠋ᠢ ᠤᠷᠢᠳ ᠡᠮᠦᠨ᠎ᠡ ᠪᠠᠢᠭ᠎ᠠ ᠦᠭᠡᠢ ᠥᠷᠭᠡᠨ ᠳᠡᠯᠭᠡᠷ ᠪᠥᠭᠡᠳ ᠨᠠᠷᠢᠨ ᠣᠨᠣᠪᠴᠢᠲᠠᠢ ᠪᠣᠯᠭᠠᠨ᠎ᠠ᠃ ᠡᠨᠡ᠎ᠨᠢ ᠤᠯᠠᠮᠵᠢᠯᠠᠯᠲᠤ ᠰᠣᠶᠣᠯ᠎ᠤᠨ 《ᠦᠢᠯᠡᠳᠭᠡᠯ᠎ᠤᠨ ᠬᠡᠯᠪᠡᠷᠢ》᠎ᠶ᠋ᠢᠨ ᠦᠢᠯᠡᠳᠪᠦᠷᠢᠯᠡᠯ᠎ᠤᠨ ᠵᠠᠭ᠍ᠪᠤᠷ᠎ᠢ ᠲᠦᠢᠯᠪᠤᠷᠢᠲᠠᠢ ᠬᠤᠪᠢᠷᠠᠭᠤᠯᠵᠤ᠂ ᠲᠤᠭᠠᠴᠢᠯᠠᠭ᠍ᠰᠠᠨ ᠰᠣᠶᠣᠯ᠎ᠤᠨ ᠦᠵᠡᠰᠭᠦᠯᠡᠩ᠂ ᠰᠦᠯᠵᠢᠶᠡᠨ᠎ᠤ ᠤᠳᠭ᠎ᠠ ᠵᠣᠬᠢᠶᠠᠯ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠠᠬᠢ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠤᠢ ᠪᠣᠯᠭᠠᠵᠤ᠂ ᠰᠣᠶᠣᠯ᠎ᠤᠨ ᠱᠢᠨ᠎ᠡ᠎ᠶ᠋ᠢ ᠡᠭᠦᠳᠬᠦ᠌᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠵᠢᠭᠦᠷ ᠤᠷᠭᠤᠭᠤᠯᠣᠨ᠎ᠠ᠃ ᠨᠦᠬᠦᠬᠡ ᠲᠠᠯ᠎ᠠ᠎ᠪᠠᠷ ᠰᠣᠶᠣᠯ᠎ᠨᠢ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠎ᠳᠤ ᠵᠥᠭᠡᠯᠡᠨ ᠲᠤᠯᠭᠠᠭᠤᠷᠢᠯᠠᠯ ᠬᠠᠩᠭᠠᠳᠠᠭ᠃ ᠡᠯᠪᠡᠭ ᠪᠠᠶᠠᠯᠢᠭ ᠰᠣᠶᠣᠯ᠎ᠤᠨ ᠠᠭᠤᠯᠬᠤᠨ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠠᠭᠤᠯᠭ᠎ᠠ ᠪᠦᠲᠦᠭᠡᠬᠦ᠌ ᠪᠠ ᠦᠨ᠎ᠡ ᠦᠷᠳᠡᠭ᠎ᠢᠶᠠᠨ ᠳᠡᠭᠡᠭ᠌ᠰᠢᠯᠡᠭᠦᠯᠬᠦ᠌ 《ᠪᠠᠶᠠᠯᠢᠭ ᠠᠭᠤᠷᠬᠠᠢ》ᠪᠣᠯᠤᠨ᠎ᠠ᠃ ᠥᠪᠡᠷᠮᠢᠴᠡ ᠣᠨᠴᠠᠯᠢᠭ᠎ᠲᠠᠢ ᠰᠣᠶᠣᠯ᠎ᠤᠨ ᠲᠡᠮᠳᠡᠭ᠂ ᠭᠤᠸ᠎ᠠ ᠵᠦᠶ᠎ᠶ᠋ᠢᠨ ᠦᠨ᠎ᠡ ᠥᠷᠲᠡᠭ᠎ᠢ ᠦᠢᠯᠡᠳᠭᠦᠨ᠎ᠤ ᠵᠢᠷᠤᠭ ᠲᠥᠯᠥᠪᠯᠡᠭᠡ ᠪᠠ ᠨᠠᠷᠠᠲᠤ ᠲᠥᠷᠥᠯ ᠲᠡᠮᠳᠡᠭ᠌ᠲᠦ᠍᠎ᠳᠤ ᠠᠭᠤᠰᠭᠠᠨ ᠱᠤᠭᠤᠪᠠᠯ᠂ ᠠᠵᠤ ᠦᠢᠯᠡᠰ᠎ᠤᠨ ᠰᠣᠶᠣᠯ᠎ᠤᠨ ᠨᠡᠮᠡᠯᠲᠡ ᠥᠷᠲᠡᠭ ᠪᠠ ᠵᠠᠬ᠎ᠠ ᠳᠡᠯᠭᠡᠭᠦᠷ᠎ᠤᠨ ᠥᠷᠢᠰᠦᠯᠳᠦᠬᠦ᠌ ᠬᠦᠴᠦᠨ᠎ᠢ ᠲᠦᠢᠯ᠎ᠤᠨ ᠶᠡᠭᠡ᠎ᠪᠠᠷ ᠳᠡᠭᠡᠭ᠌ᠰᠢᠯᠡᠭᠦᠯᠵᠦ᠍᠂ 《ᠰᠣᠶᠣᠯ᠎ᠳᠤ ᠡᠨᠧᠷᠭᠢ ᠣᠯᠭᠤᠬᠤ ᠠᠵᠤ ᠦᠢᠯᠡᠰ》᠎ᠢ ᠪᠡᠶᠡᠯᠡᠭᠦᠯᠵᠦ᠍ ᠴᠢᠳᠠᠨ᠎ᠠ᠃ ᠡᠢᠮᠦ᠍᠎ᠠᠴᠠ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠪᠣᠯᠤᠨ ᠰᠣᠶᠣᠯ᠎ᠤᠨ ᠠᠭᠤᠰᠤᠯᠴᠠᠯ᠎ᠨᠢ ᠳᠥᠭᠦᠮᠬᠡᠨ 《ᠹᠢᠽᠢᠺ᠎ᠤᠨ ᠳᠠᠪᠬᠤᠴᠠᠯ》 ᠪᠢᠰᠢ᠂ ᠬᠠᠷᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠂ ᠱᠢᠨ᠎ᠡ ᠵᠠᠭ᠍ᠪᠤᠷ᠂ ᠱᠢᠨ᠎ᠡ ᠦᠷᠳᠡᠭ᠎ᠢ  ᠪᠤᠢ ᠪᠣᠯᠭᠠᠭ᠍ᠰᠠᠨ 《ᠬᠢᠮᠢ᠎ᠶ᠋ᠢᠨ ᠤᠷᠪᠠᠯ》 ᠮᠥᠨ᠂ 《ᠨᠤᠮᠢᠨ ᠤᠰᠤ ᠬᠥᠬᠡᠮᠳᠦᠭ ᠠᠭᠤᠯᠠ》᠎ᠶ᠋ᠢ 《ᠠᠯᠳᠠᠠ ᠠᠭᠤᠯᠠ ᠮᠥᠩᠭᠦᠨ ᠬᠠᠢᠷᠬᠠᠨ》 ᠪᠣᠯᠭᠠᠵᠤ ᠬᠤᠪᠢᠷᠠᠭᠤᠯᠤᠭ᠍ᠰᠠᠨ ᠲᠣᠭᠠᠴᠢᠯᠠᠭ᠍ᠰᠠᠨ ᠴᠠᠭ ᠦᠶ᠎ᠡ᠎ᠶ᠋ᠢᠨ ᠠᠮᠢᠳᠤᠯᠢᠭ ᠦᠢᠯᠡᠳᠦᠯᠭᠡ ᠪᠠᠢᠵᠤ᠂ ᠮᠥᠨ ᠴᠦ᠍ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ᠎ᠶ᠋ᠢᠨ ᠰᠣᠶᠣᠯ᠎ᠤᠨ ᠰᠠᠭᠤᠷᠢ᠎ᠶ᠋ᠢ ᠪᠠᠬᠢᠵᠢᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠤᠯᠣᠨ᠎ᠠ᠃

ᠭᠤᠤᠯᠳᠠᠯᠭ᠎ᠠ᠎ᠲᠠᠢ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠬᠢᠭᠡᠳ ᠰᠣᠶᠣᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠬᠡᠷᠡᠭ᠌ᠲᠡᠢ

ᠥᠪᠥᠷ ᠮᠣᠩᠭᠤᠯ᠎ᠤᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠰᠠᠭᠤᠷᠢ ᠨᠥᠬᠦᠴᠡᠯ᠎ᠳᠤ ᠰᠠᠭᠤᠷᠢᠯᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠪᠣᠯᠤᠨ ᠰᠣᠶᠣᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠳᠣᠣᠷᠠᠬᠢ ᠬᠡᠳᠦᠨ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠪᠲᠤᠯᠤᠯᠲᠠ᠎ᠶ᠋ᠢ ᠡᠷᠢᠯᠬᠢᠯᠡᠬᠦ᠌ ᠬᠡᠷᠡᠭ᠌ᠲᠡᠢ᠃

ᠨᠢᠭᠡ᠎ᠳ᠋ᠦ᠂ ᠲᠣᠭᠠᠴᠢᠯᠠᠭ᠍ᠰᠠᠨ ᠮᠡᠷᠭᠡᠵᠢᠯ᠎ᠢᠶᠠᠷ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠰᠠᠭᠤᠷᠢ᠎ᠶ᠋ᠢ ᠪᠠᠬᠢᠵᠢᠭᠦᠯᠬᠦ᠌ ᠬᠡᠷᠡᠭ᠌ᠲᠡᠢ᠃ ᠥᠪᠥᠷ ᠮᠣᠩᠭᠤᠯ᠎ᠤᠨ ᠲᠡᠦᠬᠡ᠎ᠶ᠋ᠢᠨ ᠠᠭᠤᠯᠤᠭ᠍ᠳᠠᠬᠤᠨ ᠭᠦᠨ ᠵᠤᠵᠠᠭᠠᠨ᠂ ᠰᠣᠶᠣᠯ᠎ᠤᠨ ᠥᠪ ᠥᠨᠢᠷ ᠪᠠᠶᠠᠯᠢᠭ ᠪᠠᠢᠵᠤ᠂ ᠬᠤᠩᠱᠠᠨ᠎ᠤ ᠬᠠᠰ ᠯᠣᠣ᠎ᠠᠴᠠ ᠯᠢᠶᠣᠤ ᠤᠯᠤᠰ᠂ ᠠᠯᠲᠠᠨ ᠤᠯᠤᠰ᠎ᠤᠨ ᠡᠷᠲᠡᠨ᠎ᠤ ᠪᠠᠭᠤᠷᠢ ᠬᠦᠷᠲᠡᠯ᠎ᠡ᠂ ᠲᠠᠯ᠎ᠠ ᠨᠤᠲᠤᠭ᠎ᠤᠨ ᠬᠠᠳᠠᠨ ᠵᠢᠷᠤᠭ᠎ᠠᠴᠠ ᠪᠣᠳᠠᠰ᠎ᠤᠨ ᠪᠤᠰᠤ ᠰᠣᠶᠣᠯ᠎ᠤᠨ ᠥᠪ ᠬᠦᠷᠲᠡᠯ᠎ᠡ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠡᠭᠦᠷᠭᠡ ᠬᠠᠲᠠᠭᠤ ᠪᠡᠷᠬᠡ ᠪᠥᠭᠡᠳ ᠲᠤᠯᠭᠠᠮ ᠪᠠᠢᠨ᠎ᠠ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠡᠭᠦᠨ᠎ᠳᠤ ᠴᠣ ᠱᠢᠨ᠎ᠡ ᠲᠥᠰᠦᠯ᠎ᠢ ᠬᠠᠩᠭᠠᠨ ᠦᠭ᠌ᠴᠦ ᠴᠢᠳᠠᠨ᠎ᠠ᠃ ᠪᠢᠳᠡ 《ᠲᠣᠭᠠᠴᠢᠯᠠᠭ᠍ᠰᠠᠨ ᠰᠣᠶᠣᠯ᠎ᠤᠨ ᠥᠪ》 ᠎ᠤᠨ ᠲᠥᠯᠥᠪᠯᠡᠭᠡ᠎ᠶ᠋ᠢ ᠱᠢᠰᠲ᠋ᠧᠮ᠎ᠲᠠᠢ ᠬᠡᠷᠡᠭ᠌ᠵᠢᠭᠦᠯᠵᠦ᠍᠂ ᠥᠨᠳᠥᠷ ᠨᠠᠷᠢᠯᠢᠭ ᠭᠤᠷᠪᠠᠨ ᠬᠡᠮᠵᠢᠯᠳᠦ ᠵᠠᠭ᠍ᠪᠤᠷ᠂ ᠤᠯᠠᠨ ᠬᠡᠷᠡᠯᠯᠢᠭ ᠵᠢᠭ᠍ᠰᠠᠯ᠎ᠤᠨ ᠱᠢᠷᠪᠢᠯᠲᠡ ᠵᠡᠷᠭᠡ ᠮᠡᠷᠭᠡᠵᠢᠯ᠎ᠢ ᠠᠱᠢᠭ᠍ᠯᠠᠵᠤ᠂ ᠭᠤᠣᠯᠳᠠᠯᠭ᠎ᠠ᠎ᠲᠠᠢ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠪᠠᠭᠤᠷᠢ᠂ ᠡᠷᠲᠡᠨ᠎ᠤ ᠨᠣᠮ ᠰᠣᠳᠣᠷ᠎ᠢ ᠲᠣᠭᠠᠴᠢᠯᠠᠭ᠍ᠰᠠᠨ ᠳᠠᠩᠰᠠ ᠡᠪᠬᠡᠮᠡᠯ᠎ᠳᠤ ᠣᠷᠣᠭᠤᠯᠵᠤ᠂ ᠪᠦᠬᠦ᠌ ᠣᠷᠣᠨ᠎ᠤ ᠨᠢᠭᠡ ᠴᠤᠭ᠍ᠴᠠᠵᠢᠭ᠍ᠰᠠᠨ ᠰᠣᠶᠣᠯ᠎ᠤᠨ ᠥᠪ᠎ᠤᠨ ᠲᠤᠮᠤ ᠳ᠋ᠠᠢᠲ᠋ᠠ᠎ᠶ᠋ᠢᠨ ᠲᠠᠪᠴᠠᠩ ᠪᠠᠢᠭᠤᠯᠬᠤ ᠬᠡᠷᠡᠭ᠌ᠲᠡᠢ᠃ ᠮᠣᠷᠢᠨ ᠬᠤᠭᠤᠷ᠂ ᠨᠠᠭᠠᠳᠤᠮ᠎ᠤᠨ ᠬᠤᠷᠠᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠢ 5G+4 K/8 K ᠎ᠶ᠋ᠢᠨ ᠬᠡᠲᠦ ᠥᠨᠳᠥᠷ ᠲᠤᠳᠤᠴᠠᠳᠤ ᠱᠢᠭᠤᠳ ᠨᠡᠪᠲᠡᠷᠡᠭᠦᠯᠭᠡ ᠂ VR/AR ᠪᠡᠶᠡᠴᠢᠯᠡᠨ ᠣᠢᠯᠠᠭᠠᠬᠤ ᠵᠡᠷᠭᠡ ᠠᠷᠭ᠎ᠠ ᠬᠡᠯᠪᠡᠷᠢ᠎ᠪᠠᠷ ᠭᠤᠤᠯ ᠪᠣᠯᠬᠤ ᠶᠠᠪᠤᠴᠠ ᠪᠠ ᠰᠣᠶᠣᠯ᠎ᠤᠨ ᠦᠵᠡᠭ᠌ᠳᠡᠯ᠎ᠢ ᠲᠡᠮᠳᠡᠭ᠌ᠯᠡᠨ ᠳᠠᠬᠢᠨ ᠢᠯᠡᠷᠡᠭᠦᠯᠵᠦ᠍᠂ ᠴᠠᠭ ᠵᠠᠶ᠎ᠶ᠋ᠢᠨ ᠬᠢᠵᠠᠭᠠᠷᠯᠠᠯ᠎ᠢ ᠡᠪᠳᠡᠵᠦ᠍᠂ ᠮᠦᠽᠧᠶ᠎ᠳᠤ ᠬᠠᠳᠠᠭᠠᠯᠠᠭ᠍ᠳᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠢᠯ᠂ ᠥᠷᠭᠡᠨ ᠠᠭᠤᠳᠠᠮ ᠡᠬᠡ ᠭᠠᠵᠠᠷ ᠳᠡᠭᠡᠷ᠎ᠡ ᠳᠡᠯᠭᠡᠨ ᠦᠵᠡᠭᠦᠯᠵᠦ᠍ ᠪᠠᠢᠭ᠎ᠠ ᠥᠪ ᠬᠥᠷᠥᠩᠭᠡ᠂ ᠡᠷᠲᠡᠨ᠎ᠤ ᠨᠣᠮ ᠪᠢᠴᠢᠭ᠎ᠲᠤ ᠪᠢᠴᠢᠭ᠌ᠳᠡᠵᠦ᠍ ᠪᠠᠢᠭ᠎ᠠ ᠥᠰᠥᠭ ᠪᠢᠴᠢᠭ᠎ᠢ ᠴᠥᠮ 《ᠠᠮᠢᠳᠤᠯᠢᠭ》 ᠪᠣᠯᠭᠠᠵᠤ᠂ ᠡᠷᠳᠡᠮ ᠱᠢᠨᠵᠢᠯᠡᠭᠡᠨ᠎ᠤ ᠰᠤᠳᠤᠯᠭᠠᠨ᠂ ᠣᠯᠠᠨ ᠨᠡᠢᠲᠡ᠎ᠶ᠋ᠢᠨ ᠰᠤᠷᠭᠠᠨ ᠬᠥᠮᠦᠵᠢᠯ ᠪᠠ ᠪᠦᠲᠦᠭᠡᠯᠴᠢ ᠨᠡᠭᠡᠭᠡᠨ ᠬᠥᠭ᠌ᠵᠢᠭᠦᠯᠦᠯᠲᠡ᠎ᠳᠤ ᠥᠨᠢᠳᠡ ᠦᠷᠭᠦᠯᠵᠢᠯᠡᠬᠦ᠌ ᠲᠣᠭᠠᠴᠢᠯᠠᠭᠰᠠᠨ ᠡᠬᠢ ᠪᠠᠶᠠᠯᠢᠭ᠎ᠢ ᠬᠠᠩᠭᠠᠬᠣ ᠬᠡᠷᠡᠭᠳᠡᠢ᠃

ᠬᠤᠶᠠᠷ᠎ᠲᠤ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠵᠤ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠵᠦ᠍᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠱᠢᠨ᠎ᠡ ᠬᠥᠳᠡᠯᠭᠡᠭᠦᠷ᠎ᠢ ᠪᠤᠢ ᠪᠤᠯᠭᠠᠬᠤ ᠬᠡᠷᠡᠭ᠌ᠲᠡᠢ᠃ ᠵᠢᠭᠤᠯᠴᠢᠯᠠᠯ᠎ᠤᠨ ᠦᠢᠯᠡᠰ ᠪᠣᠯ ᠥᠪᠥᠷ ᠮᠣᠩᠭᠤᠯ᠎ᠤᠨ ᠲᠤᠯᠭᠠᠭᠤᠷᠢ ᠠᠵᠤ ᠦᠢᠯᠡᠰ᠎ᠤᠨ ᠨᠢᠭᠡ ᠪᠣᠯᠤᠨ᠎ᠠ᠃ ᠵᠢᠭᠣᠯᠴᠢᠯᠠᠭᠰᠠᠳ᠎ᠤᠨ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠥᠪᠡᠷᠮᠢᠴᠡ᠂ ᠪᠡᠶᠡᠴᠢᠯᠡᠨ ᠣᠢᠯᠠᠭᠠᠬᠤ ᠬᠡᠷᠡᠭ᠌ᠴᠡᠭᠡ᠎ᠶ᠋ᠢᠨ ᠡᠮᠦᠨ᠎ᠡ ᠡᠷᠬᠡᠪᠰᠢ ᠱᠢᠨ᠎ᠡ ᠴᠢᠨᠠᠷ ᠤ᠋ᠨ ᠦᠢᠯᠡᠳᠪᠦᠷᠢᠯᠡᠯ᠎ᠤᠨ ᠬᠦᠴᠦᠨ᠎ᠢᠶᠠᠷ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠡᠯᠬᠢᠶ᠎ᠡ᠎ᠶ᠋ᠢ ᠲᠠᠬᠢᠨ ᠱᠤᠭᠤᠬᠤ ᠬᠡᠷᠡᠭ᠌ᠲᠡᠢ᠃ ᠶᠠᠭᠤᠨ᠎ᠤ ᠡᠮᠦᠨ᠎ᠡ 《ᠤᠶᠤᠨᠯᠢᠭ ᠰᠣᠶᠣᠯ ᠵᠢᠭᠤᠯᠴᠢᠯᠠᠯ》 ᠎ᠢ ᠬᠦᠭ᠌ᠵᠢᠬᠦᠯᠬᠦ᠌ ᠬᠡᠷᠡᠭ᠌ᠲᠡᠢ᠃ ᠪᠥᠬᠦ᠌ ᠣᠷᠣᠨ᠎ᠤ ᠨᠢᠭᠡᠳᠦᠯᠲᠡᠶ ᠤᠶᠤᠨᠴᠢ ᠰᠣᠶᠣᠯ ᠵᠢᠭᠤᠯᠴᠢᠯᠠᠯ᠎ᠤᠨ ᠡᠭᠦᠯᠡᠨ ᠲᠠᠪᠴᠠᠩ᠎ᠪᠠᠢᠭᠤᠯᠵᠤ᠂ ᠲᠣᠮᠣ ᠳ᠋ᠠᠢᠲ᠋ᠠ᠎ᠶ᠋ᠢ ᠠᠱᠢᠭ᠍ᠯᠠᠨ ᠵᠢᠭᠣᠯᠴᠢᠯᠠᠭ᠍ᠰᠡᠳ᠎ᠤᠨ ᠪᠦᠷᠢᠯᠳᠦᠯ ᠪᠦᠲᠦᠴᠡ ᠪᠠ ᠬᠡᠷᠡᠭ᠌ᠯᠡᠭᠡ᠎ᠶ᠋ᠢᠨ ᠳᠤᠷᠠᠱᠢᠯ᠎ᠳᠤ ᠵᠠᠳᠠᠯᠤᠯᠲᠠ ᠬᠢᠵᠦ᠍᠂ ᠣᠨᠣᠪᠴᠢᠲᠠᠶ᠎ᠪᠠᠷ ᠡᠵᠡᠩᠨᠡᠨ ᠪᠣᠷᠣᠯᠠᠭᠤᠯᠬᠤ ᠪᠠ ᠵᠢᠭᠣᠯᠴᠢᠯᠠᠭ᠍ᠰᠠᠳ᠎ᠢ ᠣᠶᠤᠨᠴᠢ᠎ᠪᠠᠷ ᠬᠥᠲᠥᠯᠦᠨ ᠵᠢᠯᠣᠭᠤᠳᠭᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠳᠠᠷᠠᠭ᠎ᠠ᠎ᠨᠢ 《ᠰᠣᠶᠣᠯ ᠵᠢᠭᠤᠯᠴᠢᠯᠠᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ》᠎ᠢ ᠪᠤᠢᠵᠢᠭᠤᠯᠬᠤ ᠬᠡᠷᠡᠭ᠌ᠲᠡᠢ᠃ ᠲᠤᠭᠠᠴᠢᠯᠠᠭ᠍ᠰᠠᠨ ᠤᠷᠠᠯᠢᠭ᠂ ᠰᠦᠯᠵᠢᠶᠡᠨ ᠳᠡᠭᠡᠷ᠎ᠡ ᠲᠣᠭ᠍ᠯᠠᠨ ᠨᠡᠪᠲᠡᠷᠡᠭᠦᠯᠬᠦ᠂ ᠲᠤᠭᠠᠴᠢᠯᠠᠭ᠍ᠰᠠᠨ ᠰᠣᠶᠣᠯ᠎ᠤᠨ ᠱᠢᠨ᠎ᠡ᠎ᠶ᠋ᠢ ᠡᠭᠦᠳᠬᠦ᠌ ᠵᠡᠷᠭᠡ ᠠᠵᠤ ᠦᠢᠯᠡᠰ᠎ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ ᠲᠠᠯ᠎ᠠ ᠨᠤᠲᠤᠭ᠎ᠤᠨ ᠰᠣᠶᠣᠯ᠎ᠤᠨ IP ᠎ᠳᠤ ᠰᠠᠭᠤᠷᠢᠯᠠᠭ᠍ᠰᠠᠨ ᠰᠦᠯᠵᠢᠶᠡᠨ᠎ᠤ ᠵᠢᠭᠤᠯᠴᠢᠯᠠᠯ᠂ ᠺᠠᠷᠲ᠋ᠣᠨ ᠵᠢᠷᠤᠭ᠂ ᠲᠠᠭᠠᠮᠠᠭ ᠬᠠᠢᠷᠴᠠᠭ ᠵᠡᠷᠭᠡ ᠡᠭᠦᠰᠦᠮᠡᠯ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠵᠦ᠍᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠨ᠂ 《ᠡᠭᠦᠳᠡᠨ ᠪᠢᠯᠧᠲ᠎ᠤᠨ ᠠᠵᠤ ᠠᠬᠤᠶ》 ᠡᠴᠡ 《ᠠᠵᠤ ᠦᠢᠯᠡᠰ᠎ᠤᠨ ᠠᠵᠤ ᠠᠬᠤᠶ》 ᠲᠡᠢᠰᠢ ᠬᠤᠪᠢᠷᠠᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃

ᠭᠤᠷᠪᠠ᠎ᠳᠤ᠂ ᠠᠭᠤᠯᠭ᠎ᠠ᠎ᠶ᠋ᠢᠨ ᠱᠢᠨ᠎ᠡ ᠡᠭᠦᠳᠦᠯᠲᠡ᠎ᠪᠠᠷ ᠥᠪᠥᠷ ᠮᠣᠩᠭᠤᠯ᠎ᠤᠨ ᠦᠯᠢᠬᠡᠷ᠎ᠢ ᠰᠠᠢᠲᠤᠷ ᠶᠠᠷᠢᠵᠤ᠂ ᠰᠣᠶᠣᠯ᠎ᠤᠨ ᠤᠯᠠᠮᠵᠢᠯᠠᠨ ᠳᠡᠯᠭᠡᠷᠡᠭᠦᠯᠬᠦ᠌ ᠬᠦᠴᠦᠨ ᠬᠢᠭᠡᠳ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠵᠠᠭᠤᠴᠢᠯᠠᠭᠤᠷ᠎ᠤᠨ ᠲᠠᠪᠴᠠᠩ᠎ᠢ ᠴᠢᠳᠠᠮᠠᠭᠠᠢ ᠠᠱᠢᠭ᠍ᠯᠠᠵᠤ᠂ ᠠᠳᠠᠯᠢ ᠪᠤᠰᠤ ᠤᠯᠤᠰ ᠪᠠ ᠭᠠᠵᠠᠷ ᠣᠷᠣᠨ᠎ᠤ ᠬᠦᠯᠢᠶᠡᠨ ᠠᠪᠤᠭ᠍ᠴᠢᠳ᠎ᠤᠨ ᠬᠦᠯᠢᠶᠡᠨ ᠠᠪᠬᠤ ᠳᠠᠳᠭᠠᠯ᠎ᠳᠤ ᠴᠢᠭ᠌ᠯᠡᠭᠦᠯᠦᠨ᠂ ᠤᠯᠠᠨ ᠬᠡᠯᠡᠨ᠎ᠤ᠂ ᠤᠯᠠᠨ ᠬᠡᠯᠪᠡᠷᠢ᠎ᠶ᠋ᠢᠨ ᠣᠬᠤᠷ ᠸᠢᠳᠢᠣ᠋᠂ ᠪᠠᠷᠢᠮᠲᠠᠲᠤ ᠹᠢᠯᠢᠮ᠂ ᠺᠠᠷᠲ᠋ᠣᠨ ᠱᠤᠭ ᠵᠢᠷᠤᠭ᠎ᠤᠨ ᠪᠦᠲᠦᠭᠡᠭ᠌ᠳᠡᠬᠦᠨ ᠦᠢᠯᠡᠳᠴᠦ᠍᠂ ᠥᠪᠥᠷ ᠮᠣᠩᠭᠤᠯ᠎ᠤᠨ ᠠᠮᠢ ᠠᠬᠤᠢ᠎ᠶ᠋ᠢᠨ ᠵᠠᠰᠠᠯᠲᠠ᠂ ᠦᠨᠳᠦᠰᠦᠲᠡᠨ᠎ᠤ ᠪᠦᠯᠬᠦᠮᠳᠡᠯ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠮᠠᠯ ᠠᠵᠤ ᠠᠬᠤᠢ᠎ᠶ᠋ᠢ ᠬᠥᠭ᠌ᠵᠢᠭᠦᠯᠬᠦ᠌ ᠵᠡᠷᠭᠡ ᠲᠠᠯ᠎ᠠ᠎ᠶ᠋ᠢᠨ ᠠᠮᠵᠢᠯᠲᠠ ᠪᠦᠲᠦᠮᠵᠢ᠎ᠶ᠋ᠢ ᠠᠮᠢᠳᠤᠯᠢᠭ᠎ᠢᠶᠠᠷ ᠢᠯᠡᠷᠡᠭᠦᠯᠬᠦ᠌ ᠬᠡᠷᠡᠭ᠌ᠲᠡᠢ᠃

ᠱᠢᠰᠲ᠋ᠧᠮᠲᠦ ᠰᠡᠳᠭᠢᠬᠦᠢ᠎ᠪᠠᠨ ᠴᠢᠩᠭᠠᠳᠭᠠᠵᠤ᠂ ᠰᠣᠶᠣᠯ᠎ᠤᠨ ᠬᠦᠷᠢᠶᠡᠨ᠎ᠳᠠᠬᠢ ᠱᠢᠨ᠎ᠡ ᠴᠢᠨᠠᠷ ᠤ᠋ᠨ ᠦᠢᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠎ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭ᠌ᠲᠡᠢ 

ᠱᠢᠨ᠎ᠡ ᠴᠢᠨᠠᠷ ᠎ᠤᠨ ᠦᠢᠯᠡᠳᠪᠦᠷᠢᠯᠡᠯ᠎ᠤᠨ ᠬᠦᠴᠦᠨ ᠪᠣᠯᠤᠨ ᠰᠣᠶᠣᠯ᠎ᠤᠨ ᠠᠭᠤᠰᠤᠯᠴᠠᠯ᠎ᠢ ᠠᠬᠢᠭᠤᠯᠬᠤ ᠪᠣᠯ ᠨᠢᠭᠡ ᠵᠦᠢᠯ᠎ᠤᠨ ᠱᠢᠰᠲ᠋ᠧᠮᠲᠦ ᠢᠨᠵᠧᠨᠧᠷᠢᠩ ᠪᠣᠯᠤᠨ᠎ᠠ᠂ ᠡᠭᠦᠨ᠎ᠳᠤ ᠡᠷᠬᠡᠪᠰᠢ ᠪᠤᠳᠠᠳᠤ ᠲᠥᠯᠥᠪᠯᠡᠭᠡ ᠪᠣᠯᠤᠨ ᠴᠢᠬᠤᠯᠠ ᠬᠦᠴᠦᠨ ᠵᠦᠢᠯ᠎ᠤᠨ ᠲᠤᠯᠭᠠᠭᠤᠷᠢᠯᠠᠯ᠎ᠢ ᠴᠢᠩᠭᠠᠳᠭᠠᠬᠤ ᠬᠡᠷᠡᠭ᠌ᠲᠡᠢ᠃ .

ᠨᠢᠭᠡ᠎ᠳᠤ᠂ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠤᠳᠭᠤ ᠪᠠ ᠲᠦᠷᠢᠮ᠎ᠤᠨ ᠪᠠᠲᠤᠯᠠᠭ᠎ᠠ᠎ᠶ᠋ᠢ ᠴᠢᠩᠭᠠᠳᠭᠠᠬᠤ ᠬᠡᠷᠡᠭ᠌ᠲᠡᠢ᠃ 《ᠰᠣᠶᠣᠯ᠎ᠤᠨ ᠲᠤᠭᠠᠴᠢᠯᠠᠯᠲᠠ》 ᠪᠠ ᠱᠢᠨᠵᠢᠯᠡᠬᠦ ᠣᠬᠠᠭᠠᠨ ᠲᠸᠭᠨᠢᠭ ᠮᠡᠷᠭᠡᠵᠢᠯ᠎ᠢᠶᠠᠷ ᠰᠤᠶᠤᠯ᠎ᠳᠤ ᠬᠦᠴᠦᠨ ᠣᠯᠭᠤᠬᠤ᠎ᠶ᠋ᠢ ᠥᠪᠦᠷ ᠮᠣᠩᠭᠣᠯ ᠤ᠋ᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠶᠡᠷᠦᠩᠬᠡᠶ ᠲᠥᠯᠥᠪᠵᠢᠭᠦᠯᠭᠡ ᠪᠠ ᠱᠢᠨ᠎ᠡ ᠴᠢᠨᠠᠷ ᠤ᠋ᠨ ᠦᠢᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠎ᠶ᠋ᠢᠨ ᠠᠵᠢᠯᠯᠠᠭᠠᠨ᠎ᠤ ᠲᠥᠰᠦᠯ᠎ᠳᠤ ᠣᠷᠣᠭᠤᠯᠬᠤ ᠬᠡᠷᠡᠭ᠌ᠲᠡᠢ᠃ ᠲᠤᠰᠭᠠᠶ ᠪᠡᠯᠡ ᠮᠥᠩᠭᠦ᠌ ᠳᠣᠬᠢᠷᠠᠭᠣᠯᠵᠣ᠂  ᠨᠡᠢᠭᠡᠮ᠎ᠤᠨ ᠬᠥᠷᠥᠩᠭᠡ᠎ᠶ᠋ᠢᠨ ᠣᠷᠣᠭᠤᠯᠤᠯᠲᠠ᠎ᠶ᠋ᠢ ᠬᠥᠲᠥᠯᠥᠨ ᠵᠢᠯᠣᠭᠤᠳᠴᠤ᠌᠂ ᠨᠥᠬᠦᠴᠡᠯ᠎ᠳᠤ ᠨᠡᠢᠴᠡᠬᠦ᠌ ᠭᠤᠣᠯᠳᠠᠯᠭ᠎ᠠ᠎ᠲᠠᠢ ᠠᠵᠤ ᠠᠬᠤᠢᠯᠠᠯ ᠪᠣᠯᠤᠨ ᠲᠥᠷᠥᠯ ᠵᠦᠢᠯ᠎ᠳᠤ ᠡᠳ᠋᠎ᠤᠨ ᠵᠠᠰᠠᠭ᠂ ᠭᠠᠢᠯᠢ᠂ ᠮᠥᠩᠭᠦᠨ ᠭᠦᠢᠯᠭᠡᠭᠡ᠂ ᠭᠠᠵᠠᠷ ᠱᠢᠷᠣᠶ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠤᠯᠭᠤᠬᠤ ᠬᠡᠷᠡᠭ᠌ᠲᠡᠢ᠃ ᠡᠭᠦᠨ᠎ᠤ ᠬᠠᠮᠲᠤ᠌  ᠲᠤᠭᠠᠴᠢᠯᠠᠭ᠍ᠰᠠᠨ ᠰᠣᠶᠣᠯ᠎ᠤᠨ ᠬᠥᠭ᠌ᠵᠢᠯᠲᠡ᠎ᠯᠦᠭᠡ ᠲᠣᠬᠢᠷᠠᠯᠴᠠᠭ᠍ᠰᠠᠨ ᠮᠡᠳᠡᠯᠭᠡ᠎ᠶ᠋ᠢᠨ ᠥᠮᠴᠢᠯᠡᠯ ᠤ᠋ᠨ ᠡᠷᠬᠡ᠎ᠶ᠋ᠢᠨ ᠬᠠᠮᠠᠭᠠᠯᠠᠯᠲᠠ᠂ ᠲᠤᠭ᠎ᠠ ᠪᠠᠷᠢᠮᠲᠠ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ᠂ ᠱᠢᠨ᠎ᠡ ᠡᠵᠡᠩᠨᠡᠯᠲᠡ᠎ᠶ᠋ᠢᠨ ᠪᠠᠢᠳᠠᠯ᠎ᠤᠨ ᠬᠢᠨᠠᠯᠲᠠ ᠬᠠᠮᠢᠶᠠᠷᠤᠯᠲᠠ ᠵᠡᠷᠭᠡ ᠬᠠᠤᠯᠢ ᠲᠣᠭ᠍ᠲᠠᠭᠠᠯ᠎ᠤᠨ ᠱᠢᠰᠲ᠋ᠧᠮ ᠢ᠋ ᠲᠦᠷᠭᠡᠳᠭᠡᠨ ᠲᠡᠭᠦᠯᠳᠡᠷᠵᠢᠭᠦᠯᠵᠦ᠍᠂ ᠡᠷᠡᠭᠦᠯ ᠪᠥᠭᠡᠳ ᠡᠮᠬᠢ ᠵᠢᠷᠤᠮ᠎ᠲᠠᠢ ᠬᠥᠭ᠌ᠵᠢᠯᠲᠡ᠎ᠶ᠋ᠢᠨ ᠣᠷᠴᠢᠨ ᠨᠥᠬᠦᠴᠡᠯ᠎ᠢ ᠡᠭᠦᠳᠦᠨ ᠦᠭᠬᠦ  ᠬᠡᠷᠡᠭ᠌ᠲᠡᠢ᠃

ᠬᠤᠶᠠᠷ᠎ᠲᠤ᠌᠂ ᠦᠢᠯᠡᠳᠪᠦᠷᠢᠯᠡᠯ ᠵᠢᠭᠠᠨ ᠰᠣᠷᠭᠠᠯᠳᠠ ᠰᠤᠳᠤᠯᠭᠠᠨ ᠬᠡᠷᠡᠭ᠌ᠯᠡᠭᠡ᠎ᠶ᠋ᠢ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠦᠪᠦᠷ ᠮᠣᠩᠭᠣᠯ ᠤ᠋ᠨ ᠶᠡᠬᠡ ᠳᠡᠭᠡᠳᠦ ᠰᠤᠷᠭᠠᠭᠤᠯᠢ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ (ᠬᠦᠷᠢᠶᠡᠯᠡᠩ) ᠎ᠤᠨ ᠣᠶᠤᠨ᠎ᠤ ᠲᠤᠯᠭᠠᠭᠤᠷᠢᠯᠠᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠰᠣᠶᠣᠯ᠎ᠤᠨ ᠲᠤᠭᠠᠴᠢᠯᠠᠯᠲᠠ᠎ᠶ᠋ᠢᠨ ᠬᠠᠮᠵᠢᠯᠴᠠᠨ ᠱᠢᠨ᠎ᠡ᠎ᠶ᠋ᠢ ᠡᠭᠦᠳᠬᠦ᠌ ᠲᠥᠪ》ᠵᠡᠷᠭᠡ ᠲᠠᠪᠴᠠᠩ ᠪᠠᠢᠭᠤᠯᠬᠤ᠎ᠶ᠋ᠢ ᠵᠣᠷᠢᠭ᠍ᠵᠢᠭᠤᠯᠵᠤ᠂ ᠠᠵᠤ ᠠᠬᠤᠢᠯᠠᠯ᠎ᠲᠠᠢ ᠬᠤᠯᠪᠣᠭᠠᠯᠠᠨ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠣᠭᠤᠮᠲᠠ ᠱᠢᠪᠲᠤᠯᠬᠤ ᠠᠵᠢᠯᠯᠠᠭ᠎ᠠ᠎ᠦᠷᠨᠢᠭᠦᠯᠪᠡᠯ ᠵᠤᠬᠢᠨ᠎ᠠ᠃ ᠱᠢᠨ᠎ᠡ ᠮᠠᠶᠢᠭ᠎ᠤᠨ ᠴᠢᠳᠠᠪᠤᠷᠢᠲᠠᠨ ᠬᠥᠮᠦᠵᠢᠭᠦᠯᠬᠦ᠌ ᠵᠠᠭ᠍ᠪᠤᠷ ᠤ᠋ᠨ ᠪᠠᠢᠭᠤᠯᠣᠯᠳᠠ᠎ᠶ᠋ᠢ ᠠᠬᠢᠭᠤᠯᠵᠤ᠂ ᠰᠣᠶᠣᠯ ᠮᠡᠳᠡᠬᠦ᠌ ᠮᠥᠷᠲᠡᠭᠡᠨ ᠮᠡᠷᠭᠡᠵᠢᠯ ᠮᠡᠳᠡᠬᠦ᠂ ᠪᠦᠲᠦᠭᠡᠯᠴᠢ ᠴᠢᠳᠠᠪᠤᠷᠢ ᠪᠠ ᠵᠠᠬ᠎ᠠ ᠳᠡᠯᠭᠡᠭᠦᠷ᠎ᠤᠨ ᠮᠡᠳᠡᠯᠭᠡ ᠪᠦᠬᠦᠢ ᠬᠠᠮ ᠴᠢᠳᠠᠪᠤᠷᠢᠲᠠᠨ᠎ᠢ  ᠬᠥᠮᠦᠵᠢᠭᠦᠯᠵᠦ᠍᠂ ᠴᠢᠳᠠᠪᠤᠷᠢᠲᠠᠨ᠎ᠤ  ᠪᠣᠭᠤᠮᠢ᠎ᠶ᠋ᠢ ᠠᠷᠢᠯᠭᠠᠬᠤ ᠬᠡᠷᠡᠭ᠌ᠲᠡᠢ᠃

ᠭᠤᠷᠪᠠ᠎ᠳᠤ᠂ ᠲᠤᠭᠠᠴᠢᠯᠠᠭ᠍ᠰᠠᠨ ᠰᠠᠭᠤᠷᠢ ᠲᠥᠬᠦᠭᠡᠷᠦᠮᠵᠢ᠎ᠶ᠋ᠢᠨ ᠰᠠᠭᠤᠷᠢ᠎ᠶ᠋ᠢ ᠪᠠᠬᠢᠵᠢᠭᠦᠯᠬᠦ᠌ ᠬᠡᠷᠡᠭ᠌ᠲᠡᠢ᠃ ᠦᠨᠳᠦᠷ ᠬᠤᠷᠳᠤᠴᠠᠲᠤ ᠭᠡᠷᠡᠯᠯᠢᠭ ᠰᠦᠯᠵᠢᠶ᠎ᠡ᠂ 5G ᠰᠦᠯᠵᠢᠶ᠎ᠡ᠎ᠶ᠋ᠢ ᠰᠣᠶᠣᠯ᠎ᠤᠨ ᠲᠠᠯᠠᠪᠠᠢ ᠣᠷᠳᠣᠨ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠬᠦᠳᠡᠭᠡ ᠳᠣᠰᠬᠣᠨ ᠮᠠᠯᠵᠢᠬᠤ ᠣᠷᠣᠨ᠎ᠤ ᠰᠤᠮᠤ᠎ᠪᠠᠯᠭᠠᠰᠣ ᠳ᠋ᠦ ᠪᠦᠷᠬᠦᠭᠦᠯᠬᠦ᠌ ᠭᠦᠨᠴᠡ ᠪᠠ ᠪᠦᠷᠬᠦᠴᠡ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ᠎ᠤᠨ ᠬᠡᠯᠬᠢᠶ᠎ᠡ ᠵᠡᠷᠭᠡ ᠰᠣᠶᠣᠯ᠎ᠤᠨ ᠪᠤᠳᠤᠯᠭ᠎ᠠ᠎ᠶ᠋ᠢᠨ ᠰᠠᠭᠤᠷᠢ ᠲᠥᠬᠦᠭᠡᠷᠦᠮᠵᠢ᠎ᠶ᠋ᠢ ᠨᠢᠭᠡᠳᠦᠯᠲᠡᠢ ᠲᠥᠯᠥᠪᠵᠢᠭᠦᠯᠦᠨ ᠪᠠᠢᠷᠢᠱᠢᠭᠤᠯᠵᠤ᠂ ᠰᠣᠶᠣᠯ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠲᠡᠷᠢᠭᠦᠨ᠎ᠤ ᠮᠡᠷᠭᠡᠵᠢᠯ᠎ᠢ ᠬᠡᠷᠡᠭ᠌ᠯᠡᠬᠦ᠌ ᠬᠤᠷᠢᠭ᠎ᠠ ᠪᠣᠯᠤᠨ ᠥᠪᠡᠷ᠎ᠤᠨ ᠦᠷᠳᠡᠭ᠎ᠢ ᠪᠠᠭᠤᠷᠠᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠤᠨ ᠬᠦᠴᠦᠨ᠎ᠤ ᠱᠢᠨ᠎ᠡ ᠪᠦᠲᠦᠭᠡᠯ᠎ᠢ ᠨᠡᠩ ᠥᠷᠭᠡᠨ ᠳᠡᠯᠭᠡᠷ ᠰᠣᠶᠣᠯ᠎ᠤᠨ ᠵᠣᠬᠢᠶᠠᠨ ᠪᠦᠲᠦᠭᠡᠯᠭᠡ᠎ᠶ᠋ᠢᠨ ᠭᠤᠣᠯ ᠴᠣᠭ᠍ᠴᠠ᠎ᠳᠤ ᠬᠦᠷᠲᠡᠭᠡᠪᠡᠯ ᠵᠤᠬᠢᠨ᠎ᠠ᠃ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ᠂ ᠪᠢᠳᠡ ᠠᠵᠠ ᠲᠣᠬᠢᠶᠠᠯ᠎ᠢ ᠠᠮᠵᠢᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌᠎ᠪᠠᠷ ᠠᠵᠠ ᠲᠣᠬᠢᠶᠠᠯ ᠪᠣᠯᠭᠠᠵᠤ᠂ ᠰᠣᠶᠣᠯ᠎ᠤᠨ ᠬᠦᠷᠢᠶᠡᠨ᠎ᠤ ᠱᠢᠨ᠎ᠡ᠎ᠶ᠋ᠢ ᠡᠭᠦᠳᠬᠦ᠌ ᠦᠢᠯᠡᠳᠦᠯᠭᠡ᠎ᠶ᠋ᠢ ᠵᠣᠷᠢᠭ᠍ᠲᠠᠢ ᠠᠬᠢᠭᠤᠯᠵᠤ᠂ ᠱᠢᠯᠢᠳᠡᠭ ᠤᠯᠠᠮᠵᠢᠯᠠᠯᠲᠤ ᠰᠣᠶᠣᠯ᠎ᠢ ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠯᠦᠭᠡ ᠭᠦᠨ ᠠᠭᠤᠰᠤᠯᠴᠠᠭᠣᠯᠵᠣ᠂ ᠨᠡᠩ ᠭᠡᠷᠡᠯ ᠰᠠᠴᠤᠷᠠᠩᠭᠤᠢ ᠥᠪᠥᠷ ᠮᠣᠩᠭᠤᠯ᠎ᠤᠨ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ᠃

(ᠵᠣᠬᠢᠶᠠᠭ᠍ᠴᠢ ᠵᠢᠨ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠤᠮᠠᠷᠠᠳᠤ ᠬᠢᠯᠢ ᠵᠢᠨ ᠰᠤᠶᠤᠯ ᠰᠤᠳᠤᠯᠬᠤ ᠭᠠᠵᠠᠷ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号