ᠣᠳᠣᠬᠠᠨ᠎ᠳᠤ ᠮᠠᠨ᠎ᠤ ᠤᠯᠤᠰ 《ᠠᠷᠪᠠᠨ ᠲᠠᠪᠤᠳᠤᠭᠠᠷ ᠲᠠᠪᠤᠨ ᠵᠢᠯ》᠎ᠦᠨ ᠲᠦᠯᠦᠪᠵᠢᠬᠦᠯᠬᠡ ᠵᠢᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠱᠠᠲᠤᠨ᠎ᠳᠤ ᠣᠷᠣᠵᠤ᠂ ᠰᠢᠨ᠎ᠡ ᠴᠢᠨᠠᠷ ᠦᠨ ᠦᠢᠯᠡᠳᠪᠦᠷᠢᠯᠡᠯ᠎ᠦᠨ ᠬᠦᠴᠦᠨ ᠨᠢ ᠠᠵᠤ ᠠᠬᠤᠢ ᠨᠡᠢᠭᠡᠮ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠭᠦᠯᠬᠦ ᠴᠢᠬᠤᠯᠠ ᠬᠥᠳᠡᠯᠭᠡᠬᠦ ᠬᠦᠴᠦᠨ ᠪᠣᠯᠪᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠢᠯᠠᠩᠭᠤᠶ᠎ᠠ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠦᠨ ᠠᠰᠢᠬᠯᠠᠯᠳᠠ ᠨᠢ ᠲᠠᠷᠢᠶᠠᠯᠠᠩ ᠪᠣᠯᠣᠨ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠲᠠᠬᠢᠨ ᠴᠣᠭᠴᠠᠯᠠᠵᠤ ᠪᠠᠢᠨ᠎ᠠ᠃
ᠰᠢᠨᠵᠢᠯᠡᠬᠦ ᠣᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠬᠦᠳᠦᠯᠳᠡ ᠪᠡᠷ ᠰᠢᠨ᠎ᠠ ᠴᠢᠨᠠᠷ᠎ᠦᠨ ᠦᠢᠯᠡᠳᠪᠦᠷᠢᠯᠡᠯ᠎ᠦᠨ ᠬᠦᠴᠦᠨ ᠤ ᠬᠦᠭᠵᠢᠯᠳᠡ ᠵᠢ ᠬᠦᠳᠦᠯᠦᠨ ᠲᠠᠭᠠᠭᠣᠯᠬᠤ ᠬᠡᠷᠡᠭᠲᠠᠢ
ᠮᠠᠨ᠎ᠤ ᠣᠷᠣᠨ᠎ᠤ ᠮᠠᠯᠵᠢᠬᠤ ᠣᠷᠣᠨ᠎ᠳᠤ ᠠᠪᠴᠤ ᠬᠡᠯᠡᠪᠡᠯ ᠵᠣᠬᠢᠶᠠᠮᠠᠯ ᠤᠶᠤᠨ ᠴᠢᠳᠠᠪᠤᠷᠢ ᠨᠢ ᠲᠡᠷᠢᠭᠦᠨ᠎ᠦ ᠮᠡᠷᠭᠡᠵᠢᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠢᠯᠡᠳᠪᠦᠷᠢᠯᠡᠯ᠎ᠦᠨ ᠬᠦᠴᠦᠨ᠎ᠦ ᠪᠠᠢᠷᠢᠰᠢᠯ᠎ᠢ ᠲᠠᠬᠢᠨ ᠴᠣᠭᠴᠠᠯᠠᠬᠤ ᠬᠤᠪᠢᠰᠤᠯᠲᠠ᠎ᠶᠢᠨ ᠬᠦᠴᠦᠨ ᠪᠣᠯᠣᠨ᠎ᠠ᠃ 《ᠵᠣᠬᠢᠶᠠᠮᠠᠯ ᠣᠶᠤᠨ ᠴᠢᠳᠠᠪᠤᠷᠢ + ᠮᠠᠯ ᠠᠵᠤ ᠠᠬᠤᠢ》 ᠪᠠᠷ ᠳᠡᠮᠵᠢᠨ ᠮᠠᠯᠵᠢᠬᠤ ᠣᠷᠣᠨ ᠤᠯᠠᠮᠵᠢᠯᠠᠯᠲᠤ ᠲᠤᠷᠰᠢᠯᠭ᠎ᠠ᠎ᠶᠢᠨ ᠬᠠᠮᠢᠶᠠᠷᠤᠯᠲᠠ᠎ᠡᠴᠡ ᠪᠠᠨ ᠣᠶᠤᠨᠴᠢᠯᠠᠭᠰᠠᠨ᠂ ᠲᠣᠭᠠᠴᠢᠯᠠᠬᠰᠠᠨ᠂ ᠰᠦᠯᠵᠢᠶᠡᠴᠢᠯᠡᠭᠰᠡᠨ ᠬᠠᠮᠢᠶᠠᠷᠤᠯᠲᠠ ᠳᠠᠢᠰᠢ ᠰᠢᠯᠵᠢᠬᠦ᠎ᠶᠢ ᠪᠡᠶᠡᠯᠡᠭᠦᠯᠪᠡ᠃ ᠤᠶᠤᠨᠴᠢ ᠬᠦᠵᠦᠬᠦᠨ ᠵᠡᠬᠦᠯᠳᠡ ᠨᠢ ᠮᠠᠯ᠎ᠤᠨ ᠡᠷᠡᠭᠦᠯ ᠮᠡᠨᠳᠦ᠎ᠶᠢ ᠴᠠᠭ ᠲᠤᠬᠠᠢ ᠳ᠋ᠤᠨᠢ ᠬᠢᠨᠠᠨ ᠬᠡᠮᠵᠢᠵᠦ᠂ AI ᠪᠤᠳᠤᠬᠤ ᠠᠷᠭ᠎ᠠ᠎ᠪᠠᠷ ᠪᠣᠷᠳᠣᠭ᠎ᠠ ᠵᠢᠨ ᠬᠠᠷᠢᠴᠠᠯ᠎ᠢ ᠲᠣᠬᠢᠷᠠᠭᠣᠯᠬᠣ ᠵᠢ ᠰᠢᠯᠢᠳᠡᠭᠵᠢᠭᠦᠯᠦᠨ᠂ ᠵᠢᠯᠣᠭᠣᠴᠢ ᠦᠭᠡᠢ ᠨᠢᠰᠬᠡᠯ᠎ᠢᠶᠡᠷ ᠨᠠᠷᠢᠯᠢᠭ᠋ ᠣᠨᠣᠴᠠᠲᠠᠢ᠎ᠪᠠᠷ ᠮᠠᠯ ᠬᠠᠷᠢᠭᠣᠯᠵᠦ᠂ ᠲᠣᠭᠠᠴᠢᠯᠠᠬᠰᠠᠨ ᠲᠠᠪᠴᠠᠩ ᠨᠢ 《ᠮᠠᠯ ᠠᠵᠤ ᠠᠬᠤᠢ — ᠪᠣᠷᠤᠯᠠᠭᠤᠯᠭ᠎ᠠ》 ᠵᠢᠨ ᠬᠡᠯᠬᠢᠶ᠎ᠡ᠎ᠶᠢ ᠪᠣᠭᠣᠨᠢᠰᠬᠠᠪᠠ᠃ ᠡᠳᠡᠭᠡᠷ ᠤᠯᠠᠨ ᠰᠢᠨ᠎ᠡ ᠡᠭᠦᠳᠦᠯᠲᠡ ᠨᠢ ᠲᠠᠯ᠎ᠠ ᠨᠤᠲᠤᠭ᠎ᠤᠨ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠠᠮᠢᠵᠢᠷᠠᠯ᠎ᠤᠨ ᠬᠦᠴᠦᠨ᠎ᠢ ᠶᠡᠬᠡ ᠪᠡᠷ ᠪᠠᠳᠠᠷᠠᠭᠣᠯᠵᠠᠢ᠃
《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠥᠲᠥᠯᠪᠦᠷᠢ᠎ᠳᠦ《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠠᠵᠤ ᠦᠢᠯᠡᠰ᠎ᠢ ᠲᠠᠰ ᠳᠡᠪᠰᠢᠭᠦᠯᠬᠦ ᠬᠥᠳᠡᠯᠭᠡᠭᠦᠷ ᠪᠣᠯᠭᠠᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠬᠤ ᠬᠡᠷᠡᠭᠲᠡᠢ》 ᠬᠡᠵᠦ ᠲᠣᠷᠠᠳᠪᠠ᠃ ᠥᠪᠥᠷ ᠮᠣᠩᠭᠣᠯ᠎ᠤᠨ ᠮᠠᠯᠵᠢᠬᠤ ᠣᠷᠣᠨ᠎ᠤ ᠦᠢᠯᠡᠳᠦᠯᠭᠡ ᠨᠢ ᠶᠠᠬ ᠡᠨᠡ ᠬᠦ᠌ ᠪᠠᠢᠯᠳᠤᠬᠤ ᠪᠣᠳᠣᠯᠭ᠎ᠠ᠎ᠶᠢ ᠦᠨᠳᠦᠰᠦᠨ ᠱᠠᠲᠤᠨ᠎ᠳᠦ ᠦᠢᠯᠡᠳᠦᠯᠬᠡᠵᠢᠬᠦᠯᠵᠦ ᠪᠠᠢᠭ᠎ᠠ ᠠᠮᠢᠳᠤᠯᠢᠭ᠋ ᠢᠯᠡᠷᠡᠯ ᠮᠥᠨ᠃
ᠵᠣᠬᠢᠶᠠᠮᠠᠯ ᠣᠶᠤᠨ ᠴᠢᠳᠠᠪᠣᠷᠢ ᠨᠢ ᠠᠵᠤ ᠠᠬᠤᠢ ᠨᠡᠢᠭᠡᠮ᠎ᠦᠨ ᠬᠣᠣᠰ ᠦᠷ᠎ᠡ ᠠᠰᠢᠭ ᠣᠯᠬᠣ᠎ᠳᠦ ᠡᠨ᠋ᠸᠷᠬᠢ ᠣᠯᠭᠣᠬᠤ ᠬᠡᠷᠡᠭᠲᠠᠢ
ᠵᠣᠬᠢᠶᠠᠮᠠᠯ ᠤᠶᠤᠨ ᠴᠢᠳᠠᠪᠤᠷᠢ᠎ᠶᠢᠨ ᠣᠷᠤᠯᠴᠠᠯᠭ᠎ᠠ ᠨᠢ ᠮᠠᠯᠵᠢᠬᠤ ᠣᠷᠣᠨ᠎ᠤ ᠠᠵᠤ ᠠᠬᠤᠢ᠎ᠶᠢᠨ ᠠᠵᠢᠯᠯᠠᠭᠠᠨ᠎ᠤ ᠠᠷᠭ᠎ᠠ ᠬᠡᠯᠪᠡᠷᠢ᠎ᠶᠢ ᠪᠦᠬᠦ ᠲᠠᠯ᠎ᠠ᠎ᠪᠠᠷ ᠲᠡᠰ ᠳᠡᠪᠰᠢᠭᠦᠯᠬᠦ᠎ᠶᠢ ᠠᠬᠢᠭᠤᠯᠪᠠ᠃
ᠦᠢᠯᠡᠳᠪᠦᠷᠢᠯᠡᠯ᠎ᠦᠨ ᠦᠷ᠎ᠡ ᠪᠦᠲᠦᠮᠵᠢ ᠢᠯᠡᠳᠲᠡ ᠳᠡᠭᠡᠭᠰᠢᠯᠡᠵᠡᠢ᠃ ᠣᠶᠣᠨᠴᠢ ᠪᠡᠷ ᠰᠡᠷᠡᠵᠦ ᠮᠡᠳᠡᠬᠦ ᠵᠢᠴᠢ ᠪᠤᠳᠤᠬᠤ ᠠᠷᠭ᠎ᠠ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠡᠷ ᠲᠠᠮᠵᠢᠨ᠂ ᠮᠠᠯᠵᠢᠬᠤ ᠣᠷᠣᠨ᠎ᠤ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ ᠨᠠᠩ ᠰᠢᠨᠵᠢᠯᠡᠬᠦ ᠤᠬᠠᠭᠠᠨᠴᠢ ᠪᠣᠯᠵᠤ᠂ ᠡᠪᠡᠳᠴᠢᠨ ᠬᠢᠵᠢᠭ᠎ᠦᠨ ᠬᠣᠬᠢᠷᠠᠯ᠎ᠢ ᠪᠠᠭᠠᠰᠬᠠᠵᠦ ᠪᠣᠯᠣᠨ᠎ᠠ᠃ ᠬᠡᠰᠡᠭ ᠣᠶᠤᠨᠲᠤ ᠮᠠᠯᠵᠢᠯ᠎ᠤᠨ ᠲᠠᠯᠠᠪᠠᠢ᠎ᠶᠢᠨ ᠨᠢᠭᠡᠴᠢ ᠭᠠᠷᠤᠯᠲᠠ 15% —25% ᠪᠡᠷ ᠳᠡᠭᠡᠭᠰᠢᠯᠡᠵᠦ᠂ ᠮᠠᠯ᠎ᠤᠨ ᠦᠭᠦᠵᠦ ᠰᠦᠢᠳᠬᠦ᠎ᠶᠢᠨ ᠨᠣᠷᠮ᠎ᠠ ᠮᠡᠳᠡᠭᠳᠡᠮ᠎ᠡ ᠳᠣᠷᠣᠭᠰᠢᠯᠠᠭᠰᠠᠨᠢ ᠦᠢᠯᠡᠳᠦᠯᠭᠡ ᠭᠡᠷᠡᠴᠢᠯᠡᠪᠠ᠃
ᠨᠡᠢᠭᠡᠮ᠎ᠦᠨ ᠦᠷ᠎ᠡ ᠠᠰᠢᠭ᠋ ᠦᠷᠭᠦᠯᠵᠢᠯᠡᠨ ᠲᠡᠭᠡᠭᠰᠢᠯᠡᠵᠡᠢ᠃ ᠲᠣᠭᠠᠴᠢᠯᠠᠭᠰᠠᠨ ᠮᠠᠯ ᠠᠵᠤ ᠠᠬᠤᠢ ᠨᠢ 《ᠣᠶᠤᠨᠴᠢ ᠮᠠᠯᠴᠢᠨ》᠂ 《ᠠᠯᠤᠰ ᠡᠵᠡᠮᠰᠢᠯ᠎ᠦᠨ ᠰᠡᠯᠪᠢᠨ ᠵᠠᠰᠠᠭ᠍ᠴᠢ》᠂ 《ᠡᠯᠧᠺᠲᠷᠣᠨ ᠬᠤᠳᠠᠯᠳᠤᠭᠠᠨ᠎ᠤ ᠳᠡᠯᠭᠡᠷᠡᠭᠦᠯᠦᠭᠴᠢ》 ᠵᠡᠷᠭᠡ ᠰᠢᠨ᠎ᠡ ᠠᠵᠢᠯ ᠮᠡᠷᠭᠡᠵᠢᠯ᠎ᠢ ᠪᠣᠶ ᠪᠣᠯᠭᠠᠵᠤ᠂ ᠮᠠᠯᠵᠢᠬᠤ ᠣᠷᠣᠨ᠎ᠤ ᠵᠠᠯᠠᠭᠤᠴᠤᠳ᠎ᠲᠦ ᠨᠠᠩ ᠣᠯᠠᠨ ᠠᠵᠢᠯ ᠣᠯᠬᠤ ᠠᠵᠠ ᠲᠣᠬᠢᠶᠠᠯ ᠣᠯᠭᠣᠪᠠ᠃ ᠠᠯᠤᠰ ᠡᠵᠡᠮᠰᠢᠯᠲᠦ ᠰᠤᠷᠭᠠᠨ ᠬᠥᠮᠦᠵᠢᠯ᠂ ᠰᠦᠯᠵᠢᠶᠡᠨ ᠳᠡᠭᠡᠷᠡᠬᠢ ᠡᠮᠴᠢᠯᠡᠭᠡ᠂ ᠡᠯᠧᠺᠲᠷᠣᠨ ᠵᠠᠰᠠᠭ᠎ᠤᠨ ᠶᠠᠪᠤᠳᠠᠯ ᠵᠡᠷᠭᠡ ᠣᠯᠠᠨ ᠨᠡᠶ᠋ᠢᠲᠡ᠎ᠶᠢᠨ ᠦᠢᠯᠡᠴᠢᠯᠡᠭᠡ ᠲᠦᠭᠡᠮᠡᠯᠵᠢᠯᠡᠭᠳᠡᠵᠦ᠂ ᠲᠣᠭᠠᠴᠢᠯᠠᠭᠰᠠᠨ ᠠᠰᠢᠭ᠋ ᠣᠯᠵᠠᠪᠤᠷᠢ᠎ᠪᠠᠷ ᠮᠠᠯᠴᠢᠳ᠎ᠤᠨ ᠠᠮᠢᠳᠤᠷᠠᠯ᠎ᠳᠤ ᠠᠰᠢᠭ᠋ ᠬᠦᠷᠲᠡᠭᠡᠵᠦ᠂ ᠮᠠᠯᠵᠢᠬᠤ ᠣᠷᠣᠨ᠎ᠤ ᠨᠡᠢᠭᠡᠮ᠎ᠦᠨ ᠣᠳᠣᠬᠢᠴᠢᠯᠠᠯᠲᠠ᠎ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ᠃
ᠠᠵᠤ ᠠᠬᠤᠢ᠎ᠶᠢᠨ ᠠᠰᠢᠭ᠋ ᠣᠷᠣᠯᠭ᠎ᠠ ᠪᠣᠯᠣᠨ ᠨᠡᠢᠭᠡᠮ᠎ᠦᠨ ᠪᠤᠶᠠᠨ ᠵᠢᠷᠭᠠᠯ᠎ᠤᠨ ᠬᠣᠣᠰ ᠨᠡᠮᠡᠭᠳᠡᠯ ᠪᠣᠯ 《ᠵᠣᠬᠢᠶᠠᠮᠠᠯ ᠤᠶᠤᠨ ᠴᠢᠳᠠᠪᠤᠷᠢ +》 ᠵᠢᠨ ᠮᠠᠯᠵᠢᠬᠤ ᠣᠷᠣᠨ᠎ᠦ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠤᠭᠰᠠᠨ ᠲᠥᠪᠯᠡᠷᠡᠩᠭᠦᠢ ᠢᠯᠡᠷᠡᠯ ᠪᠣᠯᠣᠨ᠎ᠠ᠃ ᠲᠡᠷᠡ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠦᠨᠡᠨ ᠬᠦ᠌ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ᠂ ᠨᠡᠢᠭᠡᠮ᠎ᠦᠨ ᠲᠥᠪ ᠭᠤᠤᠯᠴᠢ ᠵᠢ ᠬᠠᠮᠲᠤ᠎ᠪᠠᠷ ᠡᠳ᠋ᠯᠡᠬᠦ ᠬᠥᠭᠥᠷᠭᠡ ᠪᠣᠯᠭᠠᠪᠠ᠃
ᠳᠦᠷᠢᠮ᠎ᠦᠨ ᠰᠢᠨ᠎ᠡ ᠡᠭᠦᠳᠦᠯᠲᠡ᠎ᠪᠡᠷ ᠮᠡᠷᠭᠡᠵᠢᠯ᠎ᠦᠨ ᠲᠦᠭᠡᠮᠡᠯ ᠬᠠᠷᠠᠭᠠᠯᠵᠠᠯ᠎ᠢ ᠪᠠᠲᠤᠯᠠᠬᠤ ᠬᠡᠷᠡᠭᠲᠠᠢ
ᠮᠡᠷᠭᠡᠵᠢᠯ᠎ᠦᠨ ᠥᠷᠭᠡᠨ ᠬᠡᠷᠡᠭᠯᠡᠭᠡ ᠨᠢ ᠳᠦᠷᠢᠮ᠎ᠦᠨ ᠲᠤᠯᠭᠠᠭᠤᠷᠢᠯᠠᠯ᠎ᠠᠴᠠ ᠰᠠᠯᠵᠤ ᠴᠢᠳᠠᠬᠤ ᠦᠭᠡᠢ᠃ ᠥᠪᠥᠷ ᠮᠣᠩᠭᠣᠯ 《ᠵᠣᠬᠢᠶᠠᠮᠠᠯ ᠣᠶᠤᠨ ᠴᠢᠳᠠᠪᠤᠷᠢ +》 ᠵᠢ ᠦᠨᠡᠨ ᠬᠦ᠌ ᠨᠠᠢᠳᠠᠪᠤᠷᠢᠵᠢᠭᠤᠯᠬᠤ᠎ᠳᠤ ᠡᠷᠬᠡᠪᠰᠢ ᠳᠦᠷᠢᠮ᠎ᠦᠨ ᠰᠢᠨ᠎ᠡ ᠡᠭᠦᠳᠦᠯᠲᠡ᠎ᠪᠡᠷ ᠬᠦᠭᠵᠢᠯᠳᠡ ᠵᠢᠨ《ᠪᠣᠭᠣᠮᠢ》ᠵᠢ ᠠᠷᠢᠯᠭᠠᠬᠤ ᠬᠡᠷᠡᠭᠲᠡᠢ᠃
ᠡᠩ ᠲᠡᠷᠢᠭᠦᠨ᠎ᠳᠦ ᠲᠣᠭᠠᠴᠢᠯᠠᠭᠰᠠᠨ ᠰᠠᠭᠤᠷᠢ ᠲᠥᠬᠦᠭᠡᠷᠦᠮᠵᠢ᠎ᠶᠢ ᠲᠡᠭᠦᠯᠳᠡᠷᠵᠢᠭᠦᠯᠬᠦ ᠬᠡᠷᠡᠭᠲᠡᠢ᠃ 5G᠂ ᠳᠣᠬᠢᠭᠤᠷ ᠲᠤᠯᠤᠭᠠᠨ ᠣᠲᠣᠨᠦ ᠪᠠᠢᠷᠢ ᠲᠣᠭᠲᠠᠭᠠᠯᠲᠠ᠂ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ᠎ᠶᠢ ᠮᠠᠯᠵᠢᠬᠤ ᠣᠷᠣᠨ᠎ᠳᠤ ᠪᠥᠬᠥ ᠲᠠᠯ᠎ᠠ᠎ᠪᠠᠷ ᠪᠦᠷᠬᠦᠭᠦᠯᠵᠦ᠂ ᠪᠣᠶ᠋ᠢᠳᠠ ᠪᠥᠭᠯᠡᠭᠦᠦ ᠭᠠᠴᠠᠭᠠᠨ᠎ᠤ《ᠡᠴᠦᠰ᠎ᠦᠨ ᠨᠢᠭᠡ ᠺᠢᠯᠣᠮᠧᠲᠷ》᠎ᠢ ᠨᠠᠪᠲᠠᠷᠡᠭᠦᠯᠵᠦ᠂ ᠲᠣᠭᠠᠴᠢᠯᠠᠬᠰᠠᠨ ᠬᠡᠯᠪᠡᠷᠢ ᠲᠡᠢᠰᠢ ᠬᠣᠪᠢᠷᠠᠭᠣᠯᠬᠣ ᠪᠣᠳᠠᠰ᠎ᠦᠨ ᠰᠠᠭᠣᠷᠢ ᠵᠢ ᠪᠡᠬᠢᠵᠢᠬᠦᠯᠦᠨ᠎ᠡ᠃
ᠲᠣᠭ᠎ᠠ ᠪᠠᠷᠢᠮᠲᠠ᠎ᠶᠢᠨ ᠡᠷᠬᠡ᠎ᠶᠢ ᠨᠤᠲᠠᠯᠠᠨ ᠲᠣᠭᠲᠠᠭᠠᠬᠤ ᠪᠠ ᠠᠰᠢᠭ᠋ ᠣᠷᠣᠯᠭ᠎ᠠ᠎ᠶᠢ ᠬᠤᠪᠢᠶᠠᠷᠢᠯᠠᠬᠤ ᠲᠣᠭᠲᠠᠴᠠ᠎ᠶᠢ ᠪᠠᠶ᠋ᠢᠭᠤᠯᠬᠤ ᠬᠡᠷᠡᠭᠲᠡᠢ᠃ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠲᠣᠭ᠎ᠠ ᠪᠠᠷᠢᠮᠲᠠ ᠪᠣᠯ ᠮᠠᠯᠴᠢᠳ᠎ᠤᠨ ᠰᠢᠨ᠎ᠡ ᠬᠡᠯᠪᠡᠷᠢ᠎ᠶᠢᠨ ᠡᠳ᠋ ᠬᠥᠷᠥᠩᠭᠡ ᠪᠣᠯᠬᠣᠷ ᠲᠡᠭᠦᠨ᠎ᠦ ᠥᠮᠴᠢᠯᠡᠬᠦ ᠡᠷᠬᠡ ᠪᠠ ᠬᠡᠷᠡᠭᠯᠡᠬᠦ ᠡᠷᠬᠡ᠎ᠶᠢ ᠲᠣᠳᠣᠷᠬᠠᠢᠯᠠᠵᠤ᠂ ᠮᠠᠯᠵᠢᠬᠤ ᠡᠷᠦᠬᠡ᠎ᠶᠢᠨ ᠲᠣᠭᠠᠴᠢᠯᠠᠯᠳᠠ ᠡᠴᠡ ᠣᠯᠣᠬᠰᠠᠨ ᠠᠰᠢᠭ᠋ ᠣᠯᠵᠠᠪᠤᠷᠢ᠎ᠳᠠᠬᠢ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠬᠤ ᠬᠡᠷᠡᠭᠲᠡᠢ᠃
ᠴᠢᠳᠠᠪᠤᠷᠢᠲᠠᠨᠦ ᠪᠠᠢᠭᠣᠯᠣᠯᠳᠠ ᠬᠢᠭᠡᠳ ᠶᠣᠰᠣ᠌ ᠰᠤᠷᠲᠠᠬᠤᠨ᠎ᠤ ᠪᠠᠢᠭᠤᠯᠤᠯᠲᠠ᠎ᠶᠢ ᠴᠢᠩᠭᠠᠳᠬᠠᠬᠤ ᠬᠡᠷᠡᠭᠲᠡᠢ᠃ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠠ ᠲᠣᠭᠠᠴᠢᠯᠠᠭᠰᠠᠨ ᠪᠣᠯᠪᠠᠰᠤᠷᠠᠯ᠎ᠢᠶᠠᠷ ᠳᠠᠮᠵᠢᠨ ᠮᠠᠯᠴᠢᠳ᠎ᠤᠨ ᠰᠤᠷᠠᠭ ᠵᠠᠩᠭᠢ᠎ᠶᠢᠨ ᠪᠣᠯᠪᠠᠰᠤᠷᠠᠯ᠎ᠢ ᠳᠡᠭᠡᠭᠰᠢᠯᠡᠭᠦᠯᠵᠦ᠂ ᠪᠣᠳᠣᠯᠭ᠎ᠠ᠎ᠶᠢᠨ ᠠᠷᠭ᠎ᠠ᠎ᠶᠢᠨ ᠵᠥᠷᠢᠶ᠎ᠡ ᠪᠠ ᠲᠣᠭ᠎ᠠ ᠪᠠᠷᠢᠮᠲᠠ᠎ᠶᠢ ᠳᠤᠷ᠎ᠠ᠎ᠪᠠᠷ ᠬᠡᠷᠡᠭᠯᠡᠬᠦ᠎ᠶᠢ ᠰᠡᠷᠭᠡᠢᠯᠡᠨ᠂ ᠵᠣᠬᠢᠶᠠᠮᠠᠯ ᠣᠶᠤᠨ ᠴᠢᠳᠠᠪᠤᠷᠢ᠎ᠶᠢᠨ ᠠᠶᠤᠯᠭᠦᠢ ᠬᠡᠷᠡᠭᠯᠡᠯᠲᠡ ᠪᠠ ᠶᠣᠰᠣ᠌ ᠰᠤᠷᠲᠠᠬᠤᠨ᠎ᠤ ᠬᠣᠷᠢᠭ᠎ᠠ ᠱᠤᠭᠤᠮ᠎ᠢ ᠪᠠᠲᠤᠯᠠᠨ᠎ᠠ᠃
ᠭᠠᠭᠴᠠ ᠬᠦ᠌ ᠳᠦᠷᠢᠮ᠎ᠦᠨ ᠰᠢᠨ᠎ᠡ ᠡᠭᠦᠳᠦᠯᠲᠡ ᠪᠠ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠵᠡᠷᠭᠡ᠎ᠪᠡᠷ ᠴᠢᠬᠤᠯᠠᠴᠢᠯᠠᠪᠠᠯ ᠰᠠᠶᠢ 《ᠵᠣᠬᠢᠶᠠᠮᠠᠯ ᠣᠶᠤᠨ ᠴᠢᠳᠠᠪᠤᠷᠢ + 》 ᠵᠢ ᠮᠡᠷᠭᠡᠵᠢᠯ᠎ᠦᠨ ᠠᠰᠢᠭ᠋ ᠣᠯᠵᠠᠪᠤᠷᠢ᠎ᠡᠴᠡ ᠬᠥᠭᠵᠢᠯᠲᠡ᠎ᠶᠢᠨ ᠠᠰᠢᠭ᠋ ᠣᠯᠵᠠᠪᠤᠷᠢ ᠪᠣᠯᠭᠠᠨ ᠬᠤᠪᠢᠷᠠᠭᠤᠯᠵᠤ ᠴᠢᠳᠠᠨ᠎ᠠ᠃
ᠪᠣᠬᠢᠷᠲᠤᠯ ᠦᠭᠡᠢ ᠵᠣᠬᠢᠶᠠᠮᠠᠯ ᠣᠶᠣᠨ ᠴᠢᠳᠠᠪᠣᠷᠢ᠎ᠪᠠᠷ ᠮᠠᠯ ᠠᠵᠤ ᠠᠬᠤᠢ᠎ᠶᠢᠨ ᠢᠷᠡᠭᠡᠳᠦᠢ᠎ᠶᠢ ᠬᠥᠲᠥᠯᠥᠨ ᠳᠠᠭᠠᠭᠤᠯᠬᠤ ᠬᠡᠷᠡᠭᠲᠠᠢ
ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠨᠢ 《ᠥᠨᠳᠥᠷ ᠪᠦᠲᠦᠮᠵᠢᠲᠡᠢ》ᠪᠠᠢᠬᠤ᠎ᠶᠢ ᠱᠠᠭᠠᠷᠳᠠᠬᠤ᠎ᠪᠠᠷ ᠪᠠᠷᠠᠬᠤ ᠦᠭᠡᠢ《ᠪᠣᠬᠢᠷᠲᠤᠯ ᠦᠭᠡᠢ》 ᠪᠠᠢᠬᠤ᠎ᠶᠢ ᠨᠡᠩ ᠴᠢᠬᠤᠯᠠᠴᠢᠯᠠᠳᠠᠭ᠃ ᠵᠣᠬᠢᠶᠠᠮᠠᠯ ᠣᠶᠤᠨ ᠴᠢᠳᠠᠪᠤᠷᠢ᠎ᠶᠢ ᠪᠡᠯᠴᠢᠭᠡᠷ᠎ᠦᠨ ᠮᠠᠭᠤᠳᠠᠯ᠎ᠢ ᠬᠢᠨᠠᠨ ᠬᠡᠮᠵᠢᠬᠦ᠂ ᠢᠯᠭᠠᠳᠠᠰᠤ ᠪᠣᠬᠢᠷᠲᠤᠯ᠎ᠢ ᠡᠬᠢ ᠪᠠᠶᠠᠯᠢᠭ᠍ᠵᠢᠭᠤᠯᠤᠨ ᠠᠰᠢᠭ᠍ᠯᠠᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠎ᠶᠢ ᠦᠨᠡᠯᠡᠨ ᠵᠢᠱ᠌ᠢᠬᠦ ᠵᠡᠷᠭᠡ ᠲᠠᠯ᠎ᠠ᠎ᠪᠠᠷ ᠥᠷᠭᠡᠨ᠎ᠢᠶᠡᠷ ᠬᠡᠷᠡᠭᠯᠡᠵᠦ᠂ ᠮᠠᠯᠵᠢᠬᠤ ᠣᠷᠣᠨ᠎ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢ ᠪᠡᠶᠡᠯᠡᠭᠦᠯᠬᠦ᠎ᠳᠦ ᠰᠢᠨ᠎ᠡ ᠠᠷᠭ᠎ᠠ ᠵᠠᠮ ᠬᠠᠩᠭᠠᠪᠠ᠃
ᠥᠪᠥᠷ ᠮᠣᠩᠭᠣᠯ 《ᠣᠶᠤᠨᠲᠤ ᠨᠤᠲᠤᠭ ᠪᠡᠯᠴᠢᠭᠡᠷ᠎ᠦᠨ ᠬᠠᠮᠢᠶᠠᠷᠤᠯᠲᠠ᠎ᠶᠢᠨ ᠰᠢᠰᠲᠧᠮ》᠎ᠢ ᠪᠠᠢᠭᠤᠯᠵᠤ᠂ AI ᠪᠤᠳᠤᠬᠤ ᠠᠷᠭ᠎ᠠ᠎ᠪᠠᠷ ᠨᠤᠲᠤᠭ ᠪᠡᠯᠴᠢᠭᠡᠷ᠎ᠦᠨ ᠳᠠᠭᠠᠭᠠᠴᠠ᠎ᠶᠢᠨ ᠴᠢᠳᠠᠪᠤᠷᠢ᠎ᠶᠢ ᠴᠠᠭ ᠲᠤᠬᠠᠢ ᠳ᠋ᠤᠨᠢ ᠦᠨᠡᠯᠡᠨ ᠵᠢᠱ᠌ᠢᠵᠦ᠂ ᠪᠡᠯᠴᠢᠭᠡᠷᠯᠡᠭᠦᠯᠬᠦ ᠬᠡᠪᠴᠢᠶ᠎ᠡ ᠪᠠ ᠠᠷᠭ᠎ᠠ ᠵᠠᠮ᠎ᠢ ᠰᠢᠯᠢᠳᠡᠭᠵᠢᠭᠦᠯᠦᠨ᠂ ᠨᠤᠲᠤᠭ ᠪᠡᠯᠴᠢᠭᠡᠷ᠎ᠦᠨ ᠬᠠᠮᠠᠭᠠᠯᠠᠯᠲᠠ ᠪᠠ ᠠᠵᠤ ᠠᠬᠤᠢ᠎ᠶᠢᠨ ᠦᠷ᠎ᠡ ᠠᠰᠢᠭ᠋᠎ᠤᠨ ᠬᠣᠣᠰ ᠠᠰᠢᠭ᠋᠎ᠢ ᠪᠡᠶᠡᠯᠡᠭᠦᠯᠵᠦ ᠪᠣᠯᠣᠨ᠎ᠠ᠃ ᠡᠨᠡ ᠪᠣᠯ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠵᠠᠢᠯᠠᠰᠢ ᠦᠭᠡᠢ ᠱᠠᠭᠠᠷᠳᠠᠯᠭ᠎ᠠ ᠪᠣᠯᠬᠤ ᠪᠥᠭᠡᠳ ᠪᠠᠰᠠ ᠴᠤ᠌ ᠮᠠᠯᠵᠢᠬᠤ ᠣᠷᠣᠨ᠎ᠤ ᠦᠷᠭᠦᠯᠵᠢᠯᠡᠬᠦ ᠬᠥᠭᠵᠢᠯᠲᠡ᠎ᠶᠢᠨ ᠦᠨᠳᠦᠰᠦᠨ ᠪᠠᠲᠤᠯᠠᠭ᠎ᠠ ᠪᠣᠯᠣᠨ᠎ᠠ᠃
ᠵᠣᠬᠢᠶᠠᠮᠠᠯ ᠤᠶᠤᠨ ᠴᠢᠳᠠᠪᠤᠷᠢ ᠨᠢ ᠮᠠᠯᠵᠢᠬᠤ ᠣᠷᠣᠨ᠎ᠳᠤ ᠦᠢᠯᠡᠳᠪᠦᠷᠢᠯᠡᠯ᠎ᠦᠨ ᠠᠷᠭ᠎ᠠ ᠬᠡᠯᠪᠡᠷᠢ᠂ ᠨᠡᠢᠭᠡᠮ᠎ᠦᠨ ᠪᠦᠲᠦᠴᠡ ᠪᠣᠯᠣᠨ ᠠᠮᠢ ᠠᠬᠤᠢ᠎ᠶᠢᠨ ᠣᠢᠯᠠᠭᠠᠭᠳᠠᠬᠤᠨ᠎ᠢ ᠪᠦᠬᠦ ᠲᠠᠯ᠎ᠠ᠎ᠪᠠᠷ ᠰᠢᠨᠡᠴᠢᠯᠡᠵᠦ ᠪᠣᠢ᠃ ᠲᠡᠷᠡ ᠨᠢ ᠮᠠᠯ ᠠᠵᠤ ᠠᠬᠤᠢ᠎ᠶᠢ ᠨᠠᠩ ᠥᠨᠳᠥᠷ ᠪᠦᠲᠦᠮᠵᠢᠲᠡᠶ ᠪᠣᠯᠭᠠᠵᠤ᠂ ᠲᠠᠯ᠎ᠠ ᠨᠤᠲᠤᠭ᠎ᠢ ᠨᠠᠩ ᠪᠣᠬᠢᠷᠲᠤᠯ ᠦᠭᠡᠢ ᠪᠣᠯᠭᠠᠵᠤ᠂ ᠪᠠᠰᠠ ᠮᠠᠯᠴᠢᠳ᠎ᠤᠨ ᠠᠮᠢᠳᠤᠷᠠᠯ᠎ᠢ ᠨᠠᠩ ᠪᠠᠶᠠᠨ ᠴᠢᠨᠡᠭᠡᠯᠢᠭ ᠪᠣᠯᠭᠠᠨ᠎ᠠ᠃
《ᠠᠷᠪᠠᠨ ᠲᠠᠪᠤᠳᠣᠭᠠᠷ ᠲᠠᠪᠣᠨ ᠵᠢᠯ》 ᠦᠨ ᠲᠥᠯᠦᠪᠵᠢᠭᠦᠯᠭᠡ᠎ᠳᠦ ᠬᠠᠨᠳᠣᠨ ᠥᠪᠥᠷ ᠮᠣᠩᠭᠣᠯ 《ᠵᠣᠬᠢᠶᠠᠮᠠᠯ ᠣᠶᠤᠨ ᠴᠢᠳᠠᠪᠤᠷᠢ + ᠮᠠᠯ ᠠᠵᠤ ᠠᠬᠤᠢ》 ᠵᠢᠨ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ᠎ᠢ ᠠᠮᠵᠢᠨ ᠤᠯᠤᠰ᠎ᠤᠨ ᠲᠠᠰ᠎ᠤᠨ ᠣᠶᠤᠨᠴᠢ ᠮᠠᠯ ᠠᠵᠤ ᠠᠬᠤᠢ᠎ᠶᠢᠨ ᠵᠢᠱ᠌ᠢᠶ᠎ᠡ ᠦᠵᠡᠭᠦᠯᠬᠦ ᠣᠷᠣᠨ᠎ᠢ ᠪᠠᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠢᠭᠡᠳ ᠠᠮᠢ ᠠᠬᠤᠢ᠂ ᠠᠵᠤ ᠦᠢᠯᠡᠰ ᠬᠢᠭᠡᠳ ᠰᠣᠶᠣᠯ ᠬᠠᠮᠵᠢᠯᠴᠠᠨ ᠬᠥᠭᠵᠢᠭᠰᠡᠨ ᠰᠢᠨ᠎ᠡ ᠪᠠᠢᠷᠢᠰᠢᠯ᠎ᠢ ᠪᠣᠶ ᠪᠣᠯᠭᠠᠪᠠᠯ ᠵᠣᠬᠢᠨ᠎ᠠ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠢᠡᠷ ᠮᠠᠯᠵᠢᠬᠣ ᠣᠷᠣᠨ᠎ᠦ ᠬᠦᠭᠵᠢᠯᠳᠡ᠎ᠳᠦ ᠵᠢᠬᠦᠷ ᠣᠷᠭᠣᠭᠣᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠮᠠᠯᠵᠢᠬᠤ ᠣᠷᠣᠨ᠎ᠤ ᠣᠳᠣᠬᠢᠴᠢᠯᠠᠯᠲᠠ᠎ᠶᠢᠨ ᠬᠠᠮᠤᠭ᠎ᠤᠨ ᠬᠦᠴᠦᠷᠬᠡᠭ ᠬᠥᠳᠡᠯᠭᠡᠭᠦᠷ ᠪᠣᠯᠭᠠᠶ᠎ᠠ᠃
(ᠵᠣᠬᠢᠶᠠᠬᠴᠢ ᠵᠢᠨ ᠬᠠᠶᠢᠬ᠄ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠺᠣᠮᠫᠢᠦ᠋ᠲᠧᠷ᠎ᠦᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠳᠡᠭᠡᠳᠦ ᠰᠤᠷᠭᠠᠭᠤᠯᠢ)