ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠤᠢᠯᠠᠭᠠᠭᠰᠠᠨ ᠶ᠋ᠢᠡᠷ᠂ ᠤᠢᠷ᠎ᠠ ᠶ᠋ᠢᠨ ᠵᠢᠯ ᠳ᠋ᠤ ᠬᠢᠡᠭᠭᠠᠨ ᠠᠢᠮᠠᠭ 2100 ᠲᠠᠷᠢᠶᠠᠯᠠᠩ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠭᠤᠤᠯ ᠴᠣᠭ᠍ᠴᠠ ᠵᠢ ᠪᠣᠢᠵᠢᠭᠤᠯᠵᠤ᠂ ᠵᠢᠯ ᠤ᠋ᠨ ᠦᠶ᠋ᠯᠡᠴᠢᠯᠡᠭᠡᠨ ᠤ᠋ ᠲᠠᠯᠠᠪᠠᠶ ᠨᠢ 591 ᠲᠦᠮᠡᠨ ᠮᠥ᠍ ᠳ᠋ᠤ ᠬᠦᠷᠴᠤ᠂ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳ᠋ᠤ ᠴᠢᠬᠤᠯᠠ ᠬᠦᠴᠦᠨ ᠨᠡᠮᠡᠷᠢᠯᠡᠵᠦ ᠪᠠᠢᠨ᠎ᠠ᠃
ᠤᠢ᠍ᠢᠷᠠ ᠶ᠋ᠢᠨ ᠵᠢᠯ ᠳ᠋ᠤ᠂ ᠬᠢᠩᠭᠠᠨ ᠠᠢᠮᠠᠭ ᠲᠠᠷᠢᠶᠠᠯᠠᠡᠭ ᠤ᠋ᠨ ᠨᠡᠢᠭᠡᠮᠴᠢᠯᠡᠭ᠌ᠰᠡᠨ ᠦᠢᠯᠡᠴᠢᠯᠡᠭᠡ ᠶ᠋ᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ 《ᠵᠠᠩᠭᠢᠯᠠᠭ᠎ᠠ ᠶ᠋ᠢᠨ ᠭᠠᠷᠳᠠᠴᠠ》 ᠪᠤᠯᠭᠠᠨ᠂ ᠤᠯᠠᠨ ᠡᠱᠢᠵᠢᠭ᠌ᠰᠡᠨ ᠭᠣᠣᠯ ᠴᠣᠭ᠍ᠴᠠ ᠵᠢ ᠪᠣᠢᠵᠢᠭᠤᠯᠬᠤ᠂ ᠦᠢᠯᠡᠴᠢᠯᠡᠭᠡᠨ ᠤ᠋ ᠬᠡᠪ ᠵᠠᠭ᠍ᠪᠤᠷ ᠢ᠋ ᠱᠢᠨᠡᠴᠢᠯᠡᠬᠦ᠌᠂ ᠲᠦᠷᠦ᠍ ᠶ᠋ᠢᠨ ᠪᠤᠳᠤᠯᠭ᠎ᠠ ᠪᠠᠷ ᠬᠦᠳᠦᠯᠥᠨ ᠳᠠᠭᠠᠭᠤᠯᠬᠤ ᠵᠢ ᠴᠢᠩᠭᠠᠳᠭᠠᠬᠤ ᠵᠡᠷᠭᠡ ᠠᠷᠭ᠎ᠠ ᠪᠠᠷ ᠪᠦᠬᠦ᠌ ᠶᠠᠪᠤᠴᠠ ᠵᠢ ᠬᠠᠮᠤᠷᠤᠭᠰᠠᠨ᠂ ᠶᠡᠷᠦᠩᠬᠡᠢᠯᠡᠭ᠌ᠰᠡᠨ ᠢᠵᠢ ᠪᠦᠷᠢᠳᠦᠭ᠌ᠰᠡᠨ ᠦᠢᠯᠡᠴᠢᠯᠡᠭᠡᠨ ᠤ᠋ ᠱᠢᠰᠲ᠋ᠧᠮ ᠢ᠋ ᠪᠠᠢᠭᠤᠯᠵᠤ᠂ ᠲᠠᠷᠢᠶᠠᠯᠠᠡᠭ ᠦᠢᠯᠡᠳᠪᠦᠷᠢᠯᠡᠯ ᠤ᠋ᠨ ᠦᠷ᠎ᠠ ᠠᠰᠢᠭ ᠢ᠋ ᠨᠡᠮᠡᠭᠳᠡᠭᠦᠯᠤᠨ᠂ ᠲᠠᠷᠢᠶᠠᠴᠢᠳ ᠤ᠋ᠨ ᠣᠷᠣᠯᠭ᠎ᠠ ᠵᠢ ᠨᠡᠮᠡᠭᠳᠡᠭᠦᠯᠬᠦ ᠳ᠋ᠤ ᠡᠷᠴᠢᠮᠳᠠᠢ ᠬᠦᠳᠡᠯᠭᠡᠬᠦ ᠬᠦᠴᠦᠨ ᠬᠠᠩᠭᠠᠪᠠ᠃ ᠦᠢᠷ᠎ᠠ ᠶ᠋ᠢᠨ ᠲᠠᠪᠤᠨ ᠵᠢᠯ ᠳ᠋ᠤ᠂ ᠪᠦᠬᠦ ᠠᠢᠮᠠᠭ ᠤ᠋ᠨ ᠲᠠᠷᠢᠶᠠᠯᠠᠩ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠭᠤᠤᠯ ᠴᠣᠭ᠍ᠴᠠ 160% ᠪᠡᠷ ᠨᠡᠮᠡᠭᠳᠡᠵᠤ᠂ ᠦᠶ᠋ᠯᠡᠴᠢᠯᠡᠭᠡᠨ ᠤ᠋ ᠲᠠᠯᠠᠪᠠᠶ ᠨᠢ 130% ᠪᠡᠷ ᠨᠡᠮᠡᠭ᠌ᠳᠡᠨ᠂ ᠲᠤᠰᠬᠠᠢ ᠬᠣᠷᠱᠢᠶᠠ᠂ ᠲᠣᠰᠭᠣᠨ ᠤ᠋ ᠬᠠᠮᠲᠤ ᠶ᠋ᠢᠨ ᠠᠵᠤ ᠠᠬᠤᠶ ᠶ᠋ᠢᠨ ᠵᠣᠬᠢᠶᠠᠨ ᠪᠠᠢᠭᠤᠯᠤᠯᠲᠠ ᠪᠤᠯᠤᠨ ᠲᠤᠰᠭᠠᠶ ᠦᠶ᠋ᠯᠡᠴᠢᠯᠡᠭᠡᠨ ᠤ᠋ ᠠᠩᠭᠢ ᠪᠠᠷ ᠭᠤᠤᠯ ᠪᠣᠯᠭᠠᠭ᠍ᠰᠠᠨ ᠦᠶ᠋ᠯᠡᠴᠢᠯᠡᠭᠡᠨ ᠤ᠋ ᠡᠩᠨᠡᠭᠡ ᠵᠢ ᠪᠦᠷᠢᠯᠳᠦᠭᠦᠯᠵᠤ᠂ 14 ᠲᠦᠮᠡᠨ ᠲᠠᠷᠢᠶᠠᠯᠠᠬᠤ ᠡᠷᠦᠭᠡ ᠳ᠋ᠤ ᠦᠢᠯᠡᠴᠢᠯᠡᠭᠡ ᠬᠦᠷᠳᠡᠭᠡᠨ᠂ 2020 ᠤᠨ ᠤ᠋ ᠦᠶ᠎ᠠ ᠵᠢᠨ ᠬᠢ ᠡᠴᠡ 200% ᠪᠡᠷ ᠨᠡᠮᠡᠭᠳᠡᠵᠠᠢ᠃
ᠤᠳᠤ ᠬᠢᠩᠭᠠᠨ ᠠᠢᠮᠠᠭ ᠤ᠋ᠨ ᠡᠯ᠎ᠠ ᠲᠦᠷᠦᠯ ᠤ᠋ᠨ ᠲᠠᠷᠢᠶᠠᠯᠠᠡᠭ ᠤ᠋ᠨ ᠨᠡᠢᠭᠡᠮᠴᠢᠯᠡᠭ᠌ᠰᠡᠨ ᠦᠢᠯᠡᠴᠢᠯᠡᠭᠡᠨ ᠤ᠋ ᠭᠤᠤᠯ ᠴᠤᠭᠴᠠ ᠶ᠋ᠢᠨ ᠦᠢᠯᠡᠴᠢᠯᠡᠬᠦ ᠬᠡᠪᠴᠢᠶ᠎ᠠ ᠨᠢ ᠭᠤᠤᠯ ᠪᠤᠯᠬᠤ ᠠᠮᠤ ᠪᠤᠳᠠᠭᠠᠨ ᠤ᠋ ᠲᠠᠷᠢᠮᠠᠯ ᠢ᠋ ᠪᠦᠬᠦᠨ ᠢ᠋ ᠬᠠᠮᠤᠷᠬᠤ ᠶ᠋ᠢᠨ ᠬᠠᠮᠳᠤ ᠰᠢᠬᠢᠷ ᠯᠤᠤᠪᠠᠩ᠂ ᠰᠢᠯᠢᠮᠳᠡᠭ ᠵᠡᠷᠭᠡ ᠠᠵᠤ ᠠᠬᠤᠢ ᠶ᠋ᠢᠨ ᠲᠠᠷᠢᠮᠠᠯ ᠢ᠋ ᠴᠤ᠌ ᠬᠠᠮᠤᠷᠴᠤ ᠪᠤᠢ᠃ ᠲᠡᠳᠡ ᠲᠠᠷᠢᠶᠠᠯᠠᠬᠤ ᠡᠷᠦᠬᠡ ᠳ᠋ᠤ ᠲᠠᠷᠢᠶᠠᠨ ᠦᠷ᠎ᠠ ᠪᠠ ᠪᠤᠷᠳᠤᠭᠤᠷ ᠢ᠋ ᠨᠢᠭᠡᠳᠦᠯᠳᠠᠢ ᠬᠤᠳᠠᠯᠳᠤᠨ ᠠᠪᠬᠤ᠂ ᠨᠢᠭᠡᠳᠦᠯᠳᠠᠢ ᠲᠠᠷᠢᠬᠤ᠂ ᠡᠪᠡᠳᠴᠢᠨ ᠬᠤᠷᠤᠬᠠᠢ ᠶ᠋ᠢᠨ ᠬᠦᠨᠦᠭᠡᠯ ᠢ᠋ ᠨᠢᠭᠡᠳᠦᠯᠳᠠᠢ ᠰᠡᠷᠭᠡᠢᠯᠡᠬᠦ᠂ ᠨᠢᠭᠡᠳᠦᠯᠳᠠᠢ ᠬᠤᠷᠢᠶᠠᠬᠤ᠂ ᠨᠢᠭᠡᠳᠦᠯᠳᠠᠢ ᠪᠤᠷᠤᠯᠠᠭᠤᠯᠬᠤ ᠪᠦᠬᠦ ᠶᠠᠪᠤᠴᠠ ᠶ᠋ᠢᠨ ᠦᠢᠯᠡᠴᠢᠯᠡᠭᠡ ᠬᠠᠩᠭᠠᠭᠰᠠᠨ ᠶ᠋ᠢᠡᠷ ᠲᠠᠷᠢᠶᠠᠴᠢᠳ ᠤ᠋ᠨ ᠲᠠᠷᠢᠶᠠᠨ ᠠᠵᠢᠯ ᠬᠢᠬᠦ᠌ ᠴᠠᠭ ᠢ᠋ ᠵᠢᠯ ᠳᠤᠮᠳᠠᠴᠢ ᠪᠠᠷ 30% — 50% ᠪᠡᠷ ᠪᠠᠭᠠᠰᠬᠠᠵᠤ᠂ ᠶᠡᠬᠡ ᠬᠡᠮᠵᠢᠶᠡᠨ ᠤ᠋ ᠬᠥᠳᠡᠯᠮᠦᠷᠢ ᠬᠦᠴᠦ ᠵᠢᠨ ᠬᠣᠶᠠᠳᠤᠭᠠᠷ ᠭᠤᠷᠪᠠᠳᠤᠭᠠᠷ ᠠᠵᠤ ᠦᠢᠯᠡᠰ ᠲᠠᠢᠰᠢ ᠰᠢᠯᠵᠢᠬᠦ ᠶ᠋ᠢ ᠠᠬᠢᠭᠤᠯᠪᠠ᠃ ᠳᠡᠳᠡ ᠪᠠᠰᠠ ᠰᠠᠢᠨ ᠡᠭᠦᠯᠳᠡᠷ ᠢ᠋ ᠳᠡᠯᠭᠡᠷᠡᠭᠦᠯᠬᠦ᠌᠂ ᠬᠥᠷᠥᠰᠥ ᠵᠢ ᠰᠢᠨᠵᠢᠨ ᠪᠣᠷᠳᠣᠭᠤᠷ ᠣᠷᠣᠭᠤᠯᠬᠤ ᠵᠡᠷᠭᠡ ᠮᠡᠷᠭᠡᠵᠢᠯ ᠢ᠋ ᠳᠡᠯᠭᠡᠷᠡᠭᠦᠯᠬᠦ ᠪᠡᠷ ᠳᠠᠮᠵᠢᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠶ᠋ᠢ 100 ᠺᠢᠯᠤᠭ᠌ᠷᠠᠮ ᠰᠢᠬᠠᠮ ᠳᠡᠭᠡᠭ᠌ᠰᠢᠯᠡᠭᠦᠯᠵᠦ᠍᠂ ᠱᠢᠷᠠ ᠪᠤᠷᠴᠠᠭ ᠤ᠋ᠨ ᠮᠦ᠍ ᠨᠢᠭᠡᠴᠢ ᠶ᠋ᠢᠨ ᠤᠨᠠᠯᠲᠠ ᠶ᠋ᠢ 20 — 50 ᠺᠢᠯᠣᠭ᠌ᠷᠠᠮ ᠳᠡᠭᠡᠭᠰᠢᠯᠡᠭᠦᠯᠦᠭᠰᠡᠨ ᠪᠠᠢᠨ᠎ᠠ᠃ ᠡᠭᠦᠨ ᠤ᠋ ᠬᠠᠮᠲᠤ ᠲᠠᠷᠢᠶᠠᠯᠠᠩ ᠤ᠋ᠨ ᠬᠡᠷᠡᠭ᠌ᠰᠡᠯᠢ ᠨᠢᠭᠡᠳᠦᠯᠳᠠᠢ ᠬᠤᠳᠠᠯᠳᠤᠨ ᠠᠪᠴᠤ ᠲᠦᠪᠯᠡᠷᠡᠭᠦᠯᠦᠨ ᠬᠡᠷᠡᠭᠯᠡᠭᠡᠳ᠂ ᠲᠠᠷᠢᠶᠠᠯᠠᠩ ᠦᠢᠯᠡᠳᠪᠦᠷᠢᠯᠡᠯ ᠤ᠋ᠨ ᠥᠪᠡᠷ ᠤ᠋ᠨ ᠦᠷᠳᠡᠭ ᠢ᠋ 5% — 10% ᠪᠡᠷ ᠪᠠᠭᠤᠷᠠᠭᠤᠯᠪᠠ᠃