ᠲᠤᠭᠠᠴᠢᠯᠠᠭᠰᠠᠨ ᠤᠶᠤᠨᠴᠢᠯᠠᠭᠰᠠᠨ ᠮᠡᠷᠭᠡᠵᠢᠯ ᠶ᠋ᠢᠡᠷ ᠬᠢᠯᠢ ᠪᠡᠷ ᠦᠩᠭᠡᠷᠡᠬᠦ ᠮᠠᠯ ᠤᠨᠤᠭ᠎ᠠ ᠶ᠋ᠢᠨ ᠬᠢᠨᠠᠯᠲᠠ ᠬᠠᠮᠢᠶᠠᠷᠤᠯᠲᠠ ᠶ᠋ᠢ ᠴᠢᠩᠭᠠᠳᠬᠠᠨ᠎ᠠ
2025-12-05 16:21:51
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠤᠢᠯᠠᠭᠠᠭᠰᠠᠨ ᠶ᠋ᠢᠡᠷ᠂ ᠬᠢᠯᠢ ᠪᠡᠷ ᠦᠩᠭᠡᠷᠡᠬᠦ ᠮᠠᠯ ᠤᠨᠤᠭ᠎ᠠ ᠶ᠋ᠢᠨ ᠬᠢᠨᠠᠯᠲᠠ ᠬᠠᠮᠢᠶᠠᠷᠤᠯᠲᠠ ᠵᠢᠴᠢ ᠠᠮᠢᠲᠠᠨ ᠤ᠋ ᠭᠡᠮ ᠬᠢᠵᠢᠭ ᠢ᠋ ᠰᠡᠷᠭᠡᠢᠯᠡᠨ ᠡᠵᠡᠮᠳᠡᠬᠦ᠌ ᠠᠵᠢᠯ ᠢ᠋ ᠪᠥᠬᠥ᠌ ᠲᠠᠯ᠎ᠠ ᠪᠠᠷ ᠴᠢᠩᠭᠠᠳᠭᠠᠬᠤ ᠶ᠋ᠢᠨ ᠲᠥᠯᠥᠭᠡ᠂ ᠬᠦᠯᠦᠨ ᠪᠤᠢᠷ ᠬᠣᠲᠠ ᠤᠶᠤᠨᠴᠢᠯᠠᠭᠰᠠᠨ ᠮᠠᠯ ᠠᠵᠤ ᠠᠬᠤᠢ ᠶ᠋ᠢᠨ ᠳ᠋ᠠᠢᠲ᠋ᠠ ᠶ᠋ᠢᠨ ᠳᠠᠪᠴᠠᠩ ᠳ᠋ᠠᠭᠠᠨ ᠲᠦᠰᠢᠭᠯᠡᠨ᠂ 《ᠲᠤᠰᠬᠠᠢ ᠨᠡᠪᠲᠡᠷᠡᠬᠦ᠌ ᠵᠠᠮ + ᠬᠦᠳᠡᠯᠦᠡᠭᠭᠦᠢ ᠬᠢᠨᠠᠨ ᠪᠠᠢᠴᠠᠭᠠᠬᠤ ᠥᠷᠲᠡᠭᠡ + AI ᠮᠡᠷᠭᠡᠵᠢᠯ ᠤ᠋ᠨ ᠬᠠᠪᠰᠤᠷᠤᠮᠵᠢ》 ᠶ᠋ᠢᠨ ᠰᠢᠨ᠎ᠡ ᠵᠢ ᠡᠬᠦᠳᠦᠭᠰᠡᠨ ᠬᠢᠨᠠᠯᠳᠠ ᠬᠠᠮᠢᠶᠠᠷᠤᠯᠳᠠ ᠶ᠋ᠢᠨ ᠵᠠᠭ᠍ᠪᠤᠷ ᠢ᠋ ᠪᠠᠢᠭᠤᠯᠵᠤ᠂ ᠮᠠᠯ ᠤᠨᠤᠭ᠎ᠠ ᠶ᠋ᠢ ᠱᠢᠯᠵᠢᠭᠦᠯᠦᠨ ᠵᠦᠭᠡᠭᠡᠪᠤᠷᠢᠯᠡᠬᠦ ᠦᠶᠡᠰ ᠤ᠋ᠨ ᠬᠢᠨᠠᠯᠲᠠ ᠬᠠᠮᠢᠶᠠᠷᠤᠯᠲᠠ ᠶ᠋ᠢ ᠲᠣᠭᠠᠴᠢᠯᠠᠭ᠍ᠰᠠᠨ ᠣᠶᠤᠨᠴᠢᠯᠠᠭ᠍ᠰᠠᠨ ᠱᠢᠨ᠎ᠡ ᠱᠠᠲᠤᠨ ᠳ᠋ᠤ ᠤᠷᠤᠭᠤᠯᠵᠠᠢ᠃

ᠲᠣᠰ ᠲᠠᠪᠴᠠᠩ ᠨᠢ ᠤᠳᠤᠬᠠᠨ ᠳ᠋ᠤ ᠪᠥᠬᠥ᠌ ᠬᠣᠲᠠ ᠶ᠋ᠢᠨ ᠮᠠᠯ ᠠᠵᠤ ᠠᠬᠤᠶ ᠶ᠋ᠢᠨ ᠦᠨᠳᠦᠰᠦᠨ ᠲᠣᠭ᠎ᠠ ᠪᠠᠷᠢᠮᠲᠠ ᠶ᠋ᠢ ᠴᠤᠭ᠍ᠯᠠᠭᠤᠯᠬᠤ ᠠᠵᠢᠯ ᠢ᠋ ᠨᠢᠭᠡᠨᠳᠡ ᠪᠡᠶᠡᠯᠡᠭᠦᠯᠵᠦ᠍᠂ ᠴᠢᠳᠠᠮᠵᠢ ᠶ᠋ᠢᠨ ᠲᠣᠬᠢᠷᠠᠭᠤᠯᠤᠯᠲᠠ ᠬᠢᠬᠦ᠂ ᠲᠣᠭ᠎ᠠ ᠪᠠᠷᠢᠮᠲᠠ ᠶ᠋ᠢ ᠬᠢᠨᠠᠨ ᠬᠠᠷᠭᠤᠭᠤᠯᠬᠤ ᠵᠢᠴᠢ ᠬᠡᠷᠡᠭᠯᠡᠭᠡ ᠶ᠋ᠢ ᠬᠢᠨᠠᠨ ᠱᠢᠯᠭᠠᠬᠤ ᠠᠵᠢᠯ ᠨᠢ ᠶᠠᠭ ᠯᠠᠪᠳᠠᠭᠤᠨ ᠶ᠋ᠢᠡᠷ ᠠᠬᠢᠵᠤ ᠪᠠᠢᠨ᠎ᠠ᠃ 11 ᠰᠠᠷ᠎ᠠ ᠶ᠋ᠢᠨ 5 ᠤ᠋ ᠡᠳᠦᠷ᠂ ᠲᠤᠰ ᠲᠠᠪᠴᠠᠩ ᠨᠢ ᠳᠣᠲᠣᠭᠠᠳᠤ ᠶ᠋ᠢ ᠬᠠᠮᠠᠭᠠᠯᠠᠬᠤ ᠲᠤᠪᠴᠢᠶ᠎ᠡ ᠶ᠋ᠢᠨ ᠸᠢᠳᠢᠤ᠋ ᠪᠠᠷ ᠬᠢᠨᠠᠨ ᠡᠵᠡᠮᠳᠡᠬᠦ᠌ ᠱᠢᠰᠲ᠋ᠧᠮ ᠤ᠋ᠨ ᠲᠣᠭ᠎ᠠ ᠪᠠᠷᠢᠮᠲᠠ ᠲᠠᠢ ᠬᠤᠯᠪᠤᠬᠤ ᠠᠵᠢᠯ ᠢ᠋ ᠠᠮᠵᠢᠯᠲᠠ ᠲᠠᠶ ᠪᠡᠶᠡᠯᠡᠭᠦᠯᠵᠦ᠍᠂ DeepSeek᠂ ᠠᠯᠢᠪᠠᠪᠠ ᠶ᠋ᠢᠨ ᠮᠢᠩᠭᠠᠨ ᠠᠰᠠᠭᠤᠯᠳᠠ ᠶ᠋ᠢᠨ AI ᠵᠠᠭ᠍ᠪᠤᠷ ᠤ᠋ᠨ ᠪᠠᠢᠷᠢᠯᠠᠭᠤᠯᠤᠯᠲᠠ ᠶ᠋ᠢ ᠪᠡᠶᠡᠯᠡᠭᠦᠯᠦᠭ᠌ᠰᠡᠨ ᠪᠥᠭᠡᠳ 《ᠲᠡᠷᠭᠡᠨ ᠳ᠋ᠡᠬᠢ ᠮᠠᠯ ᠤᠨᠤᠭ᠎ᠠ ᠶ᠋ᠢ ᠣᠶᠤᠨᠴᠢ ᠪᠠᠷ ᠰᠡᠭᠦᠳᠡᠷᠯᠡᠬᠦ᠌ ᠪᠠ ᠬᠢᠨᠠᠨ ᠬᠠᠷᠭᠤᠭᠤᠯᠬᠤ》 ᠴᠢᠳᠠᠮᠵᠢ᠎ᠶ᠋ᠢ ᠲᠤᠷᠱᠢᠨ ᠨᠡᠪᠳᠡᠷᠡᠭᠦᠯᠪᠠ᠃

ᠲᠤᠰ ᠰᠢᠰᠲᠧᠮ ᠨᠢ AI ᠮᠡᠷᠭᠡᠵᠢᠯ ᠶ᠋ᠢᠡᠷ ᠸᠢᠳᠢᠤ᠋ ᠶ᠋ᠢ ᠢᠯᠭᠠᠨ ᠲᠠᠨᠢᠬᠤ ᠮᠡᠷᠭᠡᠵᠢᠯ ᠢ᠋ ᠠᠰᠢᠭᠯᠠᠨ᠂ ᠬᠦᠯᠦᠨ ᠪᠤᠢᠷ ᠬᠣᠲᠠ ᠪᠡᠷ ᠤᠷᠤᠵᠤ ᠭᠠᠷᠬᠤ ᠮᠠᠯ ᠤᠨᠤᠭ᠎ᠠ ᠲᠡᠭᠡᠭᠡᠭᠰᠡᠨ ᠲᠡᠷᠭᠡ ᠮᠠᠰᠢᠨ ᠳ᠋ᠤ 24 ᠴᠠᠭ ᠶ᠋ᠢᠡᠷ ᠸᠢᠳᠢᠤ᠋ ᠶ᠋ᠢᠨ ᠵᠠᠳᠠᠯᠤᠯᠲᠠ ᠬᠢᠵᠦ᠍᠂ ᠲᠠᠪᠴᠠᠩ ᠳ᠋ᠤ ᠳᠠᠩᠰᠠᠯᠠᠭᠤᠯᠤᠭ᠍ᠰᠠᠨ ᠲᠤᠭ᠎ᠠ ᠪᠠᠷᠢᠮᠳᠠ ᠵᠢᠴᠢ ᠲᠤᠰᠬᠠᠢ ᠨᠡᠪᠲᠡᠷᠡᠬᠦ᠌ ᠵᠠᠮ ᠤ᠋ᠨ ᠰᠢᠯᠭᠠᠨ ᠪᠠᠢᠴᠠᠭᠠᠭᠰᠠᠨ ᠮᠡᠳᠡᠭᠡ ᠵᠠᠩᠭᠢ ᠲᠠᠢ ᠠᠦ᠋ᠲ᠋ᠣ᠋ ᠪᠠᠷ ᠬᠠᠷᠢᠴᠠᠭᠤᠯᠤᠨ ᠬᠠᠷᠭᠤᠭᠤᠯᠤᠨ᠎ᠠ᠃ ᠬᠡᠪ ᠤ᠋ᠨ ᠪᠤᠰᠤ ᠪᠠᠢᠳᠠᠯ ᠢᠯᠡᠷᠡᠪᠡᠯ᠂ ᠰᠢᠰᠲᠧᠮ ᠡᠴᠡ ᠬᠠᠷᠢᠶ᠎ᠠ ᠣᠷᠣᠨ ᠤ᠋ ᠬᠤᠯᠪᠤᠭᠳᠠᠯ ᠪᠥᠬᠥᠶ ᠬᠦᠳᠡᠯᠦᠡᠭᠭᠦᠢ ᠬᠢᠨᠠᠨ ᠪᠠᠢᠴᠠᠭᠠᠯᠲᠠ ᠶ᠋ᠢᠨ ᠥᠷᠲᠡᠭᠡ ᠵᠢᠴᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ᠌ ᠰᠡᠷᠡᠮᠵᠢᠯᠡᠭᠦᠯᠬᠦ᠌ ᠮᠡᠳᠡᠭᠡ ᠵᠠᠩᠭᠢ ᠶ᠋ᠢ ᠲᠡᠷᠡ ᠳᠠᠷᠤᠶ ᠳ᠋ᠤᠨᠢ ᠢᠯᠡᠭᠡᠵᠦ᠂ ᠵᠢᠵᠢᠭᠦᠷᠯᠡᠬᠦ᠌ ᠬᠥᠮᠦᠰ ᠦᠳᠲᠡᠷ ᠲᠦᠷᠭᠡᠨ ᠠᠵᠢᠯᠯᠠᠭ᠎ᠠ ᠠᠪᠴᠤ᠂ ᠲᠣᠭ᠍ᠲᠠᠭᠠᠯ ᠡᠴᠡ ᠵᠥᠷᠢᠴᠡᠵᠦ᠍ ᠬᠠᠤᠯᠢ ᠡᠴᠡ ᠵᠦᠷᠢᠴᠡᠭᠰᠡᠨ ᠠᠵᠢᠯᠯᠠᠭ᠎ᠠ ᠶᠠᠪᠤᠭᠳᠠᠬᠤ ᠶ᠋ᠢ ᠪᠦᠲᠦᠮᠵᠢᠲᠡᠶ ᠬᠣᠷᠢᠭ᠍ᠯᠠᠬᠤ ᠳ᠋ᠤ ᠬᠦᠷᠭᠡᠨ᠂ ᠤᠷᠤᠵᠤ ᠭᠠᠷᠬᠤ ᠮᠠᠯ ᠤᠨᠤᠭ᠎ᠠ ᠶ᠋ᠢ ᠤᠨᠤᠴᠠᠲᠠᠢ ᠪᠡᠷ ᠢᠯᠭᠠᠨ ᠲᠠᠨᠢᠬᠤ ᠪᠠ ᠥᠨᠳᠥᠷ ᠪᠦᠲᠦᠮᠵᠢᠲᠡᠶ ᠪᠡᠷ ᠬᠢᠨᠠᠨ ᠬᠠᠮᠢᠶᠠᠷᠬᠤ ᠶ᠋ᠢ ᠪᠡᠶᠡᠯᠡᠭᠦᠯᠬᠦ ᠪᠤᠯᠤᠨ᠎ᠠ᠃

ᠣᠳᠣᠬᠠᠨ᠎ᠳᠤ ᠲᠤᠰ ᠲᠠᠪᠴᠠᠩ ᠤ᠋ᠨ ᠦᠨᠳᠦᠰᠦᠨ ᠴᠢᠳᠠᠮᠵᠢ ᠲᠣᠭ᠍ᠲᠠᠭᠤᠨ ᠶ᠋ᠢᠡᠷ ᠤᠷᠴᠢᠵᠤ᠂ ᠲᠣᠭ᠎ᠠ ᠪᠠᠷᠢᠮᠲᠠ ᠰᠠᠭᠠᠳ ᠥᠬᠡᠶ ᠨᠡᠪᠳᠡᠷᠡᠵᠦ ᠪᠠᠢᠨ᠎ᠠ᠃ ᠡᠢᠨ ᠬᠦ᠌ ᠬᠢᠨᠠᠯᠳᠠ ᠬᠠᠮᠢᠶᠠᠷᠤᠯᠳᠠ ᠶ᠋ᠢᠨ ᠵᠠᠭ᠍ᠪᠤᠷ ᠨᠢ ᠠᠵᠢᠯ ᠤ᠋ᠨ ᠦᠷ᠎ᠡ ᠪᠦᠲᠦᠮᠵᠢ ᠶ᠋ᠢ ᠶᠡᠬᠡ᠎ᠪᠡᠷ ᠳᠡᠭᠡᠭ᠌ᠰᠢᠯᠡᠭᠦᠯᠵᠦ᠍᠂ ᠠᠮᠢᠲᠠᠨ ᠤ᠋ ᠬᠢᠵᠢᠭ ᠣᠷᠣᠨ ᠪᠦᠰᠡ ᠠᠯᠤᠰᠯᠠᠨ ᠳᠡᠯᠭᠡᠷᠡᠬᠦ᠎ᠶ᠋ᠢ ᠰᠡᠷᠭᠡᠢᠯᠡᠬᠦ ᠳ᠋ᠤ ᠪᠠᠲᠤ ᠪᠠᠬᠢ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号