ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠡᠴᠡ ᠣᠢᠯᠠᠭᠠᠭ᠍ᠰᠠᠨ ᠢ᠋ᠢᠡᠷ᠂ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ ᠥᠪᠥᠷ ᠮᠣᠩᠭᠣᠯ ᠤᠰᠤᠨ ᠤ᠋ ᠣᠷᠴᠢᠨ ᠲᠣᠭᠣᠷᠢᠨ᠂ ᠤᠰᠤᠨ ᠤ᠋ ᠠᠮᠢ ᠠᠬᠤᠶ᠂ ᠤᠰᠤᠨ ᠤ᠋ ᠡᠬᠢ ᠪᠠᠶᠠᠯᠢᠭ ᠢ᠋ ᠨᠢᠭᠡᠳᠦᠯᠲᠡᠶ ᠲᠥᠯᠥᠪᠵᠢᠭᠦᠯᠵᠦ᠍᠂ ᠭᠤᠤᠯᠳᠠᠯᠭ᠎ᠠ ᠲᠠᠶ ᠨᠠᠭᠤᠷ ᠴᠥᠭᠥᠷᠥᠮ ᠢ᠋ ᠬᠠᠮᠠᠭᠠᠯᠠᠨ ᠰᠡᠷᠭᠦᠭᠡᠬᠦ᠌ ᠢ᠋ᠢ ᠠᠬᠢᠭᠤᠯᠤᠨ᠂ 《ᠨᠢᠭᠡ ᠨᠠᠭᠤᠷ ᠲᠤ᠌ ᠨᠢᠭᠡ ᠪᠣᠳᠣᠯᠭ᠎ᠠ》 ᠢ᠋ᠢ ᠬᠡᠷᠡᠭᠵᠢᠭᠦᠯᠵᠤ᠂ ᠨᠠᠭᠤᠷ ᠴᠥᠭᠥᠷᠥᠮ ᠢ᠋ ᠵᠠᠰᠠᠬᠤ ᠳ᠋ᠠᠭᠠᠨ 《ᠨᠠᠭᠤᠷ ᠢ᠋ ᠵᠠᠰᠠᠬᠤ》 ᠡᠴᠡ 《ᠰᠠᠪᠠ ᠭᠠᠵᠠᠷ ᠢ᠋ ᠵᠠᠰᠠᠬᠤ》 ᠲᠡᠢᠰᠢ ᠬᠤᠪᠢᠷᠠᠭᠤᠯᠤᠭᠠᠳ ᠬᠦᠯᠦᠨ ᠨᠠᠭᠤᠷ᠂ ᠳᠠᠭ᠎ᠠ ᠢ᠋ᠢᠨ ᠨᠠᠭᠤᠷ ᠪᠤᠯᠤᠨ ᠤᠯᠠᠭᠠᠨᠰᠤᠬᠠᠢ 《ᠭᠤᠷᠪᠠᠨ ᠨᠠᠭᠤᠷ》 ᠤ᠋ᠨ ᠤᠰᠤᠨ ᠤ᠋ ᠴᠠᠷᠠᠭ᠎ᠠ ᠢ᠋ᠢ ᠵᠤᠬᠢᠰᠲᠠᠢ ᠬᠡᠪᠴᠢᠶᠠᠨ ᠳ᠋ᠤ ᠲᠣᠭ᠍ᠲᠠᠪᠤᠷᠢᠵᠢᠭᠤᠯᠪᠠ᠃
ᠣᠢᠯᠠᠭᠠᠭ᠍ᠰᠠᠨ ᠢ᠋ᠢᠡᠷ᠂ ᠤᠯᠠᠭᠠᠨᠰᠤᠬᠠᠢ ᠳ᠋ᠤ 2019 ᠣᠨ ᠳ᠋ᠤ ᠶᠡᠷᠦᠩᠬᠡᠢᠯᠡᠭ᠌ᠰᠡᠨ ᠵᠠᠰᠠᠯᠲᠠ ᠢ᠋ᠢ ᠥᠷᠨᠢᠭᠦᠯᠦᠭ᠌ᠰᠡᠨ ᠡᠴᠡ ᠨᠠᠭᠠᠰᠢ ᠣᠲᠣᠬᠠᠨ ᠪᠣᠯᠲᠠᠯ᠎ᠠ ᠨᠡᠢᠲᠡ 35.18 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠪᠡ; ᠳᠠᠭ᠎ᠠ ᠢ᠋ᠢᠨ ᠨᠠᠭᠤᠷ ᠲᠤ᠌ 2022 ᠣᠨ ᠳ᠋ᠤ ᠪᠠᠴᠢᠮ ᠪᠠᠢᠳᠠᠯ ᠢ᠋ ᠠᠷᠭᠠᠴᠠᠭᠠᠬᠤ ᠠᠮᠢ ᠠᠬᠤᠢ ᠢ᠋ᠢᠨ ᠤᠰᠤ ᠨᠥᠬᠥᠪᠥᠷᠢᠯᠡᠬᠦ᠌ ᠢᠨᠵᠧᠨᠧᠷᠢᠩ ᠢ᠋ ᠬᠡᠷᠡᠭᠵᠢᠭᠦᠯᠦᠭᠰᠡᠨ ᠡᠴᠡ ᠨᠡᠢ᠌ᠳᠡ 6316 ᠲᠦᠮᠡᠨ ᠪᠣᠰᠣᠭ᠎ᠠ ᠳᠥᠷᠪᠡᠯᠵᠢᠨ ᠮᠸᠲᠷ ᠤᠰᠤ ᠨᠥᠬᠥᠪᠥᠷᠢᠯᠡᠵᠦ᠍᠂ ᠨᠠᠭᠤᠷ ᠤ᠋ᠨ ᠤᠰᠤᠨ ᠤ᠋ ᠴᠠᠷᠠᠭ᠎ᠠ ᠢ᠋ᠢ ᠵᠣᠬᠢᠰᠲᠠᠢ ᠬᠡᠪᠴᠢᠶᠡᠨ ᠳ᠋ᠤ ᠪᠠᠢᠯᠭᠠᠵᠤ᠂ ᠤᠰᠤᠨ ᠤ᠋ ᠴᠢᠨᠠᠷ ᠢ᠋ ᠠᠯᠬᠤᠮ ᠠᠯᠬᠤᠮ ᠢ᠋ᠢᠡᠷ ᠰᠠᠢᠵᠢᠷᠠᠭᠤᠯᠬᠤ ᠳ᠋ᠤ ᠪᠠᠲᠤᠯᠠᠭ᠎ᠠ ᠬᠠᠩᠭᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠬᠥᠯᠥᠨ ᠨᠠᠭᠤᠷ᠂ ᠲᠠᠭ᠎ᠠ ᠢ᠋ᠢᠨ ᠨᠠᠭᠤᠷ ᠪᠤᠯᠤᠨ ᠤᠯᠠᠭᠠᠨᠰᠤᠬᠠᠢ ᠵᠢᠨ ᠤᠰᠤᠨ ᠤ᠋ ᠴᠢᠨᠠᠷ ᠲᠣᠭ᠍ᠲᠠᠭᠤᠨ ᠤ᠋ ᠳᠤᠮᠳᠠ ᠰᠠᠢᠵᠢᠷᠠᠵᠤ᠂ ᠬᠥᠯᠥᠨ ᠨᠠᠭᠤᠷ ᠪᠤᠯᠤᠨ ᠲᠠᠭ᠎ᠠ ᠢ᠋ᠢᠨ ᠨᠠᠭᠤᠷ ᠢ᠋ ᠤᠯᠤᠰ ᠤ᠋ᠨ ᠤᠰᠤᠨ ᠤ᠋ ᠠᠮᠢ ᠠᠬᠤᠶ ᠢ᠋ᠢᠨ ᠬᠢᠨᠠᠨ ᠬᠡᠮᠵᠢᠯᠲᠡ ᠢ᠋ᠢᠨ ᠲᠤᠷᠱᠢᠯᠲᠠ ᠢ᠋ᠢᠨ ᠴᠡᠭ ᠤ᠋ᠨ ᠨᠠᠭᠤᠷ ᠴᠥᠭᠥᠷᠥᠮ ᠳ᠋ᠤ ᠣᠷᠣᠭᠤᠯᠤᠨ᠂ ᠰᠠᠪᠠ ᠭᠠᠵᠠᠷ ᠤ᠋ᠨ ᠳᠣᠲᠣᠷᠠᠬᠢ ᠤᠷᠭᠤᠮᠠᠯ ᠤ᠋ᠨ ᠬᠤᠴᠢᠯᠭ᠎ᠠ ᠪᠣᠯᠤᠨ ᠵᠢᠭᠠᠰᠤᠨ ᠤ᠋ ᠲᠥᠷᠥᠯ᠂ ᠱᠢᠪᠠᠭᠤᠨ ᠤ᠋ ᠲᠥᠷᠥᠯ ᠵᠡᠷᠭᠡ ᠳᠦᠷᠰᠦ ᠢ᠋ᠢᠨ ᠲᠣᠭ᠎ᠠ ᠲᠣᠭ᠍ᠲᠠᠭᠤᠨ ᠢ᠋ᠢᠡᠷ ᠨᠡᠮᠡᠭ᠌ᠳᠡᠭᠰᠡᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号