《ᠭᠤᠷᠪᠠᠨ ᠠᠭᠤᠯᠠ ᠬᠣᠶᠠᠷ ᠭᠣᠣᠯ》 ᠵᠢᠡᠷ ᠠᠮᠢ ᠠᠬᠤᠢ᠎ᠶ᠋ᠢᠨ ᠱᠢᠨ᠎ᠡ ᠬᠠᠭᠤᠳᠠᠰᠤ ᠵᠢ ᠪᠢᠴᠢᠭᠯᠡᠵᠦ ᠵᠢᠨᠢᠩ ᠲᠤᠭᠤᠷᠢᠬ᠎ᠤᠨ ᠬᠥᠮᠦᠨ ᠳᠤᠮᠳᠠᠴᠢ᠎ᠳ᠋ᠤ ᠨᠣᠭ᠍ᠳᠠᠬᠤ ᠴᠡᠴᠡᠷᠯᠢᠭ᠎ᠦᠨ ᠨᠣᠭᠣᠭᠠᠷᠠᠭᠤᠯᠤᠯᠲᠠ᠎ᠶ᠋ᠢᠨ ᠲᠠᠯᠠᠪᠠᠶ 30 ᠲᠡᠭ᠌ᠰᠢ ᠳᠥᠷᠪᠡᠯᠵᠢᠨ ᠮᠧᠲ᠋ᠷ᠎ᠢ ᠲᠠᠪᠠᠵᠠᠢ
2025-12-05 10:47:20
ᠵᠣᠬᠢᠶᠠᠭ᠍ᠴᠢ᠄
ᠬᠤᠩ ᠰᠢᠶᠠ ᠪᠠᠶᠠᠷᠴᠡᠩᠭᠡᠯ ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠰᠢᠨ᠎ᠠ ᠴᠠᠬ ᠦᠶ᠎ᠠ ᠳ᠋ᠤ ᠤᠷᠤᠬᠰᠠᠨ ᠡᠴᠡ ᠨᠠᠭᠠᠰᠢ᠂ ᠵᠢᠨᠢᠩ ᠲᠣᠭᠣᠷᠢᠭ ᠠᠮᠢ ᠠᠬᠤᠶ ᠣᠷᠴᠢᠨ ᠲᠣᠭᠣᠷᠢᠨ ᠎ᠢ ᠰᠠᠢᠵᠢᠷᠠᠭᠤᠯᠬᠤ᠎ᠶ᠋ᠢ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠨ ᠠᠳᠭᠤᠵᠦ᠂ 《ᠭᠤᠷᠪᠠᠨ ᠠᠭᠤᠯᠠ ᠬᠣᠶᠠᠷ ᠭᠣᠣᠯ》 ᠤ᠋ᠨ ᠪᠦᠲᠦᠬᠡᠨ ᠪᠠᠢᠭᠤᠯᠤᠯᠳᠠ ᠪᠡᠷ ᠭᠠᠷᠳᠠᠴᠠ ᠪᠤᠯᠭᠠᠵᠦ᠂ 2010 ᠣᠨ᠎ᠠᠴᠠ ᠨᠠᠭᠠᠰᠢ ᠤᠷᠢᠳ ᠬᠤᠵᠢᠳ 150 ᠭᠠᠷᠤᠶ ᠳ᠋ᠦᠩᠱᠢᠭᠤᠷ ᠲᠥᠭᠥᠷᠢᠭ ᠎ᠤᠨ ᠪᠡᠯᠡ ᠮᠦᠩᠭᠦ ᠤᠷᠤᠭᠤᠯᠵᠤ᠂《ᠠᠭᠤᠯᠠ ᠨᠢ ᠬᠦᠬᠡᠮᠳᠦᠭ᠂ ᠤᠰᠤ ᠨᠢ ᠲᠤᠩᠭᠠᠯᠠᠭ》 ᠬᠤᠳᠠ᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠴᠣᠭ᠍ᠴᠠᠯᠠᠵᠤ᠂ ᠬᠤᠳᠠ ᠲᠤᠭᠤᠷᠢᠬ ᠵᠢᠡᠨ ᠴᠣ ᠱᠢᠨ᠎ᠡ ᠳᠦᠷᠰᠦ ᠪᠠᠢᠳᠠᠯ᠎ᠲᠠᠢ ᠪᠤᠯᠭᠠᠵᠤ᠂ ᠬᠤᠳᠠ ᠲᠣᠭᠣᠷᠢᠭ᠎ᠤᠨ ᠨᠣᠭᠣᠭᠠᠷᠠᠭᠤᠯᠤᠯᠲᠠ᠎ᠶ᠋ᠢᠨ ᠪᠦᠷᠬᠦᠴᠡ 42.98% ᠳ᠋ᠤ ᠬᠦᠷᠴᠤ᠂ ᠬᠥᠮᠦᠨ ᠳᠤᠮᠳᠠᠴᠢ᠎ᠳ᠋ᠤ ᠨᠣᠭ᠍ᠳᠠᠬᠤ ᠴᠡᠴᠡᠷᠯᠢᠭ᠎ᠦᠨ ᠨᠤᠭᠤᠭᠠᠷᠠᠭᠤᠯᠤᠯᠳᠠ ᠵᠢᠨ ᠲᠠᠯᠠᠪᠠᠶ 30.32 ᠲᠡᠭ᠌ᠰᠢ ᠳᠥᠷᠪᠡᠯᠵᠢᠨ ᠮᠧᠲ᠋ᠷ ᠲᠤ᠌ ᠬᠦᠷᠴᠤ᠂ ᠪᠦᠬᠦ ᠤᠷᠤᠨ ᠎ᠤ ᠡᠮᠦᠨ᠎ᠠ ᠡᠩᠨᠡᠬᠡᠨ ᠳ᠋ᠤ ᠤᠷᠤᠬᠰᠠᠨ ᠪᠠᠢᠨ᠎ᠠ᠃

ᠵᠢᠨᠢᠩ ᠲᠣᠭᠣᠷᠢᠭ ᠲᠸ᠋ ᠪᠠᠢᠷᠢᠯᠠᠭ᠎ᠠ ᠪᠠᠶ ᠴᠢᠤᠸᠠᠨ ᠱᠠᠨ ᠠᠭᠤᠯᠠ ᠴᠡᠴᠡᠷᠯᠢᠭ᠎ᠦᠨ ᠭᠠᠷᠤᠳᠢ ᠠᠰᠠᠷ᠎ᠲᠤ ᠭᠠᠷᠴᠤ᠌ ᠠᠯᠤᠰ᠎ᠢ ᠪᠡᠷᠡᠯᠡᠬᠤᠶ᠎ᠠ᠂ ᠢᠭ᠍ᠴᠤ ᠰᠠᠬᠤᠯᠢᠭ ᠣᠢ ᠮᠤᠳᠤᠳ ᠰᠢᠷ᠎ᠠ ᠤᠯᠠᠭᠠᠨ ᠦᠩᠭᠡ ᠪᠡᠷ ᠪᠤᠳᠤᠬᠯᠠᠬᠳᠠᠵᠤ᠂ ᠰᠡᠯᠡᠭᠦᠴᠡᠨ ᠲᠤᠭᠤᠷᠢᠵᠦ ᠪᠡᠶ᠎ᠡ ᠪᠠᠨ ᠴᠢᠬᠢᠷᠠᠬᠵᠢᠭᠤᠯᠵᠦ ᠪᠠᠢᠭ᠎ᠠ ᠬᠣᠲᠠ᠎ᠶ᠋ᠢᠨ ᠠᠷᠠᠳ ᠵᠦᠩᠳᠡᠭᠡᠨ ᠬᠠᠷᠠᠭᠳᠠᠨ᠎ᠠ᠃ ᠠᠷᠠᠳ ᠤᠯᠠᠨ ᠳ᠋ᠤ ᠠᠮᠢ ᠠᠬᠤᠢ ᠵᠢᠨ ᠠᠰᠢᠬ ᠬᠦᠷᠳᠡᠭᠡᠭᠰᠡᠨ ᠡᠨᠡ ᠬᠦ᠌  ᠬᠤᠪᠢᠷᠠᠯᠳᠠ ᠨᠢ ᠵᠢᠨᠢᠩ ᠲᠣᠭᠣᠷᠢᠭ ᠡᠴᠡ 《ᠭᠤᠷᠪᠠᠨ ᠠᠭᠤᠯᠠ ᠬᠣᠶᠠᠷ ᠭᠣᠣᠯ 》 (ᠪᠠᠢ ᠴᠢᠤᠸᠠᠨ ᠱᠠᠨ ᠠᠭᠤᠯᠠ᠂ ᠯᠣᠣ ᠬ᠍ᠦ ᠱᠠᠨ ᠠᠭᠤᠯᠠ᠂ ᠸᠸ ᠯᠦᠩ ᠱᠠᠨ ᠠᠭᠤᠯᠠ᠂ ᠨᠠᠷᠠᠰᠤᠨ ᠭᠣᠣᠯ᠂ ᠴᠢᠤᠸᠠᠨ ᠢᠦᠢ ᠯᠢᠩ ᠭᠣᠣᠯ) ᠵᠢᠡᠷ ᠭᠣᠣᠯᠳᠠᠯᠭ᠎ᠠ ᠪᠣᠯᠭᠠᠵᠤ᠂ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠶᠡᠬᠡ᠎ᠪᠡᠷ ᠠᠬᠢᠭᠤᠯᠤᠬᠰᠠᠨ᠎ᠤ ᠦᠷ᠎ᠡ ᠪᠦᠲᠦᠮᠵᠢ ᠶᠤᠮ ᠬᠡᠵᠦ ᠪᠢᠳᠡᠨ᠎ᠳᠤ ᠵᠠᠮᠴᠢᠯᠠᠬᠰᠠᠨ ᠵᠢᠨᠢᠩ ᠲᠤᠭᠤᠷᠢᠬ᠎ᠤᠨ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠳᠡᠰ᠎ᠤᠨ ᠠᠵᠢᠯᠳᠠᠨ ᠫᠠᠩ ᠯᠦᠩ ᠬᠡᠯᠡᠨ᠎ᠠ᠃

《ᠤᠤᠯ ᠳ᠋ᠠᠭᠠᠨ ᠪᠠᠶ ᠴᠢᠤᠸᠠᠨ ᠱᠠᠨ ᠠᠭᠤᠯᠠ ᠭᠡᠭᠴᠢ ᠬᠠᠮᠠᠷ ᠬᠠᠳᠬᠤᠬᠤ ᠡᠪᠡᠰᠤ ᠦᠬᠡᠢ ᠬᠤᠪᠠᠬᠠᠢ ᠠᠭᠤᠯᠠ ᠪᠠᠢᠵᠦ᠂ ᠬᠥᠷᠥᠰᠥ᠍ ᠨᠢ ᠬᠡᠳᠦ ᠨᠢᠮᠭᠡᠨ ᠪᠤᠯᠬᠤᠷ ᠠᠷᠭ᠎ᠠ ᠪᠤᠰᠤ ᠰᠢᠷᠤᠢ ᠲᠡᠭᠡᠭᠡᠵᠦ ᠮᠤᠳᠤ ᠵᠠᠢᠯᠠᠵᠠᠢ᠃ ᠴᠢᠬᠢ ᠮᠣᠳᠣᠨ᠎ᠤ ᠡᠳᠡᠬᠡᠷᠡᠯᠳᠡ ᠵᠢ ᠪᠠᠲᠤᠯᠠᠬᠤ᠎ᠶ᠋ᠢᠨ ᠲᠥᠯᠥᠭᠡ᠂ ᠨᠠᠭᠠᠳᠤ ᠵᠠᠬ᠎ᠠ᠎ᠳᠠᠭᠠᠨ 1 ᠮᠧᠲ᠋ᠷ᠂ ᠬᠠᠮᠤᠬ᠎ᠤᠨ ᠬᠦᠨ ᠳ᠋ᠡᠬᠡᠨ 3 ᠮᠧᠲ᠋ᠷ᠎ᠤᠨ ᠬᠦᠨ ᠨᠦᠭᠡ ᠮᠠᠯᠳᠠᠵᠤ ᠮᠤᠲᠤ ᠵᠠᠢᠯᠠᠵᠠᠢ᠃ ᠡᠨᠡ ᠠᠭᠤᠯᠠ ᠵᠢ ᠨᠤᠭᠤᠭᠠᠷᠠᠭᠤᠯᠵᠦ ᠠᠪᠬᠤ ᠵᠢᠨ ᠲᠦᠯᠦᠬᠡ ᠭᠡᠳᠦᠨ ᠦᠶ᠎ᠡ ᠵᠢᠨ ᠬᠦᠮᠦᠨ ᠬᠦᠯᠦᠰᠤ ᠪᠠᠨ ᠤᠷᠤᠰᠬᠠᠬᠰᠠᠨ ᠶᠤᠮ》ᠭᠡᠵᠦ ᠪᠠᠶ ᠴᠢᠤᠸᠠᠨ ᠱᠠᠨ ᠠᠭᠤᠯᠠ ᠴᠡᠴᠡᠷᠯᠢᠭ᠎ᠤᠨ ᠠᠵᠢᠯᠳᠠᠨ ᠬᠤᠤ ᠴᠠᠩ ᠹᠸᠢ ᠪᠢᠳᠡᠨ ᠳ᠋ᠦ ᠲᠠᠨᠢᠯᠴᠠᠭᠤᠯᠤᠨ᠎ᠠ᠃

 ᠪᠠᠶ ᠴᠢᠤᠸᠠᠨ ᠱᠠᠨ ᠠᠭᠤᠯᠠ ᠴᠡᠴᠡᠷᠯᠢᠭ ᠪᠤᠯᠤᠨ ᠯᠣᠣ ᠬ᠍ᠦ ᠱᠠᠨ ᠠᠭᠤᠯᠠ᠎ᠶ᠋ᠢᠨ ᠠᠮᠢ ᠠᠬᠤᠶ᠎ᠶ᠋ᠢᠨ ᠴᠡᠴᠡᠷᠯᠢᠭ ᠨᠢ ᠪᠦᠷ ᠵᠢᠨᠢᠩ ᠲᠤᠭᠤᠷᠢᠬ᠎ᠦᠨ ᠱᠢᠨ᠎ᠡ ᠬᠠᠭᠤᠴᠢᠨ ᠲᠣᠭᠣᠷᠢᠭ᠎ᠤᠨ ᠠᠭᠤᠯᠵᠠᠷ᠎ᠲᠤ ᠪᠠᠢᠷᠢᠯᠠᠵᠤ᠂ ᠴᠡᠴᠡᠷᠯᠢᠭ ᠨᠢ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠰᠠᠨ᠂ ᠭᠠᠵᠠᠷ ᠣᠷᠣᠨ᠎ᠤ ᠪᠠᠢᠳᠠᠯ ᠎ᠳᠤᠨᠢ ᠲᠣᠬᠢᠷᠠᠭᠤᠯᠬᠤ ᠵᠠᠷᠴᠢᠮ᠎ᠢ ᠪᠠᠷᠢᠮᠲᠠᠯᠠᠨ᠂ ᠲᠠᠪᠤᠨ ᠦᠵᠡᠮᠵᠢ᠎ᠶ᠋ᠢᠨ ᠴᠢᠳᠠᠮᠵᠢ᠎ᠶ᠋ᠢᠨ ᠣᠷᠣᠨ ᠎ᠢ ᠪᠠᠬᠳᠠᠭᠠᠵᠦ᠂ ᠯᠣᠣ ᠬ᠍ᠦ ᠱᠠᠨ ᠠᠭᠤᠯᠠ᠎ᠲᠠᠶ ᠨᠢᠭᠡ ᠴᠣᠭ᠍ᠴᠠᠵᠢᠵᠦ᠂ ᠰᠡᠯᠡᠭᠦᠴᠡᠯ ᠵᠤᠭ᠎ᠠ ᠴᠡᠩᠭᠡᠯ᠂ ᠲᠡᠦᠬᠡ ᠰᠣᠶᠣᠯ᠎ᠤᠨ ᠬᠥᠮᠦᠵᠢᠯ᠂ ᠣᠨᠴᠠᠯᠢᠭ᠍ᠲᠤ ᠪᠡᠶ᠎ᠡ᠎ᠶ᠋ᠢᠨ ᠲᠠᠮᠢᠷ᠎ᠤᠨ ᠠᠵᠢᠯᠯᠠᠭᠠᠨ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ ᠵᠡᠷᠭᠡ ᠣᠯᠠᠨ ᠵᠦᠶ᠋ᠯ᠎ᠦᠨ ᠴᠢᠳᠠᠮᠵᠢ᠎ᠶ᠋ᠢ ᠪᠦᠷᠢᠯᠳᠦᠬᠦᠯᠵᠦ᠂ ᠬᠣᠲᠠ᠎ᠶ᠋ᠢᠨ ᠲᠡᠦᠬᠡ ᠰᠣᠶᠣᠯ ᠎ᠢ ᠳᠡᠯᠭᠡᠨ ᠦᠵᠡᠬᠦᠯᠦᠭᠰᠡᠨ᠂ ᠣᠨᠴᠠᠯᠢᠭ᠍ᠲᠤ ᠰᠣᠶᠣᠯ᠎ᠢ ᠪᠠᠳᠠᠷᠠᠭᠤᠯᠤᠬᠰᠠᠨ ᠥᠪᠡᠷᠮᠢᠴᠡ ᠣᠨᠴᠠᠯᠢᠭ᠍ᠲᠤ ᠬᠣᠲᠠ᠎ᠶ᠋ᠢᠨ ᠴᠡᠴᠡᠷᠯᠢᠭ ᠪᠤᠯᠪᠠ᠃ ᠤᠢᠷ᠎ᠠ ᠵᠢᠨ ᠭᠤᠷᠪᠠᠨ ᠵᠢᠯ ᠎ᠦᠨ ᠬᠤᠭᠤᠴᠠᠭᠠᠨ᠎ᠳᠤ᠂ ᠪᠠᠶ ᠴᠢᠤᠸᠠᠨ ᠱᠠᠨ ᠠᠭᠤᠯᠠ ᠴᠡᠴᠡᠷᠯᠢᠭ ᠨᠢ ᠡᠯ᠎ᠡ ᠲᠥᠷᠥᠯ᠎ᠦᠨ ᠮᠣᠳᠣ᠎ᠶ᠋ᠢ ᠨᠡᠢᠲᠡ 369 ᠲᠦᠮᠡ ᠵᠠᠢᠯᠠᠵᠤ᠂ ᠴᠢᠬᠢ ᠮᠣᠳᠣᠨ ᠎ᠤ ᠡᠳᠡᠭᠡᠷᠡᠯᠲᠡ᠎ᠶ᠋ᠢᠨ ᠨᠣᠷᠮ᠎ᠠ ᠨᠢ 98% ᠵᠢ ᠲᠠᠪᠠᠵᠠᠢ᠃ ᠤᠳᠤ ᠲᠤᠰ  ᠴᠡᠴᠡᠷᠯᠢᠭ ᠨᠢ ᠵᠢᠨᠢᠩ ᠲᠤᠭᠤᠷᠢᠬ᠎ᠤᠨ ᠠᠷᠪᠠᠨ ᠶᠡᠬᠡ ᠦᠵᠡᠮᠵᠢ᠎ᠶ᠋ᠢᠨ ᠣᠷᠣᠨ᠂ ᠠᠷᠪᠠᠨ ᠨᠠᠢ᠍ᠮᠠᠨ ᠦᠵᠡᠮᠵᠢ᠎ᠶ᠋ᠢᠨ ᠣᠷᠣᠨ᠎ᠢ ᠨᠢᠭᠡ ᠴᠤᠬ᠍ᠴᠠᠵᠢᠭᠤᠯᠤᠭ᠍ᠰᠠᠨ ᠨᠡᠭᠡᠭᠡᠯᠲᠡᠲᠦ ᠮᠠᠶᠢᠭ᠎ᠤᠨ ᠶᠡᠷᠦᠩᠬᠡᠢᠯᠡᠭ᠌ᠰᠡᠨ ᠴᠡᠴᠡᠷᠯᠢᠭ ᠪᠤᠯᠵᠦ᠂ ᠭᠣᠣᠯ ᠬᠤᠳᠠ᠎ᠶ᠋ᠢᠨ ᠲᠣᠭᠣᠷᠢᠭ᠎ᠤᠨ ᠨᠡᠷ᠎ᠡ ᠨᠢᠳᠡᠷ᠎ᠲᠡᠬᠡᠨ ᠨᠡᠢᠴᠡᠭ᠌ᠰᠡᠨ《ᠬᠤᠳᠠ᠎ᠶ᠋ᠢᠨ ᠳᠤᠮᠳᠠᠬᠢ ᠨᠣᠭᠣᠭᠠᠨ ᠠᠷᠠᠯ》᠂ 《ᠪᠠᠢᠭᠠᠯᠢ᠎ᠶ᠋ᠢᠨ ᠬᠦᠴᠢᠯᠲᠥ᠋ᠷᠥᠭ᠌ᠴᠢ ᠪᠠᠭᠠᠷ》 ᠪᠤᠯᠵᠤ᠂ ᠥᠷᠭᠡᠨ ᠤᠯᠠᠨ ᠬᠤᠳᠠ᠎ᠶ᠋ᠢᠨ ᠠᠷᠠᠳ᠎ᠤᠨ ᠰᠡᠯᠡᠭᠦᠴᠡᠯ᠂ ᠵᠤᠭ᠎ᠠ ᠴᠡᠩᠭᠡᠯ᠎ᠦᠨ ᠭᠣᠣᠯ ᠲᠠᠯᠠᠪᠤᠷ ᠪᠣᠯᠤᠬᠰᠠᠨ ᠪᠠᠢᠨ᠎ᠠ᠃

ᠯᠣᠣ ᠬ᠍ᠦ ᠱᠠᠨ ᠠᠭᠤᠯᠠ᠎ᠶ᠋ᠢᠨ ᠠᠮᠢ ᠠᠬᠤᠶ᠎ᠶ᠋ᠢᠨ ᠴᠡᠴᠡᠷᠯᠢᠭ᠎ᠢ 1967 ᠣᠨ ᠡᠴᠡ ᠡᠬᠢᠯᠡᠨ ᠪᠠᠢᠭᠤᠯᠵᠤ᠂ ᠵᠢᠨᠢᠩ᠎ᠤᠨ ᠬᠠᠮᠤᠭ ᠡᠷᠲᠡ ᠪᠠᠢᠭᠤᠯᠤᠭ᠍ᠰᠠᠨ ᠴᠡᠴᠡᠷᠯᠢᠭ᠎ᠦᠨ ᠨᠢᠭᠡ ᠪᠣᠯᠤᠨ᠎ᠠ᠃ 2005 ᠣᠨ᠎ᠳᠤ ᠤᠯᠤᠰ᠎ᠤᠨ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢᠶᠠᠷ ᠦᠨᠡᠯᠡᠭ᠌ᠳᠡᠵᠦ᠍᠂ ᠪᠠᠰᠠ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠴᠢᠬᠤᠯᠠ ᠰᠠᠭᠤᠷᠢᠨ ᠪᠣᠯᠤᠭ᠍ᠰᠠᠨ ᠪᠠᠢᠨ᠎ᠠ᠃ 2011 ᠣᠨ᠎ᠳᠤ᠂ ᠯᠣᠣ ᠬ᠍ᠦ ᠱᠠᠨ ᠠᠭᠤᠯᠠ᠎ᠶ᠋ᠢᠨ ᠠᠮᠢ ᠠᠬᠤᠶ᠎ᠶ᠋ᠢᠨ ᠴᠡᠴᠡᠷᠯᠢᠭ ᠎ᠢ ᠵᠠᠰᠠᠵᠦ ᠥᠭᠡᠷᠡᠴᠢᠯᠡᠬᠦ᠌ ᠢᠨᠵᠧᠨᠧᠷᠢᠩ ᠨᠢ ᠪᠦᠬᠦ᠌ ᠣᠷᠣᠨ᠎ᠤ ᠭᠣᠣᠯᠳᠠᠯᠭ᠎ᠠ᠎ᠲᠠᠶ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠳᠦ ᠣᠷᠣᠵᠤ᠂ ᠤᠷᠢᠳ ᠬᠤᠵᠢᠳ 63 ᠲᠦᠮᠡᠨ ᠮᠣᠳᠣ ᠲᠠᠷᠢᠵᠤ᠂ ᠨᠡᠢᠲᠡ 1.9 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠪᠡ᠃

ᠸᠸ ᠯᠦᠡᠭ ᠱᠠᠨ ᠠᠭᠤᠯᠠ ᠨᠢ ᠵᠢᠨᠢᠩ᠎ᠦᠨ ᠡᠷᠭᠢᠨ ᠲᠣᠭᠣᠷᠢᠨ᠎ᠤ ᠬᠠᠮᠤᠭ᠎ᠤᠨ ᠶᠡᠬᠡ ᠭᠣᠣᠯ ᠪᠣᠯᠬᠤ ᠠᠭᠤᠯᠠ ᠨᠢᠷᠤᠭᠤ ᠪᠠ ᠪᠠᠷᠠᠭᠤᠨ ᠬᠡᠰᠡᠭ᠎ᠦᠨ ᠠᠮᠢ ᠠᠬᠤᠶ᠎ᠶ᠋ᠢᠨ ᠬᠠᠯᠬᠠᠪᠴᠢ ᠪᠠᠢᠵᠦ᠂ 2010 ᠣᠨ᠎ᠠᠴᠠ ᠡᠬᠢᠯᠡᠨ ᠪᠦᠲᠦᠭᠡᠨ ᠪᠠᠢᠭᠤᠯᠵᠤ᠂ ᠭᠤᠤ ᠵᠢ ᠪᠥᠭ᠌ᠯᠡᠵᠦ᠍ ᠠᠭᠤᠯᠠ ᠪᠤᠰᠠᠬᠬᠤ᠂ ᠴᠢᠯᠠᠭᠤ ᠵᠢ ᠮᠠᠯᠲᠠᠵᠤ ᠱᠢᠷᠣᠶ ᠬᠤᠴᠢᠬᠤ᠎ᠪᠠᠷ ᠳᠠᠮᠵᠢᠵᠦ᠂ ᠨᠡᠢᠲᠡ 80 ᠲᠦᠮᠡᠨ ᠮᠤᠳᠤ ᠵᠠᠢᠯᠠᠪᠠ᠃ ᠵᠠᠰᠠᠭ᠍ᠰᠠᠨ᠎ᠤ ᠳᠠᠷᠠᠭᠠᠬᠢ ᠸᠧ ᠯᠦᠩ ᠱᠠᠨ ᠠᠭᠤᠯᠠ ᠨᠢ ᠬᠤᠪᠠᠬᠠᠢ ᠱᠢᠷᠣᠶ᠎ᠶ᠋ᠢᠨ ᠠᠭᠤᠯᠠ ᠪᠠᠢᠬᠰᠠᠨ ᠡᠴᠡ ᠪᠠᠨ ᠨᠤᠮᠢᠨ ᠨᠣᠭᠣᠭᠠᠨ ᠠᠭᠤᠯᠠ ᠪᠣᠯᠵᠤ᠂ ᠬᠣᠲᠠ᠎ᠶ᠋ᠢᠨ ᠠᠷᠠᠳ᠎ᠤᠨ ᠰᠡᠯᠡᠭᠦᠴᠡᠯ ᠵᠤᠭ᠎ᠠ ᠴᠡᠩᠭᠡᠯ᠎ᠦᠨ ᠬᠣᠲᠠ᠎ᠶ᠋ᠢᠨ ᠲᠡᠭᠦᠷᠭᠡ᠎ᠶ᠋ᠢᠨ ᠵᠢᠭᠤᠯᠴᠢᠯᠠᠯ᠎ᠤᠨ ᠭᠠᠵᠠᠷ ᠪᠣᠯᠤᠭ᠍ᠰᠠᠨ ᠪᠠᠢᠨ᠎ᠠ᠃

ᠨᠠᠷᠠᠰᠤᠨ ᠭᠣᠣᠯ᠎ᠢ ᠶᠡᠷᠦᠩᠬᠡᠢᠯᠡᠨ ᠵᠠᠰᠠᠬᠤ ᠢᠨᠵᠧᠨᠧᠷᠢᠩ ᠨᠢ ᠠᠮᠢ ᠠᠬᠤᠶ᠎ᠶ᠋ᠢᠨ ᠪᠦᠲᠦᠭᠡᠨ ᠪᠠᠢᠭᠤᠯᠤᠯᠲᠠ᠂ ᠵᠢᠭᠤᠯᠴᠢᠯᠠᠯ᠎ᠢ ᠨᠢᠭᠡ ᠴᠣᠭ᠍ᠴᠠᠵᠢᠭᠤᠯᠤᠨ ᠶᠡᠷᠦᠩᠬᠡᠢᠯᠡᠨ ᠵᠠᠰᠠᠬᠰᠠᠨ ᠲᠥᠷᠥᠯ ᠵᠦᠢᠯ ᠪᠠᠢᠵᠦ᠂ ᠭᠣᠣᠯ᠎ᠤᠨ ᠬᠣᠶᠠᠷ ᠬᠦᠪᠡᠬᠡᠨ᠎ᠤ ᠭᠠᠵᠠᠷ᠎ᠤᠨ ᠪᠠᠢᠴᠠ᠂ ᠭᠠᠵᠠᠷ᠎ᠤᠨ ᠭᠠᠳᠠᠷᠭᠤ᠎ᠶ᠋ᠢᠨ ᠣᠨᠴᠠᠯᠢᠭ᠎ᠲᠠᠶ ᠤᠶᠠᠯᠳᠤᠭᠤᠯᠤᠨ᠂ ᠵᠢᠨᠢᠩ᠎ᠢᠶᠡᠷ ᠤᠷᠤᠰᠤᠨ ᠥᠩᠭᠡᠷᠡᠵᠦ ᠪᠠᠢᠭ᠎ᠠ ᠨᠠᠷᠠᠰᠤᠨ ᠭᠣᠣᠯ᠎ᠤᠨ 22 ᠺᠢᠯᠣᠮᠧᠲᠷ᠎ᠤᠨ ᠬᠡᠰᠡᠭ᠎ᠢ ᠶᠡᠷᠦᠩᠬᠡᠢᠯᠡᠨ ᠵᠠᠰᠠᠵᠠᠢ᠃ ᠲᠤᠰ ᠢᠨᠵᠧᠨᠧᠷᠢᠩ ᠨᠢ ᠵᠢᠨᠢᠩ ᠲᠣᠭᠣᠷᠢᠭ᠎ᠤᠨ ᠤᠰᠤᠨ ᠠᠱᠢᠭ᠍ᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠡᠦᠬᠡᠨ ᠳᠡᠭᠡᠷᠡᠬᠢ ᠬᠠᠮᠤᠭ᠎ᠤᠨ ᠠᠷᠪᠢᠨ ᠪᠡᠯᠡ ᠮᠥᠩᠭᠥ᠌ ᠣᠷᠣᠭᠤᠯᠤᠭ᠍ᠰᠠᠨ᠂ ᠪᠦᠳᠦᠭᠡᠨ ᠪᠠᠢᠭᠤᠯᠤᠯᠲᠠ᠎ᠶ᠋ᠢᠨ ᠡᠭᠦᠷᠭᠡ ᠬᠠᠮᠤᠭ᠎ᠤᠨ ᠬᠦᠨᠳᠦ᠂ ᠪᠠᠷᠢᠯᠭ᠎ᠠ ᠵᠢᠨ ᠠᠵᠢᠯ᠎ᠤᠨ ᠬᠦᠴᠢᠷᠳᠡᠯ ᠬᠠᠮᠤᠭ᠎ᠤᠨ ᠶᠡᠬᠡ ᠢᠨᠵᠧᠨᠧᠷᠢᠩ ᠪᠣᠯᠤᠭ᠍ᠰᠠᠨ᠎ᠤ ᠬᠤᠪᠢ᠎ᠳᠤ᠂ 2010 ᠣᠨ᠎ᠤ 9 ᠰᠠᠷ᠎ᠠ᠎ᠳᠤ ᠪᠠᠷᠢᠯᠭ᠎ᠠ ᠡᠬᠢᠯᠡᠬᠦᠯᠦᠭ᠌ᠰᠡᠨ᠎ᠡᠴᠡ ᠨᠠᠭᠠᠰᠢ᠂ ᠨᠡᠢ᠌ᠳᠡ 30 ᠳ᠋ᠦᠩᠱᠢᠭᠤᠷ ᠲᠥᠭᠥᠷᠢᠭ᠎ᠦᠨ ᠪᠡᠯᠡ ᠮᠦᠩᠭᠦ ᠤᠷᠤᠭᠤᠯᠵᠠᠢ᠃ ᠣᠳᠣᠬᠠᠨ᠎ᠳᠤ ᠡᠯ᠎ᠡ ᠮᠣᠳᠣᠨ᠎ᠤ ᠲᠥᠷᠥᠯ᠎ᠢ ᠨᠡᠢᠲᠡ 243 ᠲᠦᠮᠡ ᠵᠠᠢᠯᠠᠵᠤ᠂ ᠨᠤᠭᠤᠭᠠᠷᠠᠭᠤᠯᠤᠯᠳᠠ᠎ᠶ᠋ᠢᠨ ᠲᠠᠯᠠᠪᠠᠶ ᠨᠢ 650 ᠲᠦᠮᠡᠨ ᠲᠡᠭ᠌ᠰᠢ ᠳᠥᠷᠪᠡᠯᠵᠢᠨ ᠮᠧᠲ᠋ᠷ ᠲᠦ᠍ ᠬᠦᠷᠴᠡᠢ᠃ ᠳᠤᠮᠳᠠ ᠤᠷᠤᠰᠭᠠᠯ᠎ᠤᠨ ᠬᠡᠰᠡᠭ᠎ᠦᠨ ᠬᠠᠱᠢᠯᠭ᠎ᠠ ᠪᠠ ᠤᠷᠤᠰᠬᠠᠯ᠎ᠢ ᠨᠢᠭᠡ ᠴᠣᠭ᠍ᠴᠠᠵᠢᠭᠤᠯᠤᠬᠰᠠᠨ ᠢᠨᠵᠧᠨᠧᠷᠢᠩ᠎ᠢ ᠪᠦᠬᠦᠨ᠎ᠢ ᠪᠦᠲᠦᠬᠡᠨ ᠪᠠᠢᠭᠤᠯᠵᠤ ᠳᠠᠭᠤᠰᠭᠠᠨ᠂ ᠨᠡᠢᠳᠡ 530 ᠲᠦᠮᠡᠨ ᠪᠣᠰᠣᠭ᠎ᠠ ᠳᠥᠷᠪᠡᠯᠵᠢᠨ ᠮᠧᠲᠷ᠎ᠤᠨ ᠤᠰᠤ ᠬᠠᠳᠠᠭᠠᠯᠠᠵᠤ᠂ ᠳᠤᠮᠳᠠ ᠳᠣᠣᠷ᠎ᠠ ᠤᠷᠤᠰᠭᠠᠯ᠎ᠤᠨ ᠬᠡᠰᠡᠭ᠎ᠦᠨ ᠭᠣᠣᠯ᠎ᠤᠨ ᠵᠠᠮ᠎ᠢ ᠵᠠᠰᠠᠬᠤ᠂ ᠭᠣᠣᠯ ᠬᠠᠱᠢᠯᠭ᠎ᠠ ᠵᠢᠨ ᠪᠠᠷᠢᠯᠭ᠎ᠠ᠂ ᠡᠷᠭᠢ ᠵᠢ ᠬᠠᠮᠠᠭᠠᠯᠠᠬᠤ ᠪᠠᠷᠢᠯᠭ᠎ᠠ ᠵᠢ ᠦᠨᠳᠦᠰᠦᠨ᠎ᠳᠡᠭᠡᠨ ᠲᠠᠭᠤᠰᠬᠠᠵᠦ᠂ 11 ᠠᠮᠢ ᠠᠬᠤᠢ᠎ᠶ᠋ᠢᠨ ᠰᠡᠯᠡᠭᠦᠴᠡᠯ᠎ᠦᠨ ᠠᠭᠤᠳᠠᠮ ᠲᠠᠯᠠᠪᠠᠢ ᠵᠢᠴᠢ ᠪᠤᠰᠤᠳ ᠦᠵᠡᠮᠵᠢ᠎ᠶ᠋ᠢᠨ ᠴᠡᠭ᠎ᠦᠨ ᠪᠠᠷᠢᠯᠭ᠎ᠠ ᠵᠢ ᠦᠨᠳᠦᠰᠦᠨ᠎ᠳᠡᠭᠡᠨ ᠳᠠᠭᠤᠰᠭᠠᠨ᠂ 15 ᠺᠢᠯᠣᠮᠧᠲᠷ ᠤᠷᠲᠤ᠂ 1 ᠺᠢᠯᠣᠮᠧᠲᠷ ᠥᠷᠭᠡᠨ ᠤᠰᠤᠨ ᠣᠷᠣᠨ᠎ᠤ ᠨᠣᠭᠣᠭᠠᠷᠠᠭᠤᠯᠤᠯᠲᠠ᠎ᠶ᠋ᠢᠨ ᠦᠵᠡᠮᠵᠢ᠎ᠶ᠋ᠢᠨ ᠪᠦᠰᠡ᠎ᠶ᠋ᠢ ᠠᠩᠬ᠎ᠠ ᠠᠯᠬᠤᠮ ᠪᠦᠷᠢᠯᠳᠦᠭᠦᠯᠵᠦ᠍᠂  ᠥᠪᠡᠷᠲᠡᠭᠡᠨ ᠵᠠᠰᠠᠬᠤ ᠣᠷᠣᠨ᠎ᠤ 3A ᠲᠡᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠤᠯᠵᠠᠢ᠃

ᠣᠢᠷ᠎ᠠ᠎ᠶ᠋ᠢᠨ ᠵᠢᠯ᠎ᠳᠦ᠂ ᠵᠢᠨᠢᠩ ᠲᠣᠭᠣᠷᠢᠭ ᠴᠢᠤᠸᠠᠨ ᠢᠦᠶ ᠯᠢᠩ ᠭᠤᠤᠯ᠎ᠳᠤ ᠨᠠᠷᠢᠨ ᠨᠢᠮᠪᠠᠶ ᠠᠮᠢ ᠠᠬᠤᠶ᠎ᠶ᠋ᠢᠨ ᠵᠠᠰᠠᠯᠲᠠ ᠬᠢᠬᠦ ᠵᠢᠨ ᠬᠠᠮᠳᠤ ᠦᠵᠡᠮᠵᠢ ᠴᠣᠭ᠍ᠴᠠᠯᠠᠵᠡᠶ᠃ ᠭᠣᠣᠯ᠎ᠤᠨ ᠭᠤᠯᠳᠤᠷᠢᠯ᠎ᠢ ᠴᠡᠪᠡᠷᠯᠡᠬᠦ᠌᠂ ᠡᠷᠭᠢ᠎ᠶ᠋ᠢ ᠬᠠᠮᠠᠭᠠᠯᠠᠨ ᠪᠡᠬᠢᠯᠡᠬᠦ᠌ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ᠂ ᠭᠣᠣᠯ᠎ᠤᠨ ᠲᠠᠩ᠎ᠤᠨ ᠦᠶᠡᠷ᠎ᠦᠨ ᠠᠮᠤᠷ ᠲᠦᠪᠱᠢᠨ᠎ᠢ ᠪᠠᠲᠤᠯᠠᠬᠤ᠎ᠶ᠋ᠢᠨ ᠬᠠᠮᠲᠤ ᠡᠷᠭᠢᠨ ᠲᠣᠭᠣᠷᠢᠨ᠎ᠤ ᠭᠠᠵᠠᠷ᠎ᠤᠨ ᠪᠠᠢᠴᠠ᠎ᠲᠠᠶ ᠤᠶᠠᠯᠳᠤᠭᠤᠯᠤᠨ᠂ ᠰᠡᠯᠡᠭᠦᠴᠡᠨ ᠠᠯᠬᠤᠬᠤ ᠵᠠᠮ᠎ᠢ ᠪᠠᠢᠭᠤᠯᠪᠠ᠃ ᠭᠤᠤᠯ ᠎ᠤᠨ ᠬᠣᠶᠠᠷ ᠡᠷᠭᠢ ᠳᠠᠭᠠᠤ ᠶᠡᠬᠡ ᠬᠡᠮᠵᠢᠶᠡᠨ᠎ᠦ ᠤᠰᠤᠨ᠎ᠤ ᠤᠷᠭᠤᠮᠠᠯ ᠪᠠ ᠦᠵᠡᠮᠵᠢ ᠎ᠶ᠋ᠢᠨ ᠮᠣᠳᠣ ᠳᠠᠷᠢᠵᠤ᠂ ᠣᠷᠴᠢᠨ ᠲᠣᠭᠣᠷᠢᠨ᠎ᠢ ᠭᠤᠶᠤᠵᠢᠭᠤᠯᠤᠭ᠍ᠰᠠᠨ᠎ᠢᠶᠠᠷ ᠪᠠᠷᠠᠬᠤ ᠥᠬᠡᠶ ᠪᠠᠰᠠ ᠱᠢᠪᠠᠭᠤᠨ ᠎ᠤ ᠲᠥᠷᠥᠯ ᠎ᠳᠤ ᠣᠷᠣᠱᠢᠨ ᠠᠮᠢᠳᠤᠷᠠᠬᠤ ᠭᠠᠵᠠᠷ ᠬᠠᠩᠭᠠᠭ᠍ᠰᠠᠨ ᠪᠠᠢᠨ᠎ᠠ᠃ ᠥᠨᠥ ᠴᠢᠤᠸᠠᠨ ᠢᠦᠶ ᠯᠢᠩ ᠭᠤᠤᠯ᠎ᠤᠨ ᠡᠷᠬᠢᠨ ᠲᠣᠭᠣᠷᠢᠨ᠎ᠨᠢ ᠬᠣᠲᠠ᠎ᠶ᠋ᠢᠨ ᠠᠷᠠᠳ᠎ᠤᠨ ᠪᠠᠢᠭᠠᠯᠢ᠎ᠲᠠᠶ ᠣᠢᠷᠠᠲᠤᠵᠤ ᠰᠡᠯᠡᠭᠦᠴᠡᠨ ᠲᠤᠭᠤᠷᠢᠬᠤ ᠭᠠᠵᠠᠷ ᠪᠤᠯᠤᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号