ᠮᠠᠯᠵᠢᠬᠤ ᠲᠠᠷᠢᠶᠠᠯᠠᠬᠤ ᠤᠷᠤᠨ ᠤ᠋ ᠱᠢᠯᠢᠳᠡᠭ ᠰᠠᠢᠨ ᠦᠢᠯᠡᠰ ᠪᠤᠰᠭᠠᠬᠤ ᠲᠦᠷᠦᠯ ᠵᠦᠢᠯ ᠵᠢᠴᠢ ᠴᠢᠳᠠᠪᠤᠷᠢᠲᠠᠨ ᠤ᠋ ᠲᠤᠬᠠᠢ ᠰᠢᠷᠢᠰ ᠮᠡᠳᠡᠬᠡᠯᠡᠯ ⑥ ᠬᠠᠰ ᠯᠤᠤ ᠶ᠋ᠢᠨ ᠨᠤᠳᠤᠭ ᠤ᠋ᠨ AI ᠪᠤᠷᠤᠯᠠᠭᠤᠯᠭ᠎ᠠ
2025-12-05 11:00:58
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

— ᠬᠤᠵᠢᠷᠯᠢᠭ ᠭᠠᠵᠠᠷ ᠤ᠋ᠨ ᠲᠤᠳᠤᠷᠭ᠎ᠠ ᠶ᠋ᠢ ᠨᠡᠢᠭᠡᠮ ᠲᠤᠭᠤᠷᠢᠭ ᠲᠤ᠌ ᠰᠢᠭᠤᠳ ᠪᠤᠷᠤᠯᠠᠭᠤᠯᠬᠤ 《ᠤᠶᠤᠨᠳᠤ ᠬᠤᠷᠭᠤ》 ᠶ᠋ᠢᠨ ᠲᠦᠷᠦᠯ ᠵᠦᠢᠯ ᠢ᠋ ᠳᠡᠮᠳᠡᠭᠯᠡᠪᠡ

   

ᠰᠢᠯ ᠲᠠᠢ ᠬᠤᠷᠭᠤ ᠡᠴᠡ ᠪᠠᠷᠠᠭ᠎ᠠ ᠶ᠋ᠢᠨ ᠪᠠᠢᠳᠠᠯ ᠢ᠋ ᠦᠵᠡᠨ᠎ᠠ — ᠬᠤᠷᠭᠤ ᠶ᠋ᠢᠨ ᠳᠡᠯᠭᠡᠴᠡ ᠡᠴᠡ ᠪᠠᠷᠠᠭ᠎ᠠ ᠪᠡᠨ ᠰᠤᠩᠭᠤᠵᠤ ᠭᠠᠷ ᠤᠳᠠᠰᠤ ᠪᠡᠷ ᠶ᠋ᠢᠡᠨ ᠺᠤᠳ᠋ ᠢ᠋ ᠨᠢ ᠰᠢᠷᠪᠢᠬᠦ ᠪᠤᠶᠤ ᠨᠢᠭᠤᠷ ᠶ᠋ᠢᠡᠨ ᠰᠢᠷᠪᠢᠵᠦ ᠮᠦᠩᠬᠦ ᠪᠡᠨ ᠲᠤᠰᠢᠶᠠᠨ᠎ᠠ — ᠰᠤᠩᠭᠤᠭᠰᠠᠨ ᠵᠦᠢᠯ ᠪᠠᠷᠠᠭ᠎ᠠ ᠭᠠᠷᠭᠠᠬᠤ ᠬᠠᠢᠷᠴᠠᠭ ᠲᠤ᠌ ᠦᠪᠡᠰᠦᠪᠡᠨ ᠪᠠᠭᠤᠵᠤ ᠢᠷᠡᠬᠦ ᠪᠡᠷ ᠨᠢ ᠭᠠᠷ ᠶ᠋ᠢᠡᠨ ᠰᠤᠩᠭᠠᠨ ᠭᠠᠷᠭᠠᠵᠤ ᠠᠪᠤᠪᠠᠯ ᠪᠤᠯᠴᠢᠬᠠᠨ᠎ᠠ ᠁ ᠡᠢᠨ ᠬᠦ᠌ ᠡᠳ᠋ ᠪᠠᠷᠠᠭ᠎ᠠ ᠶ᠋ᠢᠨ ᠰᠦᠯᠵᠢᠶ᠎ᠠ ᠪᠠ AI ᠮᠡᠷᠭᠡᠵᠢᠯ ᠳ᠋ᠤ ᠰᠠᠭᠤᠷᠢᠯᠠᠭᠰᠠᠨ 24 ᠴᠠᠭ ᠤ᠋ᠨ ᠠᠦ᠋ᠲ᠋ᠤ᠋ ᠪᠤᠷᠤᠯᠠᠭᠤᠯᠭ᠎ᠠ ᠶ᠋ᠢᠨ 《ᠤᠶᠤᠨᠳᠤ ᠬᠤᠷᠭᠤ》 ᠡᠳᠦᠭᠡ ᠶᠡᠬᠡ ᠬᠤᠳᠠ ᠶ᠋ᠢᠨ ᠵᠠᠬ᠎ᠠ ᠵᠡᠭᠡᠯᠢ ᠪᠡᠷ ᠪᠠᠢᠩᠭᠤ ᠬᠠᠷᠠᠭᠳᠠᠵᠤ᠂ ᠬᠦᠮᠦᠰ ᠬᠤᠷᠭᠤᠨ ᠳ᠋ᠡᠬᠢ ᠢᠳᠡᠭᠡᠨ ᠤᠮᠳᠠᠭᠠᠨ ᠡᠳ᠋ ᠪᠠᠷᠠᠭ᠎ᠠ ᠶ᠋ᠢᠨ ᠵᠦᠢᠯ ᠢ᠋ ᠦᠪᠡᠷ ᠤ᠋ᠨ ᠳᠤᠷᠠᠰᠢᠯ ᠡᠴᠡ ᠪᠡᠨ ᠬᠤᠳᠠᠯᠳᠤᠨ ᠠᠪᠬᠤ ᠨᠢ ᠨᠢᠭᠡᠨᠳᠡ ᠰᠤᠨᠢᠨ ᠦᠵᠡᠭᠳᠡᠯ ᠪᠢᠰᠢ ᠪᠤᠯᠵᠠᠢ᠃


2a152712-7ec7-4723-9d76-23d789d89422.png


ᠨᠠᠮᠤᠷ᠎ᠤᠨ ᠦᠵᠡᠮᠵᠢ


ᠴᠠᠭ ᠤᠷᠤᠨ ᠵᠠᠢ ᠳ᠋ᠤ ᠬᠢᠵᠠᠭᠠᠷᠯᠠᠭᠳᠠᠬᠤ ᠦᠭᠡᠢ ᠪᠦᠭᠡᠳ ᠵᠠᠪᠰᠠᠷ ᠤ᠋ᠨ ᠮᠠᠢᠮᠠᠢᠴᠢᠨ ᠬᠡᠷᠡᠭᠰᠡᠬᠦ ᠦᠭᠡᠢ ᠡᠢᠨ ᠬᠦ᠌ 《ᠤᠶᠤᠨᠳᠤ ᠬᠤᠷᠭᠤ》 ᠶ᠋ᠢᠨ ᠪᠤᠷᠤᠯᠠᠭᠤᠯᠭ᠎ᠠ ᠶ᠋ᠢᠨ ᠬᠡᠯᠪᠡᠷᠢ ᠨᠢ ᠤᠯᠠᠭᠠᠨᠬᠠᠳᠠ ᠬᠤᠳᠠ ᠶ᠋ᠢᠨ ᠤᠩᠨᠢᠭᠤᠳ ᠬᠤᠰᠢᠭᠤᠨ ᠤ᠋ ᠪᠠᠶᠠᠨᠳᠤᠬᠤᠢ ᠰᠤᠮᠤ ᠶ᠋ᠢᠨ ᠬᠦᠷᠬᠢᠷ᠎ᠠ ᠲᠤᠰᠬᠤᠨ ᠤ᠋ ᠤᠶᠤᠳᠠᠨ ᠵᠠᠯᠠᠭᠤ ᠡᠤ ᠳ᠋ᠧ ᠪᠤᠤ ᠶ᠋ᠢᠨ ᠠᠩᠬᠠᠷᠤᠯ ᠢ᠋ ᠶᠡᠬᠡᠳᠡ ᠳᠠᠳᠠᠵᠠᠢ᠃ 1993 ᠤᠨ ᠳ᠋ᠤ ᠲᠦᠷᠦᠭᠰᠡᠨ ᠲᠡᠷᠡ ᠪᠡᠷ 2016 ᠤᠨ ᠳ᠋ᠤ ᠦᠪᠦᠷ ᠮᠤᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠡᠴᠡ ᠲᠡᠭᠦᠰᠦᠭᠰᠡᠨ ᠤ᠋ ᠳᠠᠷᠠᠭ᠎ᠠ ᠨᠤᠳᠤᠭ ᠲᠠᠭᠠᠨ ᠪᠤᠴᠠᠵᠤ ᠦᠢᠯᠡᠰ ᠪᠤᠰᠬᠠᠬᠤ ᠵᠠᠮ ᠢ᠋ ᠰᠤᠩᠭᠤᠵᠤ᠂ ᠦᠪᠦᠷ ᠮᠤᠩᠭᠤᠯ ᠤ᠋ᠨ ᠬᠠᠰ ᠯᠤᠤ ᠶ᠋ᠢᠨ ᠨᠤᠳᠤᠭ ᠲᠠᠷᠢᠶᠠᠯᠠᠩ ᠤ᠋ᠨ ᠬᠦᠭᠵᠢᠭᠦᠯᠦᠯᠳᠡ ᠶ᠋ᠢᠨ ᠬᠢᠵᠠᠭᠠᠷᠳᠦ ᠺᠤᠮᠫᠠᠨᠢ ᠶ᠋ᠢ ᠪᠠᠢᠭᠤᠯᠤᠨ᠂ 2023 ᠤᠨ ᠤ᠋ 9 ᠰᠠᠷ᠎ᠠ ᠳ᠋ᠤ 《ᠬᠠᠰ ᠯᠤᠤ ᠶ᠋ᠢᠨ ᠨᠤᠳᠤᠭ》 ᠬᠤᠵᠢᠷᠯᠢᠭ ᠭᠠᠵᠠᠷ ᠤ᠋ᠨ ᠲᠤᠳᠤᠷᠭ᠎ᠠ ᠶ᠋ᠢ ᠨᠡᠢᠭᠡᠮ ᠲᠤᠭᠤᠷᠢᠭ ᠲᠤ᠌ ᠰᠢᠭᠤᠳ ᠪᠤᠷᠤᠯᠠᠭᠤᠯᠬᠤ ᠦᠢᠯᠡᠴᠢᠯᠡᠭᠴᠢ ᠦᠭᠡᠢ 《ᠤᠶᠤᠨᠳᠤ ᠬᠤᠷᠭᠤ》 ᠶ᠋ᠢᠨ ᠲᠦᠷᠦᠯ ᠵᠦᠢᠯ ᠢ᠋ ᠡᠬᠢᠯᠡᠭᠦᠯᠪᠡ᠃

ᠲᠤᠰ ᠲᠦᠷᠦᠯ ᠵᠦᠢᠯ ᠳ᠋ᠤ 《ᠺᠤᠮᠫᠠᠨᠢ + ᠲᠤᠰᠬᠠᠢ ᠬᠤᠷᠰᠢᠶ᠎ᠠ + ᠲᠠᠷᠢᠮᠠᠯ ᠤ᠋ᠨ ᠰᠠᠭᠤᠷᠢᠨ + ᠨᠡᠢᠭᠡᠮ ᠲᠤᠭᠤᠷᠢᠭ ᠤ᠋ᠨ ᠤᠶᠤᠨᠳᠤ ᠬᠤᠷᠭᠤ》 ᠶ᠋ᠢᠨ ᠬᠦᠭᠵᠢᠯᠳᠡ ᠶ᠋ᠢᠨ ᠵᠠᠭᠪᠤᠷ ᠶ᠋ᠢᠡᠷ ᠪᠤᠬᠢᠷᠳᠦᠯ ᠦᠭᠡᠢ ᠢᠳᠡᠭᠡᠨ ᠤ᠋ ᠭᠡᠷᠡᠴᠢᠯᠡᠯ ᠪᠠ ᠤᠷᠭᠠᠨᠢᠭ ᠢᠳᠡᠭᠡᠨ ᠤ᠋ ᠭᠡᠷᠡᠴᠢᠯᠡᠯ ᠢ᠋ ᠤᠯᠤᠭᠰᠠᠨ 3100 ᠮᠤ᠌ ᠤᠰᠤᠨ ᠲᠤᠳᠤᠷᠭ᠎ᠠ ᠵᠢᠨ ᠲᠠᠷᠢᠶ᠎ᠠ ᠵᠢ ᠪᠠᠭᠳᠠᠭᠠᠭᠰᠠᠨ 5600 ᠮᠤ᠌ ᠶ᠋ᠢᠨ ᠵᠠᠬᠢᠶᠠᠯᠠᠭ᠎ᠠ ᠶ᠋ᠢᠨ ᠬᠤᠵᠢᠷᠯᠢᠭ ᠭᠠᠵᠠᠷ ᠤ᠋ᠨ ᠤᠰᠤᠨ ᠲᠤᠳᠤᠷᠭ᠎ᠠ ᠶ᠋ᠢᠨ ᠲᠠᠷᠢᠮᠠᠯ ᠤ᠋ᠨ ᠰᠠᠭᠤᠷᠢᠨ ᠵᠢᠴᠢ ᠡᠳᠦᠷ ᠤ᠋ᠨ 200 ᠲᠤᠨ ᠳᠤᠳᠤᠷᠭ᠎ᠠ ᠦᠢᠯᠡᠳᠪᠤᠷᠢᠯᠡᠬᠦ ᠴᠢᠳᠠᠪᠤᠷᠢ ᠪᠦᠬᠦᠢ ᠦᠢᠯᠡᠳᠪᠤᠷᠢᠯᠡᠯ ᠤ᠋ᠨ ᠱᠤᠭᠤᠮ ᠳ᠋ᠤ ᠲᠦᠰᠢᠭᠯᠡᠨ᠂ AI 《ᠤᠶᠤᠨᠳᠤ ᠬᠤᠷᠭᠤ》 ᠶ᠋ᠢᠨ ᠪᠤᠷᠤᠯᠠᠭᠤᠯᠭ᠎ᠠ ᠶ᠋ᠢᠨ ᠰᠢᠰᠲᠧᠮ ᠢ᠋ ᠪᠡᠶ᠎ᠠ ᠪᠡᠨ ᠳᠠᠭᠠᠭᠠᠨ ᠰᠤᠳᠤᠯᠤᠨ ᠦᠢᠯᠡᠳᠴᠤ᠂ ᠨᠡᠢᠭᠡᠮ ᠲᠤᠭᠤᠷᠢᠭ ᠶ᠋ᠢᠡᠷ 30 《ᠤᠶᠤᠨᠳᠤ ᠬᠤᠷᠭᠤ》 ᠪᠠᠢᠷᠢᠯᠠᠭᠤᠯᠪᠠ᠃ ᠵᠢᠯ ᠭᠠᠷᠤᠢ ᠶ᠋ᠢᠨ ᠬᠡᠷᠡᠭᠯᠡᠭᠡ ᠪᠡᠷ ᠳᠠᠮᠵᠢᠨ ᠡᠨᠡ ᠬᠦ᠌ ᠪᠤᠷᠤᠯᠠᠭᠤᠯᠭ᠎ᠠ ᠶ᠋ᠢᠨ ᠵᠠᠭᠪᠤᠷ ᠨᠢ ᠨᠡᠯᠢᠶᠡᠳ ᠪᠤᠯᠪᠠᠰᠤᠷᠠᠩᠭᠤᠢ ᠪᠤᠯᠤᠭᠰᠠᠨ ᠪᠦᠭᠡᠳ ᠨᠡᠯᠢᠶᠡᠳ ᠳᠤᠭᠳᠠᠪᠤᠷᠢᠳᠠᠢ ᠪᠠᠢᠬᠤ ᠶ᠋ᠢ ᠨᠤᠳᠠᠯᠠᠵᠠᠢ᠃

ᠤᠩᠨᠢᠭᠤᠳ ᠬᠤᠰᠢᠭᠤ ᠪᠤᠯ ᠤᠯᠠᠭᠠᠨᠬᠠᠳᠠ ᠬᠤᠳᠠ ᠶ᠋ᠢᠨ ᠤᠰᠤᠨ ᠲᠤᠳᠤᠷᠭ᠎ᠠ ᠶ᠋ᠢᠨ ᠭᠤᠤᠯ ᠭᠠᠷᠤᠯᠳᠠ ᠶ᠋ᠢᠨ ᠤᠷᠤᠨ ᠪᠠᠢᠵᠤ᠂ ᠤᠰᠤᠨ ᠲᠤᠳᠤᠷᠭ᠎ᠠ ᠶ᠋ᠢᠨ ᠲᠠᠷᠢᠮᠠᠯ ᠤ᠋ᠨ ᠲᠠᠯᠠᠪᠠᠢ ᠨᠢ ᠪᠦᠬᠦ ᠬᠤᠳᠠ ᠶ᠋ᠢᠨ ᠤᠰᠤᠨ ᠲᠤᠳᠤᠷᠭ᠎ᠠ ᠵᠢᠨ ᠲᠠᠯᠠᠪᠠᠢ ᠵᠢᠨ 83% ᠶ᠋ᠢ ᠡᠵᠡᠯᠡᠵᠦ᠂ ᠵᠢᠯ ᠪᠦᠷᠢ 12 ᠲᠦᠮᠡ ᠭᠠᠷᠤᠢ ᠳᠤᠨ ᠲᠤᠳᠤᠷᠭ᠎ᠠ ᠬᠤᠷᠢᠶᠠᠳᠠᠭ᠃ ᠤᠩᠨᠢᠭᠤᠳ ᠬᠤᠰᠢᠭᠤᠨ ᠤ᠋ ᠳᠤᠳᠤᠷᠭ᠎ᠠ 2014 ᠤᠨ ᠳ᠋ᠤ ᠤᠯᠤᠰ ᠤ᠋ᠨ ᠭᠠᠵᠠᠷ ᠵᠦᠢ ᠶ᠋ᠢᠨ ᠢᠯᠡᠷᠬᠡᠢᠯᠡᠯᠳᠦ ᠪᠦᠲᠦᠭᠡᠭᠳᠡᠭᠦᠨ ᠪᠤᠯᠵᠤ᠂ 2019 ᠤᠨ ᠳ᠋ᠤ 《ᠪᠦᠬᠦ ᠤᠯᠤᠰ ᠤ᠋ᠨ ᠨᠡᠷᠡᠳᠦ ᠤᠨᠴᠠᠯᠢᠭᠳᠤ ᠤᠬᠢ ᠰᠢᠨ᠎ᠠ ᠲᠠᠷᠢᠶᠠᠯᠠᠩ ᠤ᠋ᠨ ᠪᠦᠲᠦᠭᠡᠭᠳᠡᠭᠦᠨ》 ᠶ᠋ᠢᠡᠷ ᠦᠨᠡᠯᠡᠭᠳᠡᠭᠰᠡᠨ ᠶᠤᠮ᠃ ᠤᠢᠷ᠎ᠠ ᠶ᠋ᠢᠨ ᠵᠢᠯ ᠳ᠋ᠤ ᠤᠩᠨᠢᠭᠤᠳ ᠬᠤᠰᠢᠭᠤ ᠤᠯᠠᠮᠵᠢᠯᠠᠯᠳᠤ ᠤᠰᠤᠨ ᠲᠤᠳᠤᠷᠭ᠎ᠠ ᠶ᠋ᠢᠨ ᠲᠠᠷᠢᠮᠠᠯ ᠤ᠋ᠨ ᠲᠠᠯᠠᠪᠠᠢ ᠪᠡᠨ ᠳᠤᠭᠳᠠᠪᠤᠷᠢᠵᠢᠭᠤᠯᠬᠤ ᠶ᠋ᠢᠨ ᠵᠡᠷᠭᠡ ᠪᠡᠷ ᠬᠤᠵᠢᠷᠯᠢᠭ ᠭᠠᠵᠠᠷ ᠤ᠋ᠨ ᠤᠰᠤᠨ ᠲᠤᠳᠤᠷᠭ᠎ᠠ ᠶ᠋ᠢ ᠶᠡᠬᠡ ᠪᠡᠷ ᠬᠦᠭᠵᠢᠭᠦᠯᠦᠨ᠂ ᠤᠰᠤᠨ ᠲᠤᠳᠤᠷᠭ᠎ᠠ ᠶ᠋ᠢᠨ ᠠᠵᠤ ᠦᠢᠯᠡᠰ ᠶ᠋ᠢᠡᠨ 《ᠤᠷᠭᠠᠨᠢᠭ᠂ ᠪᠤᠬᠢᠷᠳᠦᠯ ᠦᠭᠡᠢ᠂ ᠠᠮᠦᠷ ᠲᠦᠪᠰᠢᠨ᠂ ᠤᠰᠤ ᠠᠷᠪᠢᠯᠠᠬᠤ》 ᠴᠢᠨᠠᠷ ᠰᠠᠢᠳᠠᠢ ᠬᠦᠭᠵᠢᠯᠳᠡ ᠶ᠋ᠢᠨ ᠵᠠᠮ ᠶ᠋ᠢᠡᠷ ᠵᠠᠮᠨᠠᠭᠤᠯᠬᠤ ᠶ᠋ᠢ ᠵᠤᠷᠢᠪᠠ᠃


8a4a5c20-6326-4d58-9059-a695e893c9fa.png


ᠰᠢᠭᠤᠳ ᠨᠡᠪᠳᠡᠷᠡᠭᠦᠯᠭᠡ ᠬᠢᠨ᠎ᠠ


ᠤᠷᠭᠤᠯᠳᠠ ᠶ᠋ᠢᠨ ᠤᠷᠴᠢᠨ ᠨᠢ ᠤᠨᠴᠠᠭᠠᠢ ᠪᠤᠯᠬᠤᠷ ᠬᠤᠵᠢᠷᠯᠢᠭ ᠭᠠᠵᠠᠷ ᠤ᠋ᠨ ᠲᠤᠳᠤᠷᠭ᠎ᠠ ᠳ᠋ᠤ ᠨᠡᠭᠦᠷᠡᠰᠦ ᠤᠰᠤᠨ ᠤ᠋ ᠨᠢᠭᠡᠳᠪᠤᠷᠢ ᠪᠤᠳᠠᠰ᠂ ᠤᠭᠤᠷᠠᠭ᠂ ᠦᠭᠡᠬᠦ᠂ ᠸᠢᠲ᠋ᠠᠮᠢᠨ B1᠂ ᠲᠡᠮᠦᠷ᠂ ᠴᠠᠢᠷ᠂ ᠮᠠᠭᠨᠢ᠂ ᠰᠧᠯᠧᠨ ᠵᠡᠷᠭᠡ ᠡᠯ᠎ᠠ ᠵᠦᠢᠯ ᠤ᠋ᠨ ᠰᠢᠮ᠎ᠠ ᠲᠡᠵᠢᠭᠡᠯᠳᠦ ᠪᠤᠳᠠᠰ ᠠᠭᠤᠯᠤᠭᠳᠠᠨ᠂ ᠰᠢᠩᠭᠡᠭᠡᠯᠳᠡ ᠶ᠋ᠢ ᠰᠠᠢᠵᠢᠷᠠᠭᠤᠯᠬᠤ᠂ ᠦᠳᠡᠯᠬᠦ ᠶ᠋ᠢ ᠤᠳᠠᠭᠠᠰᠢᠷᠠᠭᠤᠯᠬᠤ᠂ ᠴᠢᠰᠦᠨ ᠤ᠋ ᠰᠢᠬᠢᠷ ᠪᠠ ᠴᠢᠰᠦᠨ ᠤ᠋ ᠦᠭᠡᠬᠦ ᠶ᠋ᠢ ᠪᠠᠭᠤᠷᠠᠭᠤᠯᠬᠤ ᠵᠡᠷᠭᠡ ᠦᠢᠯᠡᠳᠦᠯ ᠲᠠᠢ ᠪᠠᠢᠵᠤ᠂ ᠵᠤᠬᠢᠬᠤ ᠬᠡᠮᠵᠢᠶ᠎ᠠ ᠪᠡᠷ ᠢᠳᠡᠪᠡᠯ ᠪᠡᠶ᠎ᠠ ᠶ᠋ᠢᠨ ᠡᠷᠡᠭᠦᠯ ᠮᠡᠨᠳᠦ ᠳ᠋ᠤ ᠰᠠᠢᠨ ᠪᠠᠢᠳᠠᠭ᠃

ᠡᠤ ᠳ᠋ᠧ ᠪᠤᠤ ᠶ᠋ᠢᠨ 《ᠬᠠᠰ ᠯᠤᠤ ᠶ᠋ᠢᠨ ᠨᠤᠳᠤᠭ》 ᠬᠤᠵᠢᠷᠯᠢᠭ ᠭᠠᠵᠠᠷ ᠤ᠋ᠨ ᠲᠤᠳᠤᠷᠭ᠎ᠠ ᠶ᠋ᠢ ᠨᠡᠢᠭᠡᠮ ᠲᠤᠭᠤᠷᠢᠭ ᠲᠤ᠌ ᠰᠢᠭᠤᠳ ᠪᠤᠷᠤᠯᠠᠭᠤᠯᠬᠤ ᠦᠢᠯᠡᠴᠢᠯᠡᠭᠴᠢ ᠦᠭᠡᠢ 《ᠤᠶᠤᠨᠳᠤ ᠬᠤᠷᠭᠤ》 ᠶ᠋ᠢᠨ ᠲᠦᠷᠦᠯ ᠵᠦᠢᠯ ᠨᠢ ᠠᠷᠠᠯᠵᠢᠶᠠᠨ ᠤ᠋ ᠬᠡᠪ ᠵᠠᠭᠪᠤᠷ ᠤ᠋ᠨ ᠬᠤᠪᠢ ᠳ᠋ᠤ 《ᠬᠠᠩᠭᠠᠯᠭ᠎ᠠ ᠶ᠋ᠢᠨ ᠬᠡᠯᠬᠢᠶ᠎ᠠ ᠶ᠋ᠢ ᠬᠡᠷᠡᠭᠯᠡᠭᠴᠢ ᠲᠠᠢ ᠰᠢᠭᠤᠳ ᠬᠤᠯᠪᠤᠬᠤ + ᠨᠡᠢᠭᠡᠮ ᠲᠤᠭᠤᠷᠢᠭ ᠤ᠋ᠨ ᠤᠭᠳᠤᠪᠤᠷᠢ ᠶ᠋ᠢᠨ ᠬᠦᠮᠦᠷᠭᠡ》 ᠶ᠋ᠢᠨ ᠬᠡᠯᠪᠡᠷᠢ ᠶ᠋ᠢᠨ ᠬᠦᠷᠦᠩᠭᠡ ᠤᠷᠤᠭᠤᠯᠤᠯᠳᠠ ᠪᠠᠭᠠᠳᠠᠢ ᠡᠵᠡᠩᠨᠡᠯᠳᠡ ᠶ᠋ᠢᠨ ᠵᠠᠮ ᠢ᠋ ᠨᠡᠭᠡᠭᠡᠵᠦ᠂ ᠵᠠᠬ᠎ᠠ ᠳᠡᠯᠭᠡᠭᠦᠷ ᠤ᠋ᠨ ᠪᠤᠳᠤᠯᠭ᠎ᠠ ᠶ᠋ᠢᠨ ᠬᠤᠪᠢ ᠳ᠋ᠤ ᠬᠡᠷᠡᠭᠯᠡᠭᠡ ᠶ᠋ᠢᠨ ᠳᠡᠰ ᠳᠡᠪᠰᠢᠯᠳᠡ ᠶ᠋ᠢᠨ ᠬᠠᠨᠳᠤᠰᠢ ᠬᠢᠭᠡᠳ ᠨᠡᠢᠭᠡᠮ ᠲᠤᠭᠤᠷᠢᠭ ᠤ᠋ᠨ ᠬᠦᠮᠦᠨ ᠤ᠋ ᠤᠷᠤᠰᠬᠠᠯ ᠢ᠋ ᠨᠠᠷᠢᠨ ᠤᠨᠤᠪᠴᠢᠳᠠᠢ ᠡᠵᠡᠮᠳᠡᠵᠠᠢ᠃ 24 ᠴᠠᠭ ᠤ᠋ᠨ 《ᠤᠶᠤᠨᠳᠤ ᠬᠤᠷᠭᠤ》 ᠶ᠋ᠢᠨ ᠪᠤᠷᠤᠯᠠᠭᠤᠯᠭ᠎ᠠ ᠶ᠋ᠢᠨ ᠵᠠᠭᠪᠤᠷ ᠨᠢ ᠤᠯᠠᠮᠵᠢᠯᠠᠯᠳᠤ ᠪᠤᠷᠤᠯᠠᠭᠤᠯᠭ᠎ᠠ ᠶ᠋ᠢᠨ ᠴᠠᠭ ᠤᠷᠤᠨ ᠵᠠᠢ ᠶ᠋ᠢᠨ ᠬᠢᠵᠠᠭᠠᠷᠯᠠᠯ ᠢ᠋ ᠳᠠᠪᠠᠵᠤ᠂ ᠬᠡᠷᠡᠭᠯᠡᠭᠴᠢ ᠶᠠᠮᠠᠷᠪᠠ ᠴᠠᠭ ᠲᠤ᠌ ᠲᠤᠰᠬᠠᠢ ᠦᠢᠯᠡᠴᠢᠯᠡᠭᠴᠢ ᠬᠡᠷᠡᠭᠰᠡᠬᠦ ᠦᠭᠡᠢ ᠪᠡᠷ ᠭᠠᠷ ᠤᠳᠠᠰᠤ ᠪᠡᠷ ᠶ᠋ᠢᠡᠨ ᠺᠤᠳ᠋ ᠢ᠋ ᠨᠢ ᠰᠢᠷᠪᠢᠬᠦ᠂ ᠡᠯᠧᠺᠲᠷᠤᠨ ᠲᠤᠭᠠᠴᠠᠭ᠎ᠠ ᠬᠢᠬᠦ ᠪᠡᠷ ᠳᠠᠮᠵᠢᠨ ᠳᠤᠳᠤᠷᠭ᠎ᠠ ᠬᠤᠳᠠᠯᠳᠤᠨ ᠠᠪᠴᠤ ᠪᠤᠯᠬᠤ ᠨᠢ ᠤᠳᠤ ᠦᠶ᠎ᠠ ᠶ᠋ᠢᠨ ᠬᠦᠮᠦᠰ ᠤ᠋ᠨ ᠬᠤᠷᠳᠤᠨ ᠠᠢᠵᠠᠮ ᠤ᠋ᠨ ᠠᠮᠢᠳᠤᠷᠠᠯ ᠤ᠋ᠨ ᠠᠷᠭ᠎ᠠ ᠬᠡᠯᠪᠡᠷᠢ ᠳ᠋ᠤ ᠵᠤᠬᠢᠷᠠᠪᠠ᠃

ᠲᠤᠰ ᠲᠦᠷᠦᠯ ᠵᠦᠢᠯ ᠤ᠋ᠨ ᠦᠪᠡᠷᠮᠢᠴᠡ ᠴᠢᠨᠠᠷ ᠨᠢ ᠦᠪᠡᠷ ᠤ᠋ᠨ ᠭᠡᠰᠡᠨ ᠬᠠᠩᠭᠠᠯᠭ᠎ᠠ ᠶ᠋ᠢᠨ ᠬᠡᠯᠬᠢᠶ᠎ᠠ ᠶ᠋ᠢ ᠪᠠᠢᠭᠤᠯᠤᠭᠰᠠᠨ ᠳ᠋ᠤ ᠪᠤᠢ᠃ ᠳᠡᠳᠡ ᠳᠤᠳᠤᠷᠭ᠎ᠠ ᠪᠡᠨ ᠲᠠᠷᠢᠬᠤ᠂ ᠬᠤᠷᠢᠶᠠᠬᠤ᠂ ᠴᠠᠢᠯᠭᠠᠬᠤ ᠡᠴᠡ ᠬᠡᠷᠡᠭᠯᠡᠭᠴᠢ ᠶ᠋ᠢᠨ ᠭᠠᠷ ᠲᠤ᠌ ᠬᠦᠷᠭᠡᠬᠦ ᠪᠤᠯᠳᠠᠯ᠎ᠠ ᠪᠡᠨ ᠨᠢᠭᠡ ᠴᠤ᠌ ᠵᠠᠪᠰᠠᠷ ᠤ᠋ᠨ ᠮᠠᠢᠮᠠᠢᠴᠢᠨ ᠬᠡᠷᠡᠭᠰᠡᠬᠦ ᠦᠭᠡᠢ᠃ ᠲᠡᠭᠦᠨᠴᠢᠯᠡᠨ ᠰᠢᠨ᠎ᠠ ᠴᠠᠢᠯᠭᠠᠭᠰᠠᠨ ᠲᠤᠳᠤᠷᠭ᠎ᠠ ᠵᠢ ᠬᠡᠷᠡᠭᠯᠡᠭᠴᠢ ᠶ᠋ᠢᠨ ᠭᠠᠷ ᠲᠤ᠌ ᠬᠦᠷᠬᠡᠳᠡᠯ᠎ᠠ 30 ᠡᠳᠦᠷ ᠢ᠋ ᠳᠠᠪᠠᠭᠤᠯᠬᠤ ᠦᠭᠡᠢ ᠪᠠᠢᠬᠤ ᠨᠢ ᠲᠤᠳᠤᠷᠭ᠎ᠠ ᠶ᠋ᠢᠨ ᠦᠨᠦᠷ ᠠᠮᠳᠠ ᠶ᠋ᠢ ᠨᠡᠩ ᠰᠠᠢᠨ ᠪᠠᠳᠤᠯᠠᠵᠤ᠂ ᠬᠡᠷᠡᠭᠯᠡᠭᠴᠢᠳ ᠤ᠋ᠨ ᠰᠢᠨ᠎ᠠ ᠰᠤᠷᠭᠤᠭ ᠲᠤᠳᠤᠷᠭ᠎ᠠ ᠢᠳᠡᠬᠦ ᠬᠦᠰᠡᠯ ᠱᠠᠭᠠᠷᠳᠠᠯᠭ᠎ᠠ ᠶ᠋ᠢ ᠬᠠᠩᠭᠠᠪᠠ᠃ 《ᠤᠶᠤᠨᠳᠤ ᠬᠤᠷᠭᠤ》 ᠨᠢ ᠭᠡᠷ ᠤ᠋ᠨ ᠳᠦᠷᠢᠶᠡᠰᠦᠨ ᠮᠦᠩᠬᠦ ᠬᠡᠷᠡᠭᠰᠡᠬᠦ ᠦᠭᠡᠢ ᠪᠦᠭᠡᠳ ᠦᠢᠯᠡᠴᠢᠯᠡᠭᠴᠢ ᠬᠡᠷᠡᠭᠰᠡᠬᠦ ᠦᠭᠡᠢ ᠲᠤᠯᠠ ᠪᠦᠬᠦᠢᠯᠡ ᠶᠠᠪᠤᠴᠠ ᠳ᠋ᠤ ᠦᠪᠡᠷ ᠤ᠋ᠨ ᠦᠷᠳᠡᠭ ᠢ᠋ ᠮᠠᠰᠢ ᠪᠠᠭ᠎ᠠ ᠬᠡᠮᠵᠢᠶᠡᠨ ᠳ᠋ᠤ ᠬᠦᠷᠳᠡᠯ᠎ᠠ ᠬᠢᠵᠠᠭᠠᠷᠯᠠᠭᠰᠠᠨ ᠶ᠋ᠢᠡᠷ ᠪᠤᠷᠤᠯᠠᠭᠤᠯᠭ᠎ᠠ ᠶ᠋ᠢᠨ ᠦᠨ᠎ᠠ ᠬᠠᠩᠰᠢ ᠶ᠋ᠢᠨ ᠲᠠᠯ᠎ᠠ ᠪᠡᠷ ᠢᠯᠡᠳᠳᠡ ᠳᠠᠪᠠᠭᠤᠯᠢᠭ ᠲᠠᠢ᠃ ᠡᠭᠦᠨ ᠤ᠋ ᠵᠡᠷᠭᠡ ᠪᠡᠷ 《ᠤᠶᠤᠨᠳᠤ ᠬᠤᠷᠭᠤ》 ᠨᠢ ᠪᠠᠰᠠ ᠡᠳ᠋ ᠪᠠᠷᠠᠭᠠᠨ ᠤ᠋ ᠰᠦᠯᠵᠢᠶ᠎ᠠ ᠪᠠ ᠲᠤᠮᠤ ᠳ᠋ᠠᠢᠲ᠋ᠠ ᠶ᠋ᠢᠨ ᠮᠡᠷᠭᠡᠵᠢᠯ ᠢ᠋ ᠤᠶᠠᠯᠳᠤᠭᠤᠯᠵᠤ᠂ ᠨᠠᠷᠢᠯᠢᠭ ᠤᠨᠤᠴᠠᠳᠠᠢ ᠦᠢᠯᠡᠴᠢᠯᠡᠭᠡ ᠬᠠᠩᠭᠠᠬᠤ ᠶ᠋ᠢᠨ ᠵᠡᠷᠭᠡ ᠪᠡᠷ ᠬᠡᠷᠡᠭᠯᠡᠭᠴᠢ ᠶ᠋ᠢᠨ ᠬᠡᠷᠡᠭᠴᠡᠭᠡ ᠳ᠋ᠤ ᠨᠠᠷᠢᠨ ᠪᠤᠳᠠᠳᠠᠢ ᠵᠠᠳᠠᠯᠤᠯᠳᠠ ᠬᠢᠵᠦ ᠳᠡᠢᠯᠬᠦ ᠶᠤᠮ᠃


453e1927-00a9-4bd7-a188-199651c7b56b.png


ᠲᠠᠷᠢᠮᠠᠯ᠎ᠤᠨ ᠰᠠᠭᠤᠷᠢᠨ


ᠡᠤ ᠳ᠋ᠧ ᠪᠤᠤ ᠶ᠋ᠢᠨ ᠺᠤᠮᠫᠠᠨᠢ 《ᠤᠶᠤᠨᠳᠤ ᠬᠤᠷᠭᠤ》 ᠪᠠ ᠰᠦᠯᠵᠢᠶᠠᠨ ᠤ᠋ ᠰᠢᠭᠤᠳ ᠨᠡᠪᠳᠡᠷᠡᠭᠦᠯᠭᠡ ᠶ᠋ᠢ ᠤᠶᠠᠯᠳᠤᠭᠤᠯᠬᠤ ᠠᠷᠭ᠎ᠠ ᠪᠡᠷ ᠤᠳᠤ ᠵᠢᠯ ᠤ᠋ᠨ 1500 ᠲᠦᠮᠡᠨ ᠲᠦᠭᠦᠷᠢᠭ ᠤ᠋ᠨ ᠡᠵᠡᠩᠨᠡᠯᠳᠡ ᠶ᠋ᠢᠨ ᠤᠷᠤᠯᠭ᠎ᠠ ᠡᠭᠦᠳᠴᠤ ᠪᠤᠢ᠃ 《ᠤᠶᠤᠨᠳᠤ ᠬᠤᠷᠭᠤ》 ᠳ᠋ᠡᠬᠢ ᠵᠠᠷ ᠮᠡᠳᠡᠭᠡᠨ ᠤ᠋ ᠦᠢᠯᠡᠴᠢᠯᠡᠭᠡ ᠨᠢ ᠪᠠᠰᠠ 80 ᠲᠦᠮᠡᠨ ᠲᠦᠭᠦᠷᠢᠭ ᠤ᠋ᠨ ᠤᠷᠤᠯᠭ᠎ᠠ ᠡᠭᠦᠳᠴᠤ ᠪᠠᠢᠨ᠎ᠠ᠃ ᠦᠪᠡᠷ ᠤ᠋ᠨ ᠦᠷᠳᠡᠭ ᠶ᠋ᠢᠡᠨ ᠬᠠᠰᠤᠪᠠᠯ᠂ ᠨᠢᠳᠤᠨᠤᠨ ᠺᠤᠮᠫᠠᠨᠢ ᠨᠢ 375 ᠲᠦᠮᠡᠨ ᠲᠦᠭᠦᠷᠢᠭ ᠤ᠋ᠨ ᠴᠡᠪᠡᠷ ᠤᠷᠤᠯᠭ᠎ᠠ ᠤᠯᠵᠠᠢ᠃ ᠨᠡᠢᠭᠡᠮ ᠤ᠋ᠨ ᠦᠷ᠎ᠠ ᠠᠰᠢᠭ ᠤ᠋ᠨ ᠬᠤᠪᠢ ᠳ᠋ᠤ᠂ ᠺᠤᠮᠫᠠᠨᠢ ᠨᠢ ᠵᠠᠬᠢᠶᠠᠯᠠᠭ᠎ᠠ ᠶ᠋ᠢᠨ ᠬᠤᠵᠢᠷᠯᠢᠭ ᠲᠤᠳᠤᠷᠭ᠎ᠠ ᠲᠠᠷᠢᠬᠤ ᠬᠡᠯᠪᠡᠷᠢ ᠪᠡᠷ ᠤᠷᠤᠨ ᠨᠤᠳᠤᠭ ᠤ᠋ᠨ 205 ᠲᠠᠷᠢᠶᠠᠯᠠᠬᠤ ᠡᠷᠦᠬᠡ ᠶ᠋ᠢᠨ ᠤᠷᠤᠯᠭ᠎ᠠ ᠶ᠋ᠢ ᠡᠷᠦᠭᠡ ᠳᠤᠮᠳᠠᠴᠢ ᠪᠡᠷ 1200 ᠲᠦᠭᠦᠷᠢᠭ ᠨᠡᠮᠡᠭᠳᠡᠭᠦᠯᠪᠡ᠃ ᠡᠭᠦᠨ ᠤ᠋ ᠵᠡᠷᠭᠡ ᠪᠡᠷ 《ᠤᠶᠤᠨᠳᠤ ᠬᠤᠷᠭᠤ》 ᠳ᠋ᠤ ᠬᠠᠮᠳᠤᠷᠠᠨ ᠠᠵᠢᠯᠯᠠᠬᠤ ᠬᠡᠯᠪᠡᠷᠢ ᠪᠡᠷ ᠨᠡᠢᠭᠡᠮ ᠲᠤᠭᠤᠷᠢᠭ ᠤ᠋ᠨ 30 ᠬᠦᠮᠦᠨ ᠳ᠋ᠤ ᠠᠵᠢᠯ ᠤᠯᠭᠤᠭᠰᠠᠨ ᠡᠴᠡ 5 ᠨᠢ ᠵᠡᠮᠳᠡᠭ ᠬᠦᠮᠦᠨ ᠪᠠᠢᠯ᠎ᠠ᠃

《ᠮᠠᠨ ᠤ᠋ ᠬᠢ 15% ᠶ᠋ᠢᠨ ᠰᠲ᠋ᠤᠺ ᠤ᠋ᠨ ᠡᠷᠬᠡ ᠪᠡᠨ ᠨᠠᠢᠷ ᠲᠠᠯᠪᠢᠬᠤ ᠠᠷᠭ᠎ᠠ ᠪᠡᠷ 8000 ᠲᠦᠮᠡᠨ ᠲᠦᠭᠦᠷᠢᠭ ᠤ᠋ᠨ ᠪᠡᠯᠡ ᠬᠤᠷᠠᠮᠳᠤᠭᠤᠯᠵᠤ᠂ ᠨᠢᠭᠡ ᠲᠠᠯ᠎ᠠ ᠪᠡᠷ ᠤᠶᠤᠨᠳᠤ ᠪᠤᠷᠤᠯᠠᠭᠤᠯᠭ᠎ᠠ ᠶ᠋ᠢᠨ ᠰᠢᠰᠲᠧᠮ ᠶ᠋ᠢᠡᠨ ᠳᠡᠰ ᠳᠡᠪᠰᠢᠭᠦᠯᠤᠨ᠂ 〈ᠤᠶᠤᠨᠳᠤ ᠬᠤᠷᠭᠤ〉 ᠶ᠋ᠢᠨ ᠪᠠᠢᠷᠢᠰᠢᠭᠤᠯᠤᠯᠳᠠ ᠶ᠋ᠢᠨ ᠲᠤᠭ᠎ᠠ ᠪᠠ ᠬᠡᠪᠴᠢᠶ᠎ᠠ ᠶ᠋ᠢ ᠦᠷᠭᠡᠳᠭᠡᠵᠦ᠂ ᠨᠦᠬᠦᠭᠡ ᠲᠠᠯ᠎ᠠ ᠪᠡᠷ ᠪᠦᠲᠦᠭᠡᠭᠳᠡᠭᠦᠨ ᠤ᠋ ᠲᠦᠷᠦᠯ ᠵᠦᠢᠯ ᠶ᠋ᠢᠡᠨ ᠪᠠᠶᠠᠯᠢᠭᠵᠢᠭᠤᠯᠤᠨ᠂ ᠲᠠᠷᠢᠮᠠᠯ ᠤ᠋ᠨ ᠰᠠᠭᠤᠷᠢᠨ ᠶ᠋ᠢᠡᠨ ᠦᠷᠭᠡᠳᠭᠡᠬᠦ ᠪᠡᠷ ᠲᠦᠯᠦᠪᠯᠡᠵᠦ ᠪᠠᠢᠨ᠎ᠠ》 ᠭᠡᠵᠦ ᠡᠤ ᠳ᠋ᠧ ᠪᠤᠤ ᠶᠠᠷᠢᠵᠤ ᠪᠠᠢᠯ᠎ᠠ᠃

ᠦᠪᠦᠷ ᠮᠤᠩᠭᠤᠯ ᠤ᠋ᠨ ᠬᠠᠰ ᠯᠤᠤ ᠶ᠋ᠢᠨ ᠨᠤᠳᠤᠭ ᠲᠠᠷᠢᠶᠠᠯᠠᠩ ᠤ᠋ᠨ ᠬᠦᠭᠵᠢᠭᠦᠯᠦᠯᠳᠡ ᠶ᠋ᠢᠨ ᠬᠢᠵᠠᠭᠠᠷᠳᠦ ᠺᠤᠮᠫᠠᠨᠢ ᠤᠳᠤ ᠤᠯᠠᠭᠠᠨᠬᠠᠳᠠ ᠬᠤᠳᠠ ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰᠵᠢᠯᠳᠠ ᠵᠢᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠢᠯᠠᠯ ᠪᠤᠯᠵᠤ᠂ ᠺᠤᠮᠫᠠᠨᠢ ᠶ᠋ᠢᠨ ᠬᠠᠷᠢᠶ᠎ᠠ ᠤᠩᠨᠢᠭᠤᠳ ᠬᠤᠰᠢᠭᠤᠨ ᠤ᠋ ᠱᠧᠨ ᠨᠦᠩ ᠲᠠᠷᠢᠮᠠᠯ ᠤ᠋ᠨ ᠦᠢᠯᠡᠰ ᠤ᠋ᠨ ᠲᠤᠰᠬᠠᠢ ᠬᠤᠷᠰᠢᠶ᠎ᠠ ᠨᠢ ᠴᠦ᠍ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠮᠠᠯᠴᠢᠨ ᠲᠠᠷᠢᠶᠠᠴᠢᠳ ᠤ᠋ᠨ ᠵᠢᠱ᠌ᠢᠶ᠎ᠠ ᠦᠵᠡᠭᠦᠯᠬᠦ ᠲᠤᠰᠬᠠᠢ ᠬᠤᠷᠰᠢᠶ᠎ᠠ ᠪᠤᠯᠤᠭᠰᠠᠨ ᠪᠦᠭᠡᠳ ᠡᠤ ᠳ᠋ᠧ ᠪᠤᠤ ᠦᠪᠡᠷ ᠶ᠋ᠢᠡᠨ ᠪᠠᠰᠠ 《ᠲᠠᠯ᠎ᠠ ᠨᠤᠳᠤᠭ ᠤ᠋ᠨ ᠰᠤᠳᠤᠨ ᠴᠢᠳᠠᠪᠤᠷᠢᠳᠠᠨ》 ᠤ᠋ ᠢᠨᠵᠧᠨᠧᠷᠢᠩ ᠤ᠋ᠨ ᠰᠢᠨ᠎ᠠ ᠶ᠋ᠢ ᠡᠭᠦᠳᠴᠤ ᠦᠢᠯᠡᠰ ᠪᠤᠰᠬᠠᠭᠰᠠᠨ ᠴᠢᠳᠠᠪᠤᠷᠢᠳᠠᠨ᠂ ᠦᠪᠡᠷᠳᠡᠭᠡᠨ ᠵᠠᠰᠠᠬᠤ ᠤᠷᠤᠨ ᠤ᠋ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠵᠠᠯᠠᠭᠤ ᠬᠤᠰᠢᠭᠤᠴᠢ᠂ ᠦᠪᠡᠷᠳᠡᠭᠡᠨ ᠵᠠᠰᠠᠬᠤ ᠤᠷᠤᠨ ᠤ᠋ ᠤᠮᠠᠷᠠᠳᠦ ᠬᠢᠯᠢ ᠶ᠋ᠢᠨ ᠰᠢᠨ᠎ᠠ ᠲᠠᠷᠢᠶᠠᠴᠢᠨ ᠵᠡᠷᠭᠡ ᠠᠯᠢ ᠤᠯᠠᠨ ᠢᠷᠠᠭᠤ ᠠᠯᠳᠠᠷ ᠢ᠋ ᠬᠦᠷᠳᠡᠭᠰᠡᠨ ᠪᠠᠢᠨ᠎ᠠ᠃

ᠵᠠᠬ᠎ᠠ ᠳᠡᠯᠭᠡᠭᠦᠷ ᠤ᠋ᠨ ᠪᠠᠢᠴᠠᠭᠠᠯᠳᠠ ᠶ᠋ᠢ ᠦᠨᠳᠦᠰᠦᠯᠡᠪᠡᠯ᠂ 2025 ᠤᠨ ᠳ᠋ᠤ ᠳᠤᠮᠳᠠᠳᠤ ᠤᠯᠤᠰ ᠤ᠋ᠨ ᠦᠢᠯᠡᠴᠢᠯᠡᠭᠴᠢ ᠦᠭᠡᠢ ᠤᠶᠤᠨᠳᠤ ᠪᠤᠷᠤᠯᠠᠭᠤᠯᠭ᠎ᠠ ᠶ᠋ᠢᠨ ᠬᠡᠪᠴᠢᠶ᠎ᠠ ᠨᠢ 1.8 — 2 ᠲᠦᠮᠡᠨ ᠳ᠋ᠦᠩᠰᠢᠭᠤᠷ ᠲᠦᠭᠦᠷᠢᠭ ᠲᠤ᠌ ᠬᠦᠷᠴᠤ᠂ 2.5 ᠳ᠋ᠦᠩᠰᠢᠭᠤᠷ ᠭᠠᠷᠤᠢ ᠬᠡᠷᠡᠭᠯᠡᠭᠴᠢ ᠶ᠋ᠢ ᠬᠠᠮᠤᠷᠴᠤ ᠪᠠᠢᠨ᠎ᠠ᠃ 《ᠦᠪᠦᠷ ᠮᠤᠩᠭᠤᠯ ᠤ᠋ᠨ ᠲᠠᠷᠢᠶᠠᠯᠠᠵᠤ ᠪᠤᠯᠬᠤ ᠬᠤᠵᠢᠷᠯᠢᠭ ᠭᠠᠵᠠᠷ ᠤ᠋ᠨ ᠲᠠᠯᠠᠪᠠᠢ 1500 ᠲᠦᠮᠡᠨ ᠮᠤ᠌ ᠶ᠋ᠢ ᠳᠠᠪᠠᠵᠤ᠂ ᠨᠡᠭᠡᠭᠡᠯᠳᠡ ᠬᠢᠭᠡᠳᠦᠢ ᠬᠤᠵᠢᠷᠯᠢᠭ ᠭᠠᠵᠠᠷ 8500 ᠲᠦᠮᠡᠨ ᠮᠤ᠌ ᠪᠤᠢ᠃ ᠪᠦᠬᠦ ᠤᠯᠤᠰ ᠤ᠋ᠨ ᠬᠢ ᠪᠠᠷᠤᠭ 10 ᠭᠠᠷᠤᠢ ᠳ᠋ᠦᠩᠰᠢᠭᠤᠷ ᠮᠤ᠌ ᠪᠤᠢ᠃ ᠬᠤᠵᠢᠷᠯᠢᠭ ᠭᠠᠵᠠᠷ ᠤ᠋ᠨ ᠤᠰᠤᠨ ᠲᠤᠳᠤᠷᠭ᠎ᠠ ᠶ᠋ᠢᠨ ᠦᠢᠯᠡᠰ ᠤ᠋ᠨ ᠬᠦᠭᠵᠢᠯᠳᠡ ᠶ᠋ᠢᠨ ᠢᠷᠡᠭᠡᠳᠦᠢ ᠮᠠᠰᠢ ᠭᠡᠭᠡᠨ ᠰᠠᠷᠠᠭᠤᠯ ᠪᠠᠢᠬᠤ ᠨᠢ ᠯᠠᠪᠳᠠᠢ》 ᠭᠡᠵᠦ ᠡᠤ ᠳ᠋ᠧ ᠪᠤᠤ ᠶᠠᠷᠢᠨ᠎ᠠ᠃

(ᠭᠡᠷᠡᠯ ᠵᠢᠷᠤᠭ ᠢ᠋ ᠦᠪᠦᠷ ᠮᠤᠩᠭᠤᠯ ᠤ᠋ᠨ ᠬᠠᠰ ᠯᠤᠤ ᠶ᠋ᠢᠨ ᠨᠤᠳᠤᠭ ᠲᠠᠷᠢᠶᠠᠯᠠᠩ ᠤ᠋ᠨ ᠬᠦᠭᠵᠢᠭᠦᠯᠦᠯᠳᠡ ᠶ᠋ᠢᠨ ᠬᠢᠵᠠᠭᠠᠷᠳᠦ ᠺᠤᠮᠫᠠᠨᠢ ᠡᠴᠡ ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号