ᠪᠥᠬᠥ ᠤᠯᠤᠰ᠎ᠤᠨ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠵᠢᠨ ᠣᠨᠣᠰᠢᠯᠠᠨ ᠡᠮᠴᠢᠯᠡᠭᠰᠡᠨ ᠬᠥᠮᠥᠨ ᠤᠳᠠᠭ᠎ᠠ 101 ᠳ᠋ᠦᠩᠰᠢᠭᠤᠷ᠎ᠢ ᠳᠠᠪᠠᠪᠠ
2025-12-05 11:23:39
ᠵᠣᠬᠢᠶᠠᠭ᠍ᠴᠢ᠄
​ ᠯᠢ ᠾᠧᠩ
ᠣᠩᠱᠢᠭ᠍ᠰᠠᠨ ᠣᠳᠠᠭ᠎ᠠ᠄
★★★☆☆

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ 2  ᠤ᠋ᠨ ᠡᠳᠦᠷ᠎ᠤᠨ ᠨᠡᠢᠲᠡᠯᠡᠭᠰᠡᠨ 《2024 ᠣᠨ᠎ᠤ ᠮᠠᠨ᠎ᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠦᠢᠯᠡᠰ᠎ᠦᠨ ᠬᠥᠭᠵᠢᠯᠲᠡ᠎ᠶᠢᠨ ᠪᠦᠷᠢᠳᠬᠡᠯ᠎ᠦᠨ ᠠᠯᠪᠠᠨ ᠮᠡᠳᠡᠭᠡ》 ᠳ᠋ᠤ ᠬᠠᠷᠠᠭᠤᠯᠤᠭᠰᠠᠨ᠎ᠢᠶᠡᠷ᠂ 2024 ᠣᠨ᠎ᠳᠤ ᠪᠥᠬᠥ ᠤᠯᠤᠰ᠎ᠤᠨ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠶᠡᠷᠦᠩᠬᠡᠢ ᠤᠨᠤᠰᠢᠯᠠᠨ ᠡᠮᠴᠢᠯᠡᠭᠰᠡᠨ ᠬᠥᠮᠥᠨ ᠤᠳᠠᠭ᠎ᠠ 101.5 ᠳ᠋ᠦᠩᠰᠢᠭᠤᠷ ᠲᠦ᠍ ᠬᠦᠷᠴᠦ᠂ ᠲᠦᠷᠦᠭᠦᠸ᠋ ᠵᠢᠯ᠎ᠦᠨ ᠬᠢ᠎ᠡᠴᠡ 6.0 ᠳ᠋ᠦᠩᠰᠢᠭᠤᠷ ᠬᠥᠮᠥᠨ ᠤᠳᠠᠭ᠎ᠠ ᠨᠡᠮᠡᠭᠳᠡᠵᠦ᠂ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ 79.0 ᠨᠠᠰᠤ ᠬᠦᠷᠴᠦ᠂ ᠵᠢᠷᠮᠦᠰᠦᠨ ᠡᠮᠡᠭᠲᠡᠢ᠎ᠶᠢᠨ ᠦᠬᠦᠯ᠎ᠦᠨ ᠨᠣᠷᠮ᠎ᠠ 14.3/10 ᠲᠦᠮᠡ ᠪᠣᠯᠣᠨ ᠪᠠᠭᠤᠷᠠᠵᠤ᠂ ᠨᠢᠷᠠᠢ ᠬᠡᠦᠬᠡᠳ᠎ᠦᠨ ᠦᠬᠦᠯ᠎ᠦᠨ ᠨᠣᠷᠮ᠎ᠠ 0.4% ᠪᠣᠯᠣᠨ ᠪᠠᠭᠤᠷᠠᠪᠠ᠃

ᠠᠯᠪᠠᠨ ᠮᠡᠳᠡᠭᠡ᠎ᠶᠢ ᠦᠨᠳᠦᠰᠦᠯᠡᠪᠡᠯ᠂ ᠮᠠᠨ᠎ᠤ ᠤᠯᠤᠰ᠎ᠤᠨ ᠡᠷᠡᠭᠦᠯ ᠬᠠᠮᠠᠭᠠᠯᠠᠯ᠎ᠤᠨ ᠡᠬᠢ ᠪᠠᠶᠠᠯᠢᠭ᠋᠎ᠤᠨ ᠶᠡᠷᠦᠩᠬᠡᠢ ᠬᠡᠮᠵᠢᠶ᠎ᠡ ᠦᠷᠭᠦᠯᠵᠢᠯᠡᠨ ᠲᠣᠭᠲᠠᠭᠤᠨ᠎ᠢᠶᠠᠷ ᠨᠡᠮᠡᠭᠳᠡᠪᠡ᠃ 2024 ᠣᠨ᠎ᠤ ᠡᠴᠦᠰ᠎ᠲᠦ᠂ ᠪᠥᠬᠥ ᠤᠯᠤᠰ᠎ᠤᠨ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠪᠥᠬᠥ ᠲᠣᠭ᠎ᠠ 1093551 ᠪᠣᠯᠵᠤ᠂ ᠲᠦᠷᠦᠭᠦᠸ᠋ ᠵᠢᠯ᠎ᠦᠨ ᠬᠢ᠎ᠡᠴᠡ 22766 ᠨᠡᠮᠡᠭᠳᠡᠵᠦ᠂ ᠡᠭᠦᠨ᠎ᠳᠦ ᠡᠮᠨᠡᠯᠭᠡ᠎ᠶᠢᠨ ᠬᠣᠷᠢᠶ᠎ᠠ 38710 ᠪᠣᠯᠵᠤ᠂ ᠲᠦᠷᠦᠭᠦᠸ᠋ ᠵᠢᠯ᠎ᠦᠨ ᠬᠢ᠎ᠡᠴᠡ 355 ᠨᠡᠮᠡᠭᠳᠡᠪᠡ᠃ 2024 ᠣᠨ᠎ᠤ ᠡᠴᠦᠰ᠎ᠲᠦ᠂ ᠡᠷᠡᠭᠦᠯ ᠬᠠᠮᠠᠭᠠᠯᠠᠯ᠎ᠤᠨ ᠮᠡᠷᠭᠡᠵᠢᠯ᠎ᠦᠨ ᠠᠵᠢᠯᠲᠠᠨ 1302.0 ᠲᠦᠮᠡᠨ ᠬᠥᠮᠥᠨ᠎ᠳᠦ ᠬᠦᠷᠴᠦ᠂ ᠲᠦᠷᠦᠭᠦᠸ᠋ ᠵᠢᠯ᠎ᠦᠨ ᠬᠢ᠎ᠡᠴᠡ 53.1 ᠲᠦᠮᠡᠨ ᠬᠥᠮᠥᠨ (4.3%ᠪᠠᠷ ᠨᠡᠮᠡᠭᠳᠡᠪᠡ) ᠨᠡᠮᠡᠭᠳᠡᠵᠦ᠂ ᠡᠭᠦᠨ᠎ᠳᠦ ᠡᠮᠨᠡᠯᠭᠡ᠎ᠶᠢᠨ ᠬᠣᠷᠢᠶ᠎ᠡ ᠵᠢᠨ ᠡᠷᠡᠭᠦᠯ ᠬᠠᠮᠠᠭᠠᠯᠠᠯ᠎ᠤᠨ ᠮᠡᠷᠭᠡᠵᠢᠯ᠎ᠦᠨ ᠠᠵᠢᠯᠲᠠᠨ 937.4 ᠲᠦᠮᠡᠨ ᠬᠥᠮᠥᠨ ᠪᠤᠢ᠃

ᠠᠯᠪᠠᠨ ᠮᠡᠳᠡᠭᠡ᠎ᠡᠴᠡ ᠦᠵᠡᠪᠡᠯ᠂ ᠮᠠᠨ᠎ᠤ ᠤᠯᠤᠰ᠎ᠤᠨ ᠤᠳᠠᠭ᠎ᠠ ᠪᠦᠷᠢ᠎ᠶᠢᠨ ᠳᠤᠮᠳᠠᠴᠢ ᠡᠮᠴᠢᠯᠡᠭᠡᠨ᠎ᠦ ᠵᠠᠷᠤᠳᠠᠯ᠎ᠢ ᠡᠵᠡᠮᠳᠡᠭᠰᠡᠨ ᠨᠢ ᠪᠦᠲᠦᠮᠵᠢᠲᠡᠢ ᠪᠤᠯᠪᠠ᠃ 2024 ᠣᠨ᠎ᠳᠤ᠂ ᠡᠮᠨᠡᠯᠭᠡ᠎ᠶᠢᠨ ᠬᠣᠷᠢᠶ᠎ᠡ ᠵᠢᠨ ᠤᠳᠠᠭ᠎ᠠ ᠪᠦᠷᠢ᠎ᠶᠢᠨ ᠡᠮᠨᠡᠯᠭᠡ᠎ᠳᠦ ᠰᠠᠭᠤᠭᠰᠠᠨ ᠳᠤᠮᠳᠠᠴᠢ ᠵᠠᠷᠤᠳᠠᠯ 9870.0 ᠲᠥᠭᠥᠷᠢᠭ᠎ᠲᠦ ᠬᠦᠷᠴᠦ᠂ ᠲᠤᠬᠠᠢ᠎ᠶᠢᠨ ᠵᠢᠯ᠎ᠦᠨ ᠦᠨ᠎ᠡ᠎ᠪᠡᠷ ᠨᠤᠭᠤᠯᠵᠦ ᠪᠤᠳᠤᠪᠠᠯ ᠲᠦᠷᠦᠭᠦᠸ᠋ ᠵᠢᠯ᠎ᠦᠨ ᠬᠢ᠎ᠡᠴᠡ 4.3% ᠪᠡᠷ ᠪᠠᠭᠤᠷᠠᠵᠤ᠂ ᠬᠠᠷᠢᠴᠠᠭᠤᠯᠵᠤ ᠪᠣᠯᠬᠤ ᠦᠨ᠎ᠡ᠎ᠪᠡᠷ 4.5% ᠪᠡᠷ ᠪᠠᠭᠤᠷᠠᠪᠠ;ᠤᠳᠠᠭ᠎ᠠ ᠪᠦᠷᠢ᠎ᠶᠢᠨ ᠡᠭᠦᠳᠡᠨ ᠡᠮᠨᠡᠯᠭᠡ᠎ᠶᠢᠨ ᠳᠤᠮᠳᠠᠴᠢ ᠵᠠᠷᠤᠳᠠᠯ 361.0 ᠲᠥᠭᠥᠷᠢᠭ᠎ᠲᠦ ᠬᠦᠷᠴᠦ᠂ ᠲᠤᠬᠠᠢ᠎ᠶᠢᠨ ᠵᠢᠯ᠎ᠦᠨ ᠦᠨ᠎ᠡ᠎ᠪᠡᠷ ᠨᠤᠭᠤᠯᠵᠦ ᠪᠤᠳᠤᠪᠠᠯ ᠲᠦᠷᠦᠭᠦᠸ᠋ ᠵᠢᠯ᠎ᠦᠨ ᠬᠢ᠎ᠡᠴᠡ 0.2%᠎ᠵᠢᠡᠷ ᠪᠠᠭᠤᠷᠠᠵᠤ᠂ ᠬᠠᠷᠢᠴᠠᠭᠤᠯᠵᠤ ᠪᠣᠯᠬᠤ ᠦᠨ᠎ᠡ᠎ᠪᠡᠷ 0.4% ᠪᠡᠷ ᠪᠠᠭᠤᠷᠠᠪᠠ᠃

2024 ᠣᠨ᠎ᠳᠤ ᠪᠥᠬᠥ ᠤᠯᠤᠰ᠎ᠤᠨ ᠡᠷᠡᠭᠦᠯ ᠬᠠᠮᠠᠭᠠᠯᠠᠯ᠎ᠤᠨ ᠶᠡᠷᠦᠩᠬᠡᠢ ᠵᠠᠷᠤᠳᠠᠯ᠎ᠢ ᠠᠩᠬ᠎ᠠ ᠠᠯᠬᠤᠮ ᠬᠢᠨᠠᠨ ᠪᠤᠳᠤᠭᠠᠳ 90895.5 ᠳ᠋ᠦᠩᠰᠢᠭᠤᠷ ᠲᠥᠭᠥᠷᠢᠭ ᠲᠦ᠍ ᠬᠦᠷᠴᠦ᠂ ᠡᠭᠦᠨ᠎ᠳᠦ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠵᠠᠷᠤᠯᠭ᠎ᠠ 24.9%᠎ᠶᠢ ᠡᠵᠡᠯᠡᠵᠦ᠂ ᠨᠡᠢᠭᠡᠮ᠎ᠦᠨ ᠡᠷᠡᠭᠦᠯ ᠬᠠᠮᠠᠭᠠᠯᠠᠯ᠎ᠤᠨ ᠵᠠᠷᠤᠯᠭ᠎ᠠ 47.6%᠎ᠶᠢ ᠡᠵᠡᠯᠡᠵᠦ᠂ ᠬᠤᠪᠢ ᠬᠥᠮᠥᠨ᠎ᠦ ᠡᠷᠡᠭᠦᠯ ᠬᠠᠮᠠᠭᠠᠯᠠᠯ᠎ᠤᠨ ᠵᠠᠷᠤᠯᠭ᠎ᠠ 27.5%᠎ᠶᠢ ᠡᠵᠡᠯᠡᠵᠠᠢ᠃ ᠬᠥᠮᠥᠨ ᠪᠦᠷᠢ᠎ᠶᠢᠨ ᠳᠤᠮᠳᠠᠴᠢ ᠡᠷᠡᠭᠦᠯ ᠬᠠᠮᠠᠭᠠᠯᠠᠯ᠎ᠤᠨ ᠶᠡᠷᠦᠩᠬᠡᠢ ᠵᠠᠷᠤᠳᠠᠯ 6454.4 ᠲᠥᠭᠥᠷᠢᠭ᠎ᠲᠦ ᠬᠦᠷᠴᠦ᠂ ᠡᠷᠡᠭᠦᠯ ᠬᠠᠮᠠᠭᠠᠯᠠᠯ᠎ᠤᠨ ᠶᠡᠷᠦᠩᠬᠡᠢ ᠵᠠᠷᠤᠳᠠᠯ᠎ᠤᠨ GDP᠎ᠳ᠋ᠤ ᠡᠵᠡᠯᠡᠬᠦ ᠬᠤᠪᠢ᠎ᠶᠢᠨ ᠵᠢᠩ ᠨᠢ 6.7% ᠎ᠳᠤ ᠬᠦᠷᠪᠡ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 12 ᠰᠠᠷ᠎ᠠ᠎ᠶᠢᠨ 2 ᠤ᠋ᠨ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号