ᠦᠨᠳᠦᠰᠦᠲᠡᠨ ᠎ᠨᠦᠭᠦᠳ ᠎ᠦᠨ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠎ᠶᠢ ᠠᠬᠢᠭᠤᠯᠵᠤ ᠪᠣᠶ
2025-12-05 09:47:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ ᠎ᠤᠨ ᠬᠡᠯᠲᠡᠰ ᠪᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ ᠬᠠᠮᠲᠤᠷᠠᠨ ᠣᠢᠷ᠎ᠠ᠎ᠳᠤ《ᠬᠠᠷᠢᠯᠴᠠᠨ ᠰᠢᠭᠢᠳᠭᠡᠬᠦ ᠮᠠᠶᠢᠭ᠋᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠋᠎ᠤᠨ ᠣᠷᠴᠢᠨ ᠲᠣᠭᠣᠷᠢᠨ᠎ᠢ ᠪᠠᠢᠭᠤᠯᠵᠤ ᠰᠢᠨ᠎ᠡ ᠴᠠᠭ ᠦᠶ᠎ᠡ᠎ᠶᠢᠨ ᠬᠣᠲᠠ᠎ᠶᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠰᠠᠨᠠᠯ》 (ᠳᠣᠷᠣᠭ᠍ᠰᠢ  《ᠵᠢᠯᠤᠭᠣᠳᠬᠤ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠎ᠦᠨ ᠬᠠᠷᠢᠯᠴᠠᠨ ᠰᠢᠭᠢᠳᠭᠡᠬᠦ ᠬᠡᠯᠪᠡᠷᠢ ᠎ᠶᠢᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠋ ᠎ᠤᠨ ᠣᠷᠴᠢᠨ ᠲᠣᠭᠣᠷᠢᠨ ᠎ᠢ ᠪᠠᠶ᠋ᠢᠭᠤᠯᠬᠤ ᠎ᠪᠠᠷ ᠭᠠᠷᠳᠠᠴᠠ ᠪᠣᠯᠭᠠᠵᠤ᠂ ᠦᠨᠳᠦᠰᠦᠲᠡᠨ᠎ᠨᠦᠭᠦᠳ᠎ᠦᠨ ᠪᠦᠬᠦ ᠲᠠᠯ᠎ᠠ᠎ᠪᠠᠷ ᠰᠢᠭᠢᠳᠭᠡᠬᠦ ᠦᠢᠯᠡᠳᠦᠯᠭᠡ᠎ᠶᠢᠨ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠬᠤ᠎ᠳ᠋ᠤ 《ᠵᠠᠮ ᠱᠤᠭᠤᠮ᠎ᠤᠨ ᠵᠢᠷᠤᠭ》᠎ᠢ ᠲᠣᠭᠲᠠᠭᠠᠵᠤ᠂ 《ᠡᠭᠦᠷᠭᠡ᠎ᠶᠢᠨ ᠪᠢᠴᠢᠭ》᠎ᠢ ᠲᠣᠳᠣᠷᠬᠠᠢᠯᠠᠪᠠ᠃   

《ᠵᠢᠯᠤᠭᠣᠳᠬᠤ ᠰᠠᠨᠠᠯ》᠎ᠳᠤ《ᠠᠵᠢᠯ᠎ᠤᠨ ᠭᠣᠣᠯ ᠰᠢᠵᠢᠮ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠦᠯᠬᠦᠮᠳᠡᠨ ᠠᠭᠤᠰᠤᠯᠴᠠᠬᠤ᠎ᠶᠢ ᠲᠣᠪᠤᠢᠯᠭᠠᠨ᠂ ᠨᠠᠷᠢᠯᠢᠭ᠋ ᠣᠨᠣᠴᠠᠲᠠᠢ᠎ᠪᠠᠷ ᠲᠥᠷᠥ᠎ᠶᠢᠨ ᠪᠣᠳᠣᠯᠭ᠎ᠠ ᠬᠡᠷᠡᠭᠵᠢᠭᠦᠯᠬᠦ᠎ᠶᠢ ᠴᠢᠬᠤᠯᠠᠴᠢᠯᠠᠵᠤ᠂ ᠣᠯᠠᠨ ᠡᠰᠢᠲᠦ ᠬᠠᠮᠲᠤ᠎ᠪᠠᠷ ᠵᠠᠰᠠᠬᠤ᠎ᠶᠢ ᠪᠠᠷᠢᠮᠲᠠᠯᠠᠬᠤ》᠎ᠪᠠᠷ ᠶᠡᠷᠦᠩᠬᠡᠢ  ᠱᠠᠭᠠᠷᠳᠠᠯᠭ᠎ᠠ ᠪᠣᠯᠭᠠᠵᠤ᠂ ᠵᠢᠯᠤᠭᠣᠳᠬᠤ ᠴᠢᠨᠠᠷ᠂ ᠬᠡᠷᠡᠭᠵᠢᠭᠦᠯᠬᠦ ᠴᠢᠨᠠᠷ᠂ ᠬᠡᠷᠡᠭᠯᠡᠭᠡᠨ᠎ᠦ ᠴᠢᠨᠠᠷ᠎ᠢᠶᠠᠷ ᠨᠡᠯᠢᠶᠡᠳ ᠴᠢᠩᠭ᠎ᠠ ᠪᠥᠭᠡᠳ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠢ ᠨᠡᠢᠴᠡᠵᠦ᠂ ᠥᠪᠥᠷ ᠮᠣᠩᠭᠣᠯ᠎ᠤᠨ ᠣᠨᠴᠠᠯᠢᠭ᠋᠎ᠲᠠᠢ ᠪᠠᠢᠵᠤ᠂ ᠥᠪᠥᠷ ᠮᠣᠩᠭᠣᠯ᠎ᠤᠨ ᠣᠨᠴᠠᠯᠢᠭ᠋᠎ᠢ ᠢᠯᠡᠷᠡᠭᠦᠯᠪᠡ᠃

《ᠵᠢᠯᠤᠭᠣᠳᠬᠤ ᠰᠠᠨᠠᠯ》ᠳ᠋ᠤ ᠣᠷᠣᠨ ᠵᠠᠢ᠂ ᠠᠵᠤ ᠠᠬᠤᠢ᠂ ᠰᠣᠶᠣᠯ᠂ ᠨᠡᠢᠭᠡᠮ᠂ ᠰᠡᠳᠬᠢᠴᠡ ᠵᠡᠷᠭᠡ ᠲᠠᠪᠤᠨ ᠲᠠᠯ᠎ᠠ ᠠ᠋ᠴᠠ ᠭᠠᠷᠳᠠᠵᠤ᠂ 16 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃ ᠵᠢᠱ᠌ᠢᠶᠡᠯᠡᠪᠡᠯ᠂ ᠣᠷᠣᠨ ᠵᠠᠢ᠎ᠶᠢ ᠬᠠᠷᠢᠯᠴᠠᠨ ᠰᠢᠭᠢᠳᠬᠡᠬᠦ ᠲᠠᠯ᠎ᠠ᠎ᠪᠠᠷ᠂《ᠦᠨᠳᠦᠰᠦᠲᠡᠨ᠎ᠨᠦᠭᠦᠳ ᠎ᠦᠨ ᠬᠠᠷᠢᠯᠴᠠᠨ ᠰᠢᠭᠢᠳᠦᠨ ᠠᠭᠤᠰᠤᠯᠴᠠᠬᠤ᠎ᠶᠢ ᠠᠬᠢᠭᠤᠯᠬᠤ ᠢᠳᠡᠪᠬᠢᠲᠡᠢ ᠣᠢᠯᠠᠭᠠᠭᠳᠠᠬᠤᠨ᠎ᠢ ᠰᠢᠨ᠎ᠡ ᠮᠠᠶᠢᠭ᠋ ᠎ᠤᠨ ᠬᠣᠲᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ ᠪᠠ ᠬᠣᠲᠠ᠎ᠶᠢᠨ ᠰᠢᠨᠡᠴᠢᠯᠡᠯᠲᠡ᠎ᠶᠢᠨ ᠡᠯ᠎ᠡ ᠲᠠᠯ᠎ᠠ᠎ᠳᠤ ᠠᠭᠤᠰᠬᠠᠨ ᠣᠷᠣᠭᠤᠯᠵᠤ᠂ ᠬᠢᠯᠢ᠎ᠬᠢᠵᠠᠭᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢᠨ ᠲᠥᠪ᠎ᠦᠨ ᠬᠣᠲᠠ ᠪᠠᠯᠭᠠᠰᠤᠨ᠎ᠤ ᠲᠤᠷᠰᠢᠯᠲᠠ᠂ ᠬᠢᠯᠢ᠎ᠶᠢᠨ ᠬᠣᠲᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶᠢᠨ ᠪᠥᠬᠥ ᠶᠠᠪᠤᠴᠠ᠎ᠳᠤ ᠠᠭᠤᠰᠬᠠᠨ ᠣᠷᠣᠭᠤᠯᠵᠤ᠂ ᠬᠠᠭᠤᠴᠢᠨ ᠰᠠᠭᠤᠭᠠᠯᠢ ᠲᠣᠭᠣᠷᠢᠭ᠋᠎ᠢ ᠥᠭᠡᠷᠡᠴᠢᠯᠡᠨ ᠪᠠᠶ᠋ᠢᠭᠤᠯᠬᠤ᠂ ᠬᠣᠲᠠ᠎ᠶᠢᠨ ᠳᠣᠲᠣᠷᠠᠬᠢ ᠲᠣᠰᠬᠣᠨ᠂ ᠬᠣᠲᠠ᠎ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠢᠰᠢᠩ᠎ᠢ ᠥᠭᠡᠷᠡᠴᠢᠯᠡᠨ ᠪᠠᠶ᠋ᠢᠭᠤᠯᠬᠤ ᠲᠥᠯᠦᠪᠵᠢᠭᠦᠯᠭᠡ᠎ᠶᠢᠨ ᠵᠢᠷᠤᠭ ᠲᠥᠯᠥᠪᠯᠡᠭᠡ᠎ᠳᠦ ᠠᠭᠤᠰᠬᠠᠨ ᠣᠷᠣᠭᠤᠯᠬᠤ》  ᠵᠡᠷᠭᠡ ᠱᠠᠭᠠᠷᠳᠠᠯᠭ᠎ᠠ᠎ᠶᠢ ᠳᠤᠷᠠᠳᠪᠠ;  ᠠᠵᠤ ᠠᠬᠤᠢ᠎ᠶᠢ ᠬᠠᠷᠢᠯᠴᠠᠨ ᠰᠢᠭᠢᠳᠬᠡᠬᠦ ᠲᠠᠯ᠎ᠠ᠎ᠪᠠᠷ᠂ 《ᠬᠥᠷᠰᠢ ᠵᠡᠷᠭᠡᠯᠡᠳᠡᠭᠡ ᠵᠠᠬ᠎ᠠ ᠵᠡᠭᠡᠯᠢ᠂ ᠬᠠᠮᠲᠤ᠎ᠪᠠᠷ ᠪᠠᠶᠠᠵᠢᠬᠤ ᠵᠠᠬ᠎ᠠ ᠵᠡᠭᠡᠯᠢ ᠵᠡᠷᠭᠡ ᠣᠷᠣᠨ ᠪᠦᠰᠡ ᠠᠯᠤᠰᠯᠠᠭᠰᠠᠨ ᠪᠣᠷᠤᠯᠠᠭᠤᠯᠭ᠎ᠠ᠎ᠶᠢᠨ ᠲᠠᠪᠴᠠᠩ᠂ ᠬᠣᠲᠠ ᠬᠥᠳᠡᠭᠡ᠎ᠶᠢᠨ ᠪᠣᠷᠤᠯᠠᠭᠤᠯᠭ᠎ᠠ᠎ᠶᠢᠨ ᠠᠷᠭ᠎ᠠ ᠵᠠᠮ᠎ᠢ ᠪᠠᠢᠭᠤᠯᠤᠨ ᠥᠷᠭᠡᠳᠬᠡᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠬᠠᠷᠢᠯᠴᠠᠨ ᠬᠠᠮᠲᠤᠷᠠᠯᠴᠠᠵᠤ᠂ ᠬᠠᠮᠲᠤ᠎ᠪᠠᠷ ᠬᠥᠭᠵᠢᠭᠦᠯᠬᠦ》ᠵᠡᠷᠭᠡ ᠱᠠᠭᠠᠷᠳᠠᠯᠭ᠎ᠠ᠎ᠶᠢ ᠳᠤᠷᠠᠳᠪᠠ; ᠪᠠᠲᠤᠯᠠᠭ᠎ᠠ᠎ᠶᠢᠨ ᠲᠣᠭᠲᠠᠴᠠ᠎ᠶᠢᠨ ᠲᠠᠯ᠎ᠠ᠎ᠪᠠᠷ᠂  《ᠬᠣᠶᠠᠷ ᠲᠣᠭᠲᠠᠴᠠ》 ᠵᠢᠨ ᠦᠢᠯᠡᠳᠦᠯ ᠎ᠢ  ᠭᠦᠢᠴᠡᠳ ᠪᠠᠳᠠᠷᠠᠭᠤᠯᠵᠤ᠂《ᠬᠣᠶᠠᠷ ᠲᠣᠭᠲᠠᠴᠠ》ᠵᠢᠨ ᠪᠦᠷᠢᠯᠳᠦᠭᠦᠨ ᠨᠢᠭᠡᠴᠢ᠎ᠶᠢᠨ 《ᠵᠢᠯᠤᠭᠣᠳᠬᠤ ᠰᠠᠨᠠᠯ》᠎ᠢ ᠳᠤᠭᠤᠰᠢᠯᠠᠭᠤᠯᠤᠨ ᠨᠠᠢᠳᠠᠪᠤᠷᠢᠵᠢᠭᠤᠯᠬᠤ ᠲᠠᠯ᠎ᠠ ᠎ᠪᠠᠷ ᠵᠢᠱ᠌ᠢᠶ᠎ᠡ ᠦᠵᠡᠭᠦᠯᠵᠦ ᠥᠯᠢᠭᠡᠷ ᠳᠠᠭᠤᠷᠢᠶᠠᠯ ᠪᠣᠯᠬᠤ ᠦᠢᠯᠡᠳᠦᠯ᠎ᠢᠶᠡᠨ ᠪᠠᠳᠠᠷᠠᠭᠤᠯᠬᠤ ᠎ᠶᠢ ᠠᠬᠢᠭᠤᠯᠵᠤ᠂ ᠬᠠᠷᠢᠯᠴᠠᠨ ᠰᠢᠭᠢᠳᠭᠡᠬᠦ ᠬᠡᠯᠪᠡᠷᠢ᠎ᠶᠢᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠋᠎ᠤᠨ ᠣᠷᠴᠢᠨ ᠲᠣᠭᠣᠷᠢᠨ᠎ᠤ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠠᠬᠢᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠨᠡᠮᠡᠷᠢᠯᠡᠨ᠎ᠡ᠃  


ᠢᠷᠡᠯᠲᠡ ᠄  ᠰᠢᠨᠬᠤᠸᠠ ᠰᠦᠯᠵᠢᠶ᠎ᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号