ᠵᠡᠮᠳᠡᠭᠴᠦᠳ᠎ᠲᠦ 3500 ᠭᠠᠷᠤᠢ ᠠᠵᠢᠯ᠎ᠤᠨ ᠪᠠᠢᠷᠢ ᠬᠠᠩᠭᠠᠪᠠ
2025-12-05 09:53:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

12 ᠰᠠᠷ᠎ᠠ᠎ᠶᠢᠨ 3᠎ᠤ ᠡᠳᠦᠷ ᠪᠣᠯ ᠳᠡᠯᠡᠬᠡᠢ᠎ᠶᠢᠨ ᠵᠡᠮᠳᠡᠭᠴᠦᠳ᠎ᠦᠨ ᠡᠳᠦᠷ ᠪᠣᠯᠣᠨ᠎ᠠ᠃ ᠳᠤᠬᠠᠢ ᠵᠢᠨ ᠡᠳᠦᠷ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠵᠡᠮᠳᠡᠭᠴᠦᠳ᠎ᠦᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠦᠨ ᠬᠠᠮᠲᠤᠷᠠᠨ ᠡᠷᠭᠢᠯᠡᠭᠰᠡᠨ 2025 ᠣᠨ᠎ᠤ ᠵᠡᠮᠳᠡᠭᠴᠦᠳ ᠎ᠲᠦ ᠠᠵᠢᠯ ᠣᠯᠭᠣᠬᠤ ᠲᠤᠰᠬᠠᠢ ᠠᠵᠢᠯᠲᠠᠨ ᠡᠯᠰᠡᠬᠦ ᠴᠤᠭᠯᠠᠭᠠᠨ ᠬᠥᠬᠡᠬᠣᠲᠠ᠎ᠶᠢᠨ ᠬᠥᠮᠥᠨ ᠎ᠦ ᠬᠦᠴᠦᠨ ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠳᠦ ᠶᠠᠪᠤᠭᠳᠠᠪᠠ᠃


QQ20251205-095523.png


ᠲᠣᠰ ᠤᠳᠠᠭᠠᠨ ᠎ᠤ ᠠᠵᠢᠯᠲᠠᠨ ᠡᠯᠰᠡᠬᠦ ᠴᠤᠭᠯᠠᠭᠠᠨ᠎ᠳᠤ 80 ᠰᠢᠬᠠᠮ ᠠᠵᠤ ᠠᠬᠤᠢᠯᠠᠯ ᠰᠦᠯᠵᠢᠶᠡᠨ ᠳᠡᠭᠡᠷ᠎ᠡ ᠠᠵᠢᠯᠲᠠᠨ ᠡᠯᠰᠡᠬᠦ᠎ᠳᠦ ᠣᠷᠣᠯᠴᠠᠵᠤ᠂ 1700 ᠭᠠᠷᠤᠢ ᠠᠵᠢᠯ᠎ᠤᠨ ᠪᠠᠢᠷᠢ ᠬᠠᠩᠭᠠᠪᠠ᠃ ᠮᠠᠰᠢᠨ ᠮᠧᠬᠠᠨᠢᠭ᠋ ᠡᠯᠧᠺᠲᠷᠣᠨ᠂ ᠰᠢᠨ᠎ᠡ ᠡᠨᠧᠷᠭᠢ᠂ ᠣᠶᠤᠨᠴᠢᠯᠠᠭᠰᠠᠨ ᠲᠣᠨᠣᠭᠯᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠎ᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠠᠵᠢᠯ ᠲᠦᠷᠦᠯ᠎ᠡᠴᠡ ᠢᠷᠡᠭᠰᠡᠨ 80 ᠭᠠᠷᠤᠢ ᠠᠵᠤ ᠠᠬᠤᠢᠯᠠᠯ ᠲᠤᠬᠠᠢ᠎ᠶᠢᠨ ᠲᠠᠯᠠᠪᠠᠢ᠎ᠳᠤ ᠠᠵᠢᠯᠲᠠᠨ ᠡᠯᠰᠡᠵᠦ᠂ ᠵᠠᠰᠠᠭ ᠵᠠᠬᠢᠷᠭᠠᠨ ᠎ᠤ ᠪᠢᠴᠢᠭ ᠎ᠦᠨ ᠠᠵᠢᠯᠲᠠᠨ᠂ ᠵᠢᠷᠤᠭᠯᠠᠨ ᠲᠥᠯᠥᠪᠯᠡᠭᠴᠢ᠂ ᠪᠢᠴᠢᠭ ᠮᠠᠲᠧᠷᠢᠶᠠᠯ ᠤᠬᠠᠭᠠᠯᠠᠨ ᠰᠡᠳᠦᠬᠦ ᠵᠡᠷᠭᠡ ᠡᠯ᠎ᠡ ᠲᠦᠷᠦᠯ᠎ᠦᠨ 1800 ᠰᠢᠬᠠᠮ ᠠᠵᠢᠯ᠎ᠤᠨ ᠪᠠᠢᠷᠢ ᠬᠠᠩᠭᠠᠪᠡ᠃


QQ20251205-095532.png


《ᠪᠢ ᠺᠣᠮᠫᠢᠦ᠋ᠲᠧᠷ᠎ᠦᠨ ᠲᠤᠰᠬᠠᠢ ᠮᠡᠷᠭᠡᠵᠢᠯ ᠰᠣᠷᠴᠤ᠂ ᠡᠨᠡ ᠵᠢᠯ ᠰᠠᠶᠢ ᠲᠡᠭᠦᠰᠴᠡᠢ᠃ ᠡᠯ᠎ᠡ ᠰᠠᠯᠠᠭ᠎ᠠ ᠮᠥᠴᠢᠷ᠎ᠦᠨ ᠬᠢᠨ ᠪᠢᠳᠡᠨ᠎ᠳᠦ ᠡᠢᠮᠦ ᠰᠠᠢᠨ ᠠᠵᠢᠯ ᠡᠷᠢᠬᠦ ᠲᠠᠪᠴᠠᠩ ᠬᠠᠩᠭᠠᠭᠰᠠᠨ᠎ᠳᠤ ᠲᠠᠯᠠᠷᠬᠠᠵᠤ ᠪᠠᠢᠨ᠎ᠠ᠃ ᠪᠢ ᠮᠠᠰᠢ ᠣᠯᠠᠨ ᠰᠠᠨᠠᠭᠠᠨ᠎ᠳᠤ ᠳᠠᠭᠠᠷᠠᠭᠰᠠᠨ ᠠᠵᠢᠯ᠎ᠤᠨ ᠪᠠᠢᠷᠢ ᠣᠯᠵᠤ ᠬᠠᠷᠠᠵᠠᠢ᠂ ᠪᠠᠰᠠ ᠬᠡᠳᠦᠨ ᠠᠵᠤ ᠠᠬᠤᠢᠯᠠᠯ ᠲᠠᠢ ᠨᠢᠭᠤᠷᠳᠠᠨ ᠰᠢᠯᠭᠠᠬᠤ ᠴᠠᠭ᠎ᠢᠶᠠᠨ ᠪᠣᠯᠵᠣᠪᠠ᠃ ᠬᠠᠨᠤᠮᠵᠢᠲᠠᠶ ᠠᠵᠢᠯ ᠣᠯᠵᠤ᠂ ᠲᠣᠭᠲᠠᠪᠤᠷᠢᠲᠠᠢ ᠣᠷᠣᠯᠭ᠎ᠠ ᠣᠯᠬᠤ᠎ᠶᠢᠨ ᠳᠠᠭᠠᠤ ᠥᠪᠡᠷ᠎ᠦᠨ ᠥᠷᠲᠡᠭ᠎ᠢᠶᠡᠨ ᠪᠡᠶᠡᠯᠡᠭᠦᠯᠬᠦ᠎ᠶᠢ ᠬᠦᠰᠡᠵᠦ ᠪᠠᠢᠨ᠎ᠠ》 ᠭᠡᠵᠦ ᠵᠡᠮᠳᠡᠭ ᠣᠶᠤᠲᠠᠨ ᠠᠢ ᠴᠦᠨ ᠮᠢᠩ ᠬᠡᠯᠡᠪᠡ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ ᠪᠠᠰᠠ ᠵᠡᠮᠳᠡᠭᠴᠦᠳ ᠎ᠦᠨ ᠦᠢᠯᠡᠳᠬᠦᠨ᠎ᠦ ᠵᠢᠷᠤᠮ᠎ᠤᠨ ᠬᠤᠳᠠᠯᠳᠤᠭᠠᠨ ᠎ᠤ ᠲᠣᠭᠣᠷᠢᠭ᠋᠂ ᠤᠷᠠᠯᠢᠭ᠋ ᠎ᠤᠨ ᠪᠦᠲᠦᠭᠡᠯ ᠬᠢᠭᠡᠳ ᠤᠷ᠎ᠠ ᠴᠢᠳᠠᠪᠤᠷᠢ᠎ᠶᠢᠨ ᠦᠵᠡᠭᠦᠯᠭᠡ᠎ᠶᠢᠨ ᠲᠣᠭᠣᠷᠢᠭ᠋ ᠵᠢᠴᠢ ᠲᠥᠷᠥ ᠎ᠶᠢᠨ ᠪᠣᠳᠣᠯᠭ᠎ᠠ᠎ᠶᠢᠨ ᠯᠠᠪᠯᠠᠭ᠎ᠠ᠂ ᠲᠣᠪᠴᠢ ᠨᠠᠮᠲᠠᠷ᠎ᠤᠨ ᠣᠨᠣᠰᠢᠯᠠᠯᠲᠠ᠂ ᠳᠣᠬᠢᠶᠠᠨ᠎ᠤ ᠬᠡᠯᠡᠨ ᠎ᠦ ᠣᠷᠴᠢᠭᠤᠯᠭ᠎ᠠ ᠵᠡᠷᠭᠡ ᠢᠵᠢ ᠪᠦᠷᠢᠳᠦᠭᠦᠯᠬᠦ ᠦᠢᠯᠡᠴᠢᠯᠡᠭᠡᠨ ᠎ᠦ ᠲᠤᠰᠬᠠᠢ ᠲᠣᠭᠣᠷᠢᠭ᠋ ᠭᠠᠷᠭᠠᠵᠤ᠂ ᠠᠵᠤ ᠠᠬᠤᠢᠯᠠᠯ᠎ᠤᠨ ᠠᠵᠢᠯᠲᠠᠨ ᠡᠯᠰᠡᠬᠦ ᠪᠠ ᠵᠡᠮᠳᠡᠭᠴᠦᠳ ᠎ᠦᠨ ᠠᠵᠢᠯ ᠡᠷᠢᠬᠦ ᠬᠡᠷᠡᠭᠴᠡᠭᠡ᠎ᠶᠢ ᠪᠥᠬᠥ ᠲᠠᠯ᠎ᠠ᠎ᠪᠠᠷ ᠬᠠᠩᠭᠠᠪᠠ᠃  


ᠢᠷᠡᠯᠲᠡ ᠄  ᠲᠠᠯ᠎ᠠ ᠨᠤᠲᠤᠭ᠎ᠤᠨ ᠡᠭᠦᠯᠡ ᠰᠢᠯᠵᠢᠶ᠎ᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号