ᠡᠪᠦᠯ᠎ᠦ᠋ᠨ ᠬᠦᠢᠲᠡᠨᠰᠠᠯᠬᠢ ᠶᠠᠰᠤ ᠶᠠᠩᠬᠢᠨᠠᠭᠤᠯᠬᠤ ᠪᠣᠯᠪᠠᠴᠤ ᠪᠠᠶᠠᠨᠨᠠᠭᠤᠷ ᠬᠣᠲᠠ᠎ᠶ᠋ᠢᠨ 《ᠲᠡᠭᠷᠢ᠎ᠶᠢᠨ ᠭᠡᠰᠢᠭ᠎ᠲᠦ ᠪᠣᠷᠣᠲᠣᠬᠣᠶ》 ᠣᠶᠤᠨᠴᠢ ᠬᠦᠢᠲᠡᠨ ᠬᠡᠯᠬᠢᠶᠡᠲᠦ ᠪᠤᠳᠠᠰ᠎ᠤᠨ ᠭᠦᠢᠯᠭᠡᠭᠡᠨ᠎ᠦ᠌ ᠬᠦᠷᠢᠶᠡᠯᠡᠩ ᠲᠣᠭᠣᠷᠢᠭ᠎ᠲᠤ᠌ ᠬᠠᠷᠢᠨ ᠬᠦᠷ ᠬᠦᠭᠵᠢᠶᠡᠨᠲᠡᠢ ᠠᠵᠢᠯᠯᠠᠵᠤ ᠬᠦᠳᠡᠯᠮᠦᠷᠢᠯᠡᠭᠰᠡᠨ ᠪᠠᠢᠳᠠᠯ ᠢᠯᠡᠷᠡᠨ᠎ᠡ᠃ 12 ᠰᠠᠷ᠎ᠠ᠎ᠶᠢᠨ 1᠎ᠤ ᠡᠳᠦᠷ᠂ ᠰᠤᠷᠪᠤᠯᠵᠢᠯᠠᠭᠴᠢ ᠲᠤᠰ ᠬᠦᠷᠢᠶᠡᠯᠡᠩ ᠲᠣᠭᠣᠷᠢᠭ᠎ᠲᠤ᠌ ᠬᠦᠷᠬᠦ᠎ᠳᠤ᠂ ᠬᠡᠳᠦᠨ ᠰᠠᠭᠤᠷᠢ ᠰᠤᠷᠭᠤᠭ᠎ᠢᠶᠡᠷ ᠲᠡᠭᠡᠭᠡᠪᠦᠷᠢᠯᠡᠬᠦ ᠪᠠᠷᠠᠭᠠᠨ᠎ᠤ᠋ ᠮᠠᠰᠢᠨ ᠲᠡᠷᠭᠡ ᠲᠣᠭᠲᠠᠭᠰᠠᠨ ᠣᠷᠣᠨ ᠲᠣᠭᠣᠷᠢᠭ᠎ᠲᠤ᠌ ᠵᠣᠭᠰᠣᠵᠤ᠂ ᠨᠢᠭᠡᠨ ᠰᠠᠭᠤᠷᠢ ᠠᠴᠢᠶᠠᠯᠠᠭᠴᠢ ᠲᠡᠷᠭᠡ ᠪᠤᠯᠪᠠᠰᠤᠷᠠᠩᠭᠤᠢ ᠪᠡᠷ ᠲᠤᠮᠳᠠᠭᠤᠷ ᠨᠢ ᠰᠦᠯᠵᠢᠯᠳᠦᠵᠦ᠂ ᠰᠠᠭᠰᠤ ᠳᠦᠭᠦᠷᠡᠩ ᠰᠤᠷᠭᠤᠭ ᠰᠠᠢᠬᠠᠨ ᠰᠢᠷ᠎ᠠ ᠲᠦᠪᠡᠳ ᠬᠠᠰᠢ ᠨᠤᠭᠤᠳ᠎ᠢ ᠲᠤᠭᠲᠠᠪᠤᠷᠢᠲᠠᠢ ᠪᠡᠷ ᠡᠷᠭᠦᠨ ᠠᠴᠢᠶᠠᠯᠠᠵᠤ᠂ ᠲᠤᠰᠬᠠᠢ ᠵᠠᠮ᠎ᠢ᠋ᠶ᠋ᠠᠷ ᠠᠯᠭᠤᠷ ᠠᠭᠠᠵᠢᠮᠢ᠋ᠶ᠋ᠠᠷ ᠬᠥᠯᠳᠡᠭᠡᠬᠦ ᠬᠥᠮᠥᠷᠭᠡᠳ᠋ᠦ᠍ ᠣᠷᠣᠭᠤᠯᠤᠨ᠎ᠠ᠃
《ᠡᠳᠡᠭᠡᠷ ᠰᠢᠷ᠎ᠡ ᠲᠦᠪᠡᠳ ᠬᠠᠰᠢ᠎ᠶ᠋ᠢ ᠦᠷᠯᠦᠭᠡ ᠡᠷᠲᠡ ᠦᠶᠤᠸᠠᠨ ᠰᠢᠶᠠᠨᠦ᠌ ᠲᠠᠷᠢᠮᠠᠯ᠎ᠤᠨ ᠰᠠᠭᠤᠷᠢᠨ ᠭᠠᠵᠠᠷᠠ᠋ᠴᠠ ᠲᠡᠭᠡᠭᠡᠪᠦᠷᠢᠯᠡᠵᠦ ᠠᠪᠴᠢᠷᠠᠵᠠᠢ᠂ 1 ᠯᠠ ᠴᠠᠭ᠎ᠤᠨ ᠲᠤᠳᠤᠷ᠎ᠠ ᠬᠦᠮᠦᠷᠭᠡ ᠳᠤ ᠤᠷᠤᠭᠤᠯᠬᠤ᠎ᠳᠤ ᠪᠡᠯᠡᠨ ᠪᠤᠯᠭᠠᠪᠠ᠃ ᠪᠢᠳᠡ ᠤᠷᠢᠳᠴᠢᠯᠠᠨ ᠬᠡᠷᠡᠭᠯᠡᠭᠴᠢᠲᠡᠢ ᠬᠥᠮᠥᠷᠭᠡᠳ᠋ᠦ᠍ ᠣᠷᠣᠭᠤᠯᠬᠤ ᠦᠢᠯᠡᠳᠬᠦᠨ᠎ᠦ᠌ ᠨᠠᠷᠢᠨ ᠳᠠᠩᠰᠠ᠂ ᠬᠦᠨᠳᠦ᠎ᠶ᠋ᠢᠨ ᠬᠡᠮᠵᠢᠶ᠎ᠡ ᠵᠢᠴᠢ ᠬᠠᠢᠷᠴᠠᠭ᠎ᠤ᠋ᠨ ᠲᠣᠭ᠎ᠠ ᠵᠡᠷᠭᠡ ᠮᠡᠳᠡᠭᠡ ᠵᠠᠩᠭᠢ᠎ᠶ᠋ᠢ ᠨᠡᠪᠲᠡᠷᠡᠯᠴᠡᠨ᠂ ᠬᠥᠮᠥᠷᠭᠡᠳ᠋ᠦ᠍ ᠣᠷᠣᠭᠤᠯᠬᠤ᠎ᠶ᠋ᠢᠨ ᠥᠨᠳᠥᠷ ᠦᠷ᠎ᠡ ᠪᠦᠲᠦᠮᠵᠢ᠎ᠲᠠᠢ ᠰᠠᠭᠠᠳ ᠦᠭᠡᠢ ᠪᠠᠢᠬᠤ᠎ᠶ᠋ᠢ ᠦᠨᠡᠨᠬᠦ ᠪᠠᠲᠤᠯᠠᠪᠠ》 ᠲᠤᠰ ᠬᠦᠷᠢᠶᠡᠯᠡᠩ ᠲᠣᠭᠣᠷᠢᠭ᠎ᠤ᠋ᠨ ᠬᠥᠮᠥᠷᠭᠡ᠎ᠶ᠋ᠢᠨ ᠳᠠᠭᠠᠭᠠᠮᠠᠯ ᠴᠢ ᠹᠧᠩᠦ᠋ᠨ ᠲᠠᠨᠢᠯᠴᠠᠭᠤᠯᠤᠭᠰᠠᠨᠢ᠋ᠶ᠋ᠠᠷ᠂ ᠰᠢᠷ᠎ᠠ ᠲᠦᠪᠡᠳ ᠬᠠᠰᠢ᠎ᠵᠢ ᠲᠡᠭᠦᠭᠰᠡᠨᠦ᠌ ᠳᠠᠷᠠᠭ᠎ᠠ ᠰᠢᠨ᠎ᠡ ᠰᠣᠷᠭᠣᠭ ᠬᠠᠳᠠᠭᠠᠯᠠᠬᠤ ᠬᠤᠭᠤᠴᠠᠭ᠎ᠠ ᠨᠢ ᠲᠤᠢᠯ᠎ᠤ᠋ᠨ ᠣᠬᠣᠷ ᠪᠠᠢᠵᠤ᠂ ᠡᠭᠦᠨ᠎ᠤ ᠲᠤᠯᠠᠳᠠ ᠬᠦᠷᠢᠶᠡᠯᠡᠩ ᠲᠣᠭᠣᠷᠢᠭ ᠲᠡᠭ᠎ᠡᠴᠡ ᠲᠤᠷᠤᠭᠰᠢ 35 ᠭᠷᠠᠳᠦᠢ᠍ᠰᠦ᠋ᠨ ᠬᠡᠳᠦ ᠳᠣᠣᠷ᠎ᠠ ᠳᠤᠯᠠᠭᠠᠨ᠎ᠤ᠋ ᠬᠡᠮᠵᠢᠶ᠎ᠡ᠎ᠪᠡᠷ ᠲᠦᠷᠭᠡᠨ ᠬᠥᠯᠳᠡᠭᠡᠬᠦ ᠮᠡᠷᠭᠡᠵᠢᠯ᠎ᠢ᠋ ᠬᠡᠷᠡᠭᠯᠡᠵᠦ᠂ ᠦᠷᠭᠦᠯᠵᠢᠯᠡᠨ 15 ᠴᠠᠭ ᠬᠥᠯᠳᠡᠭᠡᠵᠦ᠂ ᠵᠢᠮᠢᠰ᠎ᠦ᠋ᠨ ᠮᠢᠬᠠᠨ᠎ᠤ᠋ ᠤᠰᠤ ᠪᠣᠯᠤᠨ ᠰᠢᠮ᠎ᠡ ᠲᠡᠵᠢᠭᠡᠯᠢ᠋ ᠪᠠᠲᠤ ᠪᠡᠬᠢ ᠬᠠᠳᠠᠭᠠᠯᠠᠵᠤ ᠳᠡᠢᠯᠦᠨ᠎ᠡ᠃ ᠲᠦᠷᠭᠡᠨ ᠬᠥᠯᠳᠡᠭᠡᠵᠦ ᠲᠠᠭᠤᠰᠤᠭᠰᠠᠨ᠎ᠤ ᠳᠠᠷᠠᠭ᠎ᠠ ᠰᠢᠷ᠎ᠠ ᠲᠦᠪᠡᠳ ᠬᠠᠰᠢ᠎ᠶ᠋ᠢ ᠤᠷᠢᠳᠴᠢᠯᠠᠨ ᠢᠯᠭᠠᠵᠤ᠂ ᠦᠩᠭᠡ ᠵᠢᠰᠦ᠂ ᠶᠡᠬᠡ ᠪᠠᠭ᠎ᠠ᠎ᠪᠠᠷ ᠨᠢ ᠪᠠᠷᠢᠮᠵᠢᠶᠠᠲᠤ ᠪᠣᠭᠣᠳᠠᠯ ᠪᠣᠯᠭᠠᠨ ᠪᠤᠭᠤᠳᠠᠯᠯᠠᠵᠤ᠂ ᠳᠠᠷᠠᠭ᠎ᠠ ᠨᠢ ᠠᠦ᠋ᠲ᠋ᠣᠴᠢᠯᠠᠭᠰᠠᠨ ᠬᠥᠯᠳᠡᠭᠦᠦ ᠬᠥᠮᠥᠷᠭᠡᠳ᠋ᠦ᠍ ᠣᠷᠣᠭᠤᠯᠵᠤ ᠬᠠᠳᠠᠭᠠᠯᠠᠨ᠎ᠠ᠃
ᠣᠢᠷ᠎ᠠ᠎ᠶ᠋ᠢᠨ ᠵᠢᠯ᠎ᠡᠴᠡ᠂ ᠪᠠᠶᠠᠨᠨᠠᠭᠤᠷ ᠬᠣᠲᠠ ᠡᠯᠪᠡᠭ ᠪᠠᠶᠠᠯᠢᠭ ᠡᠬᠢ ᠪᠠᠶᠠᠯᠢᠭ᠎ᠤ᠋ᠨ ᠳᠠᠪᠠᠭᠤᠯᠢᠭ᠎ᠲᠠᠭᠠᠨ ᠲᠦᠰᠢᠭᠯᠡᠨ᠂ ᠦᠬᠡᠷ ᠬᠣᠨᠢᠨ ᠮᠢᠬ᠎ᠠ᠂ ᠴᠠᠭᠠᠨ ᠢᠳᠡᠭᠡ᠂ ᠵᠢᠮᠢᠰ ᠨᠣᠭᠣᠭ᠎ᠠ ᠵᠡᠷᠭᠡ ᠣᠨᠴᠠᠯᠢᠭᠲᠤ ᠠᠵᠤ ᠦᠢᠯᠡᠰ᠎ᠲᠦ᠍ ᠲᠦᠰᠢᠭᠯᠡᠨ᠂ ᠣᠶᠤᠨᠴᠢ ᠬᠦᠢᠲᠡᠨ ᠬᠡᠯᠬᠢᠶᠡᠲᠦ ᠪᠤᠳᠠᠰ᠎ᠤᠨ ᠭᠦᠢᠯᠭᠡᠭᠡ᠎ᠪᠡᠷ︽ᠠᠯᠲᠠᠨ ᠬᠣᠯᠪᠣᠭᠠᠰᠤ︾ᠪᠣᠯᠭᠠᠵᠤ᠂ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠪᠦᠬᠦ ᠬᠡᠯᠬᠢᠶᠡᠵᠢᠯᠢ᠋ ᠨᠢᠭᠲᠠ ᠬᠣᠯᠪᠣᠵᠤ᠂ ᠳᠠᠪᠠᠭᠤᠯᠢᠭ ᠠᠵᠤ ᠦᠢᠯᠡᠰ᠎ᠢ ᠡᠴᠦᠰ᠎ᠤᠨ ᠬᠡᠷᠡᠭᠯᠡᠭᠴᠢ ᠬᠦᠷᠲᠡᠯ᠎ᠡ ᠤᠷᠲᠤᠳᠬᠠᠬᠤ᠂ ᠥᠨᠳᠥᠷ ᠳᠡᠰ ᠵᠦᠭ ᠲᠠᠪᠰᠢᠬᠤ᠎ᠶ᠋ᠢ ᠠᠬᠢᠭᠤᠯᠵᠤ᠂ ᠪᠤᠷᠤᠳᠤᠬᠤᠢ᠎ᠶ᠋ᠢᠨ ᠴᠢᠨᠠᠷ ᠰᠠᠢᠲᠠᠢ ᠲᠠᠷᠢᠶᠠᠯᠠᠩ᠎ᠤ᠋ᠨ ᠪᠦᠲᠦᠭᠡᠭᠳᠡᠬᠦᠨ᠎ᠢ᠋ ᠪᠦᠬᠦ ᠤᠯᠤᠰ᠎ᠤ᠋ᠨ ᠵᠠᠬ᠎ᠠ ᠳᠡᠯᠭᠡᠭᠦᠷ᠎ᠲᠦ︽ᠰᠢᠨ᠎ᠡ ᠰᠣᠷᠭᠣᠭ︾᠎ᠢ᠋ᠢᠡᠷ ᠬᠦᠷᠭᠡᠨ᠎ᠡ᠃
《ᠮᠠᠰᠢ ᠲᠦᠷᠭᠡᠨ ᠰᠣᠷᠭᠣᠭᠢ᠋ᠶ᠋ᠠᠷ ᠬᠦᠯᠳᠡᠭᠡᠬᠦ》 ᠪᠣᠯ ᠲᠠᠷᠢᠶᠠᠯᠠᠩ᠎ᠤ᠋ᠨ ᠪᠦᠲᠦᠭᠡᠭᠳᠡᠬᠦᠨᠦ᠌ ᠶᠠᠰᠤ ᠴᠢᠨᠠᠷ᠎ᠢ᠋ ᠪᠠᠲᠤᠯᠠᠬᠤ᠂ ᠭᠦᠢᠯᠭᠡᠭᠡᠨ᠎ᠦ᠌ ᠬᠣᠷᠣᠭᠳᠠᠯᠢ᠋ ᠪᠠᠭᠤᠷᠠᠭᠤᠯᠬᠤ ᠵᠠᠩᠭᠢᠯᠠᠭ᠎ᠠ ᠪᠣᠯᠤᠨ᠎ᠠ᠃ ᠬᠦᠷᠢᠶᠡᠯᠡᠩ ᠲᠣᠭᠣᠷᠢᠭ᠎ᠤ᠋ᠨ 2᠎ᠳ᠋ᠤᠭᠠᠷ ᠨᠣᠮᠧᠷᠲᠦ ᠬᠦᠢᠲᠡᠨ ᠬᠥᠮᠥᠷᠭᠡᠳ᠋ᠦ᠍ ᠣᠷᠣᠪᠠᠯ᠂ ᠦᠶ᠎ᠡ ᠦᠶ᠎ᠡ ᠬᠦᠢᠲᠡᠨ ᠠᠭᠤᠷ ᠠᠮᠢᠰᠬᠤᠯ ᠰᠣᠷᠭᠣᠭ ᠨᠣᠭᠣᠭ᠎ᠠ ᠵᠢᠮᠢᠰ᠎ᠦ᠋ᠨ ᠠᠩᠬᠢᠯᠤᠮ᠎ᠠ ᠦᠨᠦᠷ ᠲᠠᠢ ᠬᠠᠮᠲᠤ ᠭᠠᠳᠠᠭᠰᠢ ᠰᠠᠷᠨᠢᠨ᠎ᠠ᠃ ᠪᠦᠷᠢᠨ ᠠᠦ᠋ᠲ᠋ᠣ᠋ ᠠᠴᠢᠶᠠᠯᠠᠵᠤ ᠪᠠᠭᠤᠯᠭᠠᠬᠤ ᠲᠥᠬᠥᠭᠡᠷᠦᠮᠵᠢ ᠨᠢ ᠶᠠᠭ ᠤᠷᠢᠳᠴᠢᠯᠠᠨ ᠲᠣᠬᠢᠷᠠᠭᠤᠯᠤᠭᠰᠠᠨ ᠳᠡᠰ ᠳᠠᠷᠠᠭᠠᠯᠠᠯᠢ᠋ᠶ᠋ᠠᠷ ᠡᠯ᠎ᠡ ᠲᠥᠷᠥᠯ᠎ᠦ᠋ᠨ ᠲᠠᠷᠢᠶᠠᠯᠠᠩ᠎ᠤ᠋ᠨ ᠪᠦᠲᠦᠭᠡᠭᠳᠡᠬᠦᠨ᠎ᠢ᠋ ᠣᠨᠣᠪᠴᠢᠲᠠᠢ ᠪᠥᠭᠡᠳ ᠡᠮᠬᠢ ᠳᠠᠷᠠᠭᠠᠯᠠᠯᠲᠠᠢᠪᠠᠷ ᠲᠣᠭᠲᠠᠭᠰᠠᠨ ᠣᠷᠣᠨ᠎ᠳ᠋ᠤ᠌ ᠲᠠᠯᠪᠢᠬᠤ ᠬᠠᠷᠠᠭᠳᠠᠨ᠎ᠠ᠃ ᠬᠦᠢᠲᠡᠨ ᠬᠥᠮᠥᠷᠭᠡ᠎ᠶ᠋ᠢᠨ ᠭᠠᠳᠠᠨᠠᠬᠢ ᠲᠣᠭ᠎ᠠ ᠪᠠᠷᠢᠮᠲᠠ᠎ᠶ᠋ᠢᠨ ᠳᠡᠯᠭᠡᠴᠡᠨᠳ᠋ᠦ᠍ ᠳᠤᠯᠠᠭᠠᠨ᠎ᠤ᠋ ᠬᠡᠮᠵᠢᠶ᠎ᠡ᠂ ᠴᠢᠭᠢᠭᠦ᠋ᠨ ᠬᠡᠮᠵᠢᠶ᠎ᠡ᠂ ᠬᠥᠮᠥᠷᠭᠡ᠎ᠶ᠋ᠢᠨ ᠬᠠᠳᠠᠭᠠᠯᠠᠯᠲᠠ ᠵᠡᠷᠭᠡ ᠲᠣᠭ᠎ᠠ ᠪᠠᠷᠢᠮᠲᠠ ᠨᠢ ᠲᠣᠳᠣᠷᠬᠠᠢ ᠪᠠᠢᠵᠤ᠂ ᠰᠢᠨ᠎ᠡ ᠰᠣᠷᠭᠣᠭᠢ᠋ ᠬᠠᠮᠠᠭᠠᠯᠠᠬᠤ ᠪᠦᠬᠦ ᠶᠠᠪᠤᠴᠠ᠎ᠶ᠋ᠢ ᠬᠠᠷᠠᠭᠠᠨ ᠡᠵᠡᠮᠳᠡᠵᠦ ᠪᠣᠯᠬᠤ᠎ᠶ᠋ᠢ ᠪᠡᠶᠡᠯᠡᠭᠦᠯᠪᠡ᠃
ᠲᠠᠨᠢᠯᠴᠠᠭᠤᠯᠤᠭᠰᠠᠨᠢ᠋ᠶ᠋ᠠᠷ᠂ ᠤᠭ ᠬᠦᠷᠢᠶᠡᠯᠡᠩ ᠲᠤᠭᠤᠷᠢᠭ᠎ᠤ᠋ᠨ ᠣᠯᠠᠨ ᠳᠤᠯᠠᠭᠠᠨ ᠪᠦᠬᠦᠢ ᠬᠦᠢᠲᠡᠨ ᠬᠡᠯᠬᠢᠶᠡᠲᠦ ᠬᠠᠳᠠᠭᠠᠯᠠᠬᠤ ᠲᠤᠭᠤᠷᠢᠭ᠎ᠤᠨ 4 ᠰᠠᠭᠤᠷᠢ ᠦᠨᠳᠦᠷ ᠪᠠᠷᠢᠮᠵᠢᠶ᠎ᠡ᠎ᠲᠤ ᠳᠠᠩ ᠳᠠᠪᠬᠤᠷ ᠬᠦᠢᠲᠡᠨ ᠬᠦᠮᠦᠷᠭᠡ ᠨᠢ ᠳᠡᠯᠡᠬᠡᠢ᠎ᠶ᠋ᠢᠨ ᠲᠡᠷᠢᠭᠦᠨ᠎ᠦ᠌ ᠬᠦᠢᠲᠡᠨ ᠬᠡᠯᠬᠢᠶ᠎ᠡ᠂ ᠰᠣᠷᠭᠣᠭᠢ᠋ ᠪᠠᠲᠤᠯᠠᠬᠤ᠂ ᠬᠠᠳᠠᠭᠠᠯᠠᠬᠤ ᠳᠤᠯᠠᠭᠠᠨ᠎ᠢ ᠡᠵᠡᠮᠳᠡᠬᠦ ᠮᠡᠷᠭᠡᠵᠢᠯ᠎ᠢ ᠠᠰᠢᠭᠯᠠᠭᠰᠠᠨ ᠪᠠᠢᠨ᠎ᠠ᠃
ᠨᠠᠮ᠎ᠤ᠋ᠨ ᠬᠣᠷᠢᠳᠤᠭᠠᠷ ᠬᠤᠭᠤᠴᠠᠭᠠᠨ᠎ᠤ᠋ ᠳᠥᠷᠪᠡᠳᠦᠭᠡᠷ ᠪᠦᠭᠦᠳᠡ ᠬᠤᠷᠠᠯ᠎ᠠ᠋ᠴᠠ᠂ ᠲᠠᠷᠢᠶᠠᠯᠠᠩ ᠬᠥᠳᠡᠭᠡ ᠲᠣᠰᠬᠣᠨ᠎ᠤ᠋ ᠣᠳᠣᠬᠢᠴᠢᠯᠠᠯᠲᠠ᠎ᠶ᠋ᠢ ᠲᠦᠷᠭᠡᠳᠬᠡᠵᠦ᠂ ᠬᠥᠳᠡᠭᠡ ᠲᠣᠰᠬᠣᠨᠢ᠋ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ᠮᠠᠯ᠎ᠤ᠋ᠨ ᠠᠰᠢᠭ ᠰᠢᠮ᠎ᠡ ᠲᠠᠷᠢᠶᠠᠯᠠᠩ᠎ᠤ᠋ᠨ ᠪᠦᠲᠦᠭᠡᠭᠳᠡᠬᠦᠨ᠎ᠤ ᠬᠥᠮᠥᠷᠭᠡᠯᠡᠨ ᠰᠢᠨ᠎ᠡ ᠰᠣᠷᠭᠣᠭ᠎ᠢ ᠪᠠᠲᠤᠯᠠᠬᠤ ᠬᠦᠢᠲᠡᠨ ᠬᠡᠯᠬᠢᠶᠡᠲᠦ ᠪᠤᠳᠠᠰ᠎ᠤᠨ ᠭᠦᠢᠯᠭᠡᠭᠡ ᠨᠢ ᠣᠳᠣ ᠦᠶ᠎ᠡ᠎ᠶ᠋ᠢᠨ ᠲᠠᠷᠢᠶᠠᠯᠠᠩ᠎ᠤ᠋ᠨ ᠬᠥᠭᠵᠢᠯᠲᠡ᠎ᠶ᠋ᠢᠨ ᠴᠢᠬᠤᠯᠠ ᠶᠡᠬᠡ ᠳᠠᠭᠠᠭᠤᠯᠬᠤ ᠴᠢᠨᠠᠷᠲᠠᠢ ᠢᠨᠵᠧᠨᠧᠷᠢᠩ ᠪᠣᠯᠤᠭᠰᠠᠨ᠎ᠤ᠋ ᠬᠤᠪᠢ᠎ᠳ᠋ᠤ᠌᠂ ᠣᠳᠣ ᠦᠶ᠎ᠡ᠎ᠶ᠋ᠢᠨ ᠲᠠᠷᠢᠶᠠᠯᠠᠩ᠎ᠤ᠋ᠨ ᠰᠠᠭᠤᠷᠢ ᠲᠦᠬᠦᠭᠡᠷᠦᠮᠵᠢ᠎ᠶ᠋ᠢᠨ ᠳᠤᠲᠠᠭᠳᠠᠯᠢ᠋ ᠨᠥᠬᠥᠪᠥᠷᠢᠯᠡᠵᠦ᠂ ᠲᠠᠷᠢᠶᠠᠯᠠᠩ᠎ᠤ᠋ᠨ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠥᠷᠭᠡᠳᠬᠡᠵᠦ᠂ ᠲᠠᠷᠢᠶᠠᠴᠢᠳ᠎ᠤ᠋ᠨ ᠣᠷᠣᠯᠭ᠎ᠠ᠎ᠶ᠋ᠢ ᠨᠡᠮᠡᠭᠳᠡᠭᠦᠯᠦᠨ᠂ ᠲᠠᠷᠢᠶᠠᠯᠠᠩ᠎ᠤ᠋ᠨ ᠠᠵᠤ ᠦᠢᠯᠡᠰ ᠪᠠ ᠲᠠᠷᠢᠶᠠᠯᠠᠩ᠎ᠤ᠋ᠨ ᠪᠦᠲᠦᠭᠡᠭᠳᠡᠬᠦᠨᠦ᠌ ᠬᠡᠷᠡᠭᠯᠡᠭᠡᠨ᠎ᠦ᠌ ᠳᠡᠰ ᠳᠡᠪᠰᠢᠬᠦ᠎ᠶ᠋ᠢ ᠠᠬᠢᠭᠤᠯᠬᠤ᠎ᠳ᠋ᠤ᠌ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
ᠤᠯᠤᠰ᠎ᠤ᠋ᠨ ᠲᠦᠷᠦᠭᠦᠦ ᠪᠦᠯᠦᠭᠦ᠋ᠨ 17 ᠭᠣᠣᠯ ᠪᠣᠯᠬᠤ ᠬᠦᠢᠲᠡᠨ ᠬᠡᠯᠬᠢᠶᠡᠲᠦ ᠪᠤᠳᠠᠰ᠎ᠤᠨ ᠭᠦᠢᠯᠭᠡᠭᠡᠨ᠎ᠦ᠌ ᠰᠠᠭᠤᠷᠢᠨ ᠭᠠᠵᠠᠷ᠎ᠤ᠋ᠨ ᠨᠢᠭᠡ ᠪᠣᠯᠤᠭᠰᠠᠨ᠎ᠤ᠋ ᠬᠤᠪᠢ᠎ᠳ᠋ᠤ᠌᠂︽ᠲᠡᠭᠷᠢ᠎ᠶᠢᠨ ᠬᠡᠰᠢᠭᠲᠦ ᠪᠤᠷᠤᠲᠤᠬᠤᠢ︾ᠣᠶᠤᠨᠴᠢ ᠬᠦᠢᠲᠡᠨ ᠬᠡᠯᠬᠢᠶᠡᠲᠦ ᠪᠤᠳᠠᠰ᠎ᠤᠨ ᠭᠦᠢᠯᠭᠡᠭᠡᠨ᠎ᠦ᠌ ᠬᠦᠷᠢᠶᠡᠯᠡᠩ ᠲᠣᠭᠣᠷᠢᠭ ᠨᠢ ᠪᠦᠷᠬᠦᠯᠲᠡ᠎ᠪᠡᠷ ᠥᠷᠭᠡᠨ᠂ ᠪᠠᠢᠷᠢᠰᠢᠭᠤᠯᠤᠯ ᠨᠢ ᠵᠦᠢ ᠵᠣᠬᠢᠰᠲᠠᠢ᠂ ᠭᠣᠣᠯᠳᠠᠯᠭ᠎ᠠ ᠨᠢ ᠳᠣᠪᠣᠢᠮ᠎ᠠ᠂ ᠭᠦᠢᠯᠭᠡᠭᠡᠨ ᠨᠢ ᠰᠢᠭᠤᠳ ᠰᠢᠯᠤᠭᠤᠨ ᠮᠠᠯ᠎ᠤ᠋ᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨᠦ᠌ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠣᠭ᠎ᠢ ᠪᠠᠲᠤᠯᠠᠬᠤ ᠬᠦᠢᠲᠡᠨ ᠬᠡᠯᠬᠢᠶᠡᠲᠦ ᠪᠤᠳᠠᠰ᠎ᠤᠨ ᠭᠦᠢᠯᠭᠡᠭᠡᠨ᠎ᠦ᠌ ᠰᠢᠰᠲ᠋ᠧᠮᠵᠢ᠎ᠶ᠋ᠢ ᠬᠦᠴᠦᠯᠡᠨ ᠪᠠᠢᠭᠤᠯᠤᠨ᠎ᠠ᠃ 2014 ᠣᠨ᠎ᠤ᠋ 10 ᠰᠠᠷᠠᠳ᠋ᠤ᠌ ᠡᠵᠡᠩᠨᠡᠬᠦ ᠠᠵᠢᠯᠯᠠᠭ᠎ᠠ ᠬᠢᠭᠰᠡᠨ᠎ᠡᠴᠡ ᠨᠡᠰᠢ᠂ ᠬᠦᠷᠢᠶᠡᠯᠡᠩ ᠲᠣᠭᠣᠷᠢᠭ ᠨᠢ 《ᠬᠡᠯᠬᠢᠶ᠎ᠡ᠎ᠶ᠋ᠢ ᠬᠦᠴᠦᠷᠬᠡᠭᠵᠢᠭᠦᠯᠵᠦ ᠰᠠᠭᠤᠷᠢ᠎ᠶ᠋ᠢ ᠪᠠᠲᠤᠳᠬᠠᠬᠤ᠂ ᠬᠡᠯᠬᠢᠶ᠎ᠡ᠎ᠵᠢ ᠨᠦᠬᠦᠪᠦᠷᠢᠯᠡᠨ ᠪᠠᠭᠤᠷᠠᠢ ᠲᠠᠯ᠎ᠠ᠎ᠪᠠᠨ ᠬᠦᠴᠦᠷᠭᠡᠭᠵᠢᠬᠦᠯᠬᠦ᠂ ᠬᠡᠯᠬᠢᠶ᠎ᠠ ᠪᠠᠨ ᠦᠷᠭᠡᠳᠭᠡᠨ ᠰᠢᠨ᠎ᠡ᠎ᠶ᠋ᠢ ᠨᠡᠭᠡᠭᠡᠬᠦ》 ᠭᠤᠷᠪᠠᠨ ᠬᠡᠮᠵᠢᠯᠲᠦ᠎ᠡᠴᠡ ᠬᠦᠴᠦᠯᠡᠨ ᠴᠢᠷᠮᠠᠢᠵᠤ᠂ ᠪᠠᠶᠠᠨᠨᠠᠭᠤᠷ ᠬᠣᠲᠠ᠎ᠶ᠋ᠢᠨ ᠰᠢᠨ᠎ᠡ ᠰᠣᠷᠭᠣᠭ ᠦᠢᠯᠡᠳᠪᠦᠷᠢᠯᠡᠯ᠎ᠦ᠋ᠨ ᠠᠵᠤ ᠦᠢᠯᠡᠰ᠎ᠦ᠋ᠨ ᠬᠥᠭᠵᠢᠯᠲᠡ᠎ᠳ᠋ᠦ᠍ ᠬᠦᠷᠦᠯᠴᠡᠬᠦ ᠦᠭᠡᠢ ᠲᠠᠯ᠎ᠠ᠎ᠪᠠᠨ ᠨᠥᠬᠥᠪᠥᠷᠢᠯᠡᠵᠦ᠂ ᠠᠵᠤ ᠠᠬᠤᠢᠯᠠᠯ᠎ᠤ᠋ᠨ ᠬᠥᠮᠥᠷᠭᠡᠯᠡᠬᠦ᠂ ᠲᠡᠭᠡᠭᠡᠪᠦᠷᠢᠯᠡᠬᠦ᠂ ᠪᠣᠭᠣᠮᠲᠠᠳ᠋ᠤ᠌ ᠮᠡᠳᠡᠭᠦᠯᠬᠦ᠂ ᠪᠡᠯᠡ ᠬᠤᠷᠠᠮᠳᠤᠭᠤᠯᠤᠨ ᠳ᠋ᠦᠩᠨᠡᠨ ᠪᠣᠳᠣᠬᠤ ᠵᠡᠷᠭᠡ ᠳᠥᠷᠪᠡᠨ ᠶᠡᠬᠡ ᠬᠦᠴᠢᠷ ᠠᠰᠠᠭᠤᠳᠠᠯ᠎ᠢ᠋ ᠰᠢᠢᠳᠪᠦᠷᠢᠯᠡᠵᠦ᠂ ᠠᠵᠤ ᠠᠬᠤᠢᠯᠠᠯ᠎ᠤ᠋ᠨ ᠣᠷᠣᠨ ᠪᠦᠰᠡ ᠠᠯᠤᠰᠯᠠᠭᠰᠠᠨ ᠵᠠᠬ᠎ᠠ ᠳᠡᠯᠭᠡᠭᠦᠷ᠎ᠦ᠋ᠨ ᠪᠠᠢᠷᠢᠯᠠᠭᠤᠯᠤᠯᠲᠠ᠎ᠶ᠋ᠢ ᠬᠠᠪᠰᠤᠷᠤᠨ ᠪᠡᠶᠡᠯᠡᠭᠦᠯᠵᠦ᠂ ᠵᠠᠬ᠎ᠠ ᠳᠡᠯᠭᠡᠭᠦᠷ᠎ᠦ᠋ᠨ ᠥᠷᠢᠰᠦᠯᠳᠦᠬᠦ ᠬᠦᠴᠦᠨ᠎ᠢ᠋ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠪᠣᠷᠣᠲᠣᠬᠣᠶ ᠵᠢᠨ ᠴᠢᠨᠠᠷ ᠰᠠᠢᠲᠠᠢ ᠲᠠᠷᠢᠶᠠᠯᠠᠩ᠎ᠤ᠋ᠨ ᠪᠦᠲᠦᠭᠡᠭᠳᠡᠬᠦᠨᠦ᠌ ᠰᠢᠨ᠎ᠡ ᠰᠣᠷᠭᠣᠭᠢ᠋ ᠵᠠᠪᠳᠤᠨ ᠪᠦᠬᠦ ᠤᠯᠤᠰ᠎ᠲᠤ᠌ ᠲᠠᠷᠬᠠᠬᠤ᠎ᠶ᠋ᠢ ᠲᠦᠯᠬᠢᠨ ᠠᠬᠢᠭᠤᠯᠤᠨ᠎ᠠ᠃
《ᠬᠦᠷᠢᠶᠡᠯᠡᠩ ᠲᠣᠭᠣᠷᠢᠭ ᠨᠠᠮ᠎ᠤ᠋ᠨ ᠬᠣᠷᠢᠳᠤᠭᠠᠷ ᠬᠤᠭᠤᠴᠠᠭᠠᠨ᠎ᠤ᠋ ᠳᠥᠷᠪᠡᠳᠦᠭᠡᠷ ᠪᠥᠬᠥᠳᠡ ᠬᠤᠷᠠᠯ᠎ᠤ᠋ᠨ ᠵᠣᠷᠢᠭ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠣᠷᠣᠨ ᠪᠦᠰᠡ᠎ᠶ᠋ᠢᠨ ᠬᠦᠢᠲᠡᠨ ᠬᠡᠯᠬᠢᠶᠡᠲᠦ ᠪᠤᠳᠠᠰ᠎ᠤᠨ ᠭᠦᠢᠯᠭᠡᠭᠡᠨ᠎ᠦ᠌ ᠬᠦᠢᠰᠦ᠎ᠶ᠋ᠢᠨ ᠪᠠᠢᠭᠤᠯᠤᠯᠲᠠ᠎ᠶ᠋ᠢ ᠲᠦᠷᠭᠡᠳᠬᠡᠨ ᠠᠬᠢᠭᠤᠯᠵᠤ᠂ ᠢᠷᠡᠬᠦ ᠵᠢᠯ᠎ᠳ᠋ᠦ᠍ ᠬᠥᠮᠥᠷᠭᠡ᠎ᠶᠢᠨ ᠭᠦᠢᠴᠡᠳ ᠠᠰᠢᠭᠯᠠᠭᠳᠠᠬᠤ᠎ᠵᠢ ᠪᠡᠶᠡᠯᠡᠭᠦᠯᠬᠦ ᠪᠡᠷ ᠴᠢᠷᠮᠠᠢᠨ᠎ᠠ᠃ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠬᠤᠭᠤᠴᠠᠭᠠᠨ᠎ᠳ᠋ᠤ᠌᠂ ᠪᠢᠳᠡ ᠨᠠᠷᠢᠯᠢᠭᠵᠢᠭᠤᠯᠤᠭᠰᠠᠨ᠂ ᠣᠶᠤᠨᠴᠢᠯᠠᠭᠰᠠᠨ ᠬᠠᠮᠢᠶᠠᠷᠤᠯᠲᠠ᠎ᠶ᠋ᠢᠨ ᠰᠢᠰᠲ᠋ᠧᠮ᠎ᠢ᠋ ᠲᠡᠰ ᠳᠡᠪᠰᠢᠭᠦᠯᠦᠨ᠂ ᠪᠠᠶᠠᠨᠨᠠᠭᠤᠷ ᠬᠣᠲᠠ᠎ᠶ᠋ᠢᠨ ᠲᠠᠷᠢᠶᠠᠯᠠᠩ ᠮᠠᠯ᠎ᠤ᠋ᠨ ᠠᠵᠤ ᠦᠢᠯᠡᠰ᠎ᠦ᠋ᠨ ᠣᠨᠴᠠᠯᠢᠭ᠎ᠲᠠᠢ ᠤᠶᠠᠯᠳᠤᠭᠤᠯᠤᠨ᠂ ᠭᠠᠷᠤᠯᠲᠠ᠎ᠶ᠋ᠢᠨ ᠣᠷᠣᠨᠠ᠋ᠴᠠ ᠬᠣᠭᠣᠯᠠᠨ ᠰᠢᠷᠡᠭᠡ ᠬᠦᠷᠲᠡᠯᠡᠬᠢ ᠪᠦᠬᠦ ᠬᠡᠯᠬᠢᠶᠡᠵᠢᠯᠦ᠋ᠨ ᠬᠠᠮᠢᠶᠠᠷᠤᠯᠲᠠ᠎ᠶ᠋ᠢᠨ ᠲᠥᠰᠦᠯ᠎ᠢ᠋ ᠲᠣᠭᠲᠠᠭᠠᠵᠤ᠂ ᠥᠪᠡᠷ᠎ᠦ᠋ᠨ ᠥᠷᠲᠡᠭ᠎ᠢ᠋ ᠪᠠᠭᠤᠷᠠᠭᠤᠯᠤᠨ ᠦᠷ᠎ᠡ ᠠᠰᠢᠭᠢ᠋ᠶ᠋ᠠᠨ ᠨᠡᠮᠡᠭᠳᠡᠭᠦᠯᠬᠦ᠎ᠪᠡᠷ ᠳᠠᠮᠵᠢᠨ ᠪᠤᠷᠤᠲᠤᠬᠤᠢ᠎ᠶ᠋ᠢᠨ ᠦᠨᠦᠷ ᠠᠮᠲᠠ᠎ᠶ᠋ᠢ ᠪᠦᠬᠦ ᠤᠯᠤᠰ᠎ᠲᠤ᠌ ᠡᠳ᠋ᠯᠡᠭᠦᠯᠦᠨ᠎ᠡ》 ᠭᠡᠵᠦ ᠲᠤᠰ ᠬᠦᠷᠢᠶᠡᠯᠡᠩ ᠲᠣᠭᠣᠷᠢᠭ᠎ᠤ᠋ᠨ ᠡᠵᠡᠩᠨᠡᠯᠲᠡ᠎ᠶ᠋ᠢᠨ ᠲᠠᠯ᠎ᠠ᠎ᠶ᠋ᠢᠨ ᠪᠣᠷᠣᠯᠠᠭᠤᠯᠭ᠎ᠠ᠎ᠶ᠋ᠢᠨ ᠬᠠᠷᠢᠭᠤᠴᠠᠯᠭᠠᠲᠠᠨ ᠯᠢ ᠰᠢᠨ ᠭᠦᠸᠧ ᠢᠯᠡᠷᠬᠡᠢᠯᠡᠨ᠎ᠡ᠃