12 ᠰᠠᠷ᠎ᠠ᠎ᠶ᠋ᠢᠨ 5 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠰᠸᠴᠤᠸᠠᠨ ᠮᠤᠵᠢ᠎ᠶ᠋ᠢᠨ ᠴᠧᠩᠳᠦ᠋ ᠬᠤᠳᠠ᠎ᠶ᠋ᠢᠨ ᠳ᠋ᠦ᠋ ᠵᠢᠶᠠᠩ ᠶᠠᠨ᠎ᠳᠤ ᠹᠷᠠᠨᠼᠢ᠎ᠶ᠋ᠢᠨ ᠶᠡᠷᠦᠩᠬᠡᠢᠯᠡᠭ᠌ᠴᠢ ᠮᠠᠢ᠌ᠺᠷᠤᠨ ᠲᠠᠢ ᠨᠥᠬᠥᠷᠰᠡᠭ ᠵᠢᠨᠷ ᠰᠠᠨᠠᠯ ᠰᠤᠯᠢᠯᠴᠠᠪᠠ᠃
ᠡᠪᠦᠯ᠎ᠦᠨ ᠡᠬᠢᠨ᠎ᠦ ᠳ᠋ᠦ᠋ ᠵᠢᠶᠠᠩ ᠶᠠᠨ᠎ᠳᠤ᠂ ᠠᠭᠤᠯᠠ ᠨᠢᠷᠤᠭᠤᠳ ᠮᠦᠨ ᠯᠡ ᠬᠦᠬᠡᠷᠡᠨ ᠬᠠᠷᠠᠭ᠍ᠳᠠᠨ᠎ᠠ᠃ ᠮᠠᠢ᠌ᠺᠷᠤᠨ ᠬᠠᠳᠤᠨ᠎ᠲᠠᠶ᠎ᠪᠠᠨ ᠬᠦᠷᠴᠦ᠍ ᠢᠷᠡᠬᠦ᠌᠎ᠳᠦ ᠰᠢ ᠵᠢᠨ ᠫᠢᠩ ᠪᠣᠯᠤᠨ ᠫᠸᠩ ᠯᠢ ᠶᠤᠸᠠᠨ ᠬᠠᠯᠠᠭᠤᠨ᠎ᠢᠶᠠᠷ ᠤᠭ᠍ᠲᠤᠪᠠ᠃ ᠰᠢ ᠵᠢᠨ ᠫᠢᠩ ᠮᠠᠢ᠌ᠺᠷᠤᠨᠤ 《ᠲᠩᠷᠢ᠎ᠶ᠋ᠢᠨ ᠬᠡᠰᠢᠭᠲᠦ ᠤᠯᠤᠰ》 ᠲᠤ᠌ ᠠᠢᠯᠴᠢᠯᠠᠷ᠎ᠠ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠨᠢᠳᠤᠨᠤᠨ ᠲᠠ ᠨᠠᠮᠢ᠋ᠢ ᠤᠷᠢᠵᠤ ᠥᠪᠡᠷ᠎ᠦᠨ ᠨᠤᠲᠤᠭ ᠳᠡᠭᠡᠳᠦ ᠫᠢᠷᠢᠨ᠋ᠸᠤᠰ ᠮᠤᠵᠢ᠎ᠳᠤ ᠤᠴᠢᠭᠤᠯᠪᠠ᠂ ᠲᠠᠨ᠎ᠤ ᠡᠨᠡ ᠤᠳᠠᠭ᠎ᠠ᠎ᠶ᠋ᠢᠨ ᠠᠶᠠᠯᠠᠯ ᠨᠢ ᠳᠤᠮᠳᠠᠳᠤ ᠤᠯᠤᠰ᠎ᠤᠨ ᠲᠤᠬᠠᠢ ᠲᠠᠨᠢᠯᠲᠠ᠎ᠶ᠋ᠢ ᠤᠯᠠᠮ ᠪᠠᠶᠠᠯᠢᠭ᠍ᠵᠢᠭᠤᠯᠬᠤ᠎ᠶ᠋ᠢ ᠢᠲᠡᠭᠡᠵᠦ᠍ ᠪᠠᠢᠨ᠎ᠠ ᠭᠡᠵᠦ᠍ ᠢᠯᠡᠳᠭᠡᠪᠡ᠃
ᠬᠣᠶᠠᠷ ᠤᠯᠤᠰ᠎ᠤᠨ ᠲᠡᠷᠢᠭᠦᠨ ᠬᠠᠳᠤᠨ᠎ᠲᠠᠶ᠎ᠪᠠᠨ ᠶᠠᠨ ᠭᠦᠨᠭ ᠵᠠᠮ᠎ᠢᠶᠠᠷ ᠶᠠᠪᠤᠬᠤ᠎ᠶ᠋ᠢᠨ ᠳᠠᠭᠠᠤ ᠶᠠᠷᠢᠯᠴᠠᠪᠠ᠃

12 ᠰᠠᠷ᠎ᠠ᠎ᠶ᠋ᠢᠨ 5 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠰᠸᠴᠤᠸᠠᠨ ᠮᠤᠵᠢ᠎ᠶ᠋ᠢᠨ ᠴᠧᠩᠳᠦ᠋ ᠬᠤᠳᠠ᠎ᠶ᠋ᠢᠨ ᠳ᠋ᠦ᠋ ᠵᠢᠶᠠᠩ ᠶᠠᠨ᠎ᠳᠤ ᠹᠷᠠᠨᠼᠢ᠎ᠶ᠋ᠢᠨ ᠶᠡᠷᠦᠩᠬᠡᠢᠯᠡᠭ᠌ᠴᠢ ᠮᠠᠢ᠌ᠺᠷᠤᠨ ᠲᠠᠢ ᠨᠥᠬᠥᠷᠰᠡᠭ ᠵᠢᠨᠷ ᠰᠠᠨᠠᠯ ᠰᠤᠯᠢᠯᠴᠠᠪᠠ᠃ ᠵᠢᠷᠤᠭ ᠪᠤᠯ᠂ ᠰᠢ ᠵᠢᠨ ᠫᠢᠩ ᠬᠠᠳᠤᠨ ᠫᠸᠩ ᠯᠢ ᠶᠤᠸᠠᠨ ᠲᠠᠢ ᠪᠠᠨ ᠮᠠᠢ᠌ᠺᠷᠤᠨ ᠪᠤᠯᠤᠨ ᠲᠡᠭᠦᠨ᠎ᠦ ᠬᠠᠳᠤᠨᠲᠠᠶᠬᠠᠮᠳᠤ ᠰᠡᠭᠦᠳᠡᠷ ᠲᠠᠳᠠᠭᠤᠯᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠳ᠋ᠢᠩ ᠬᠠᠢ ᠲᠤᠤ ᠰᠡᠬᠦᠳᠡᠷᠯᠡᠪᠡ
ᠰᠢ ᠵᠢᠨ ᠫᠢᠩ ᠳ᠋ᠦ᠋ ᠵᠢᠶᠠᠩ ᠶᠠᠨ᠎ᠤ ᠲᠡᠦᠬᠡ ᠪᠣᠯᠤᠨ ᠠᠴᠢ ᠬᠣᠯᠪᠣᠭ᠍ᠳᠠᠯ᠎ᠢ ᠲᠠᠨᠢᠯᠴᠠᠭᠤᠯᠵᠤ᠂ ᠳ᠋ᠦ᠋ ᠵᠢᠶᠠᠩ ᠶᠠᠨ᠎ᠤ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ ᠪᠣᠯ ᠳᠡᠯᠡᠬᠡᠢᠳᠡᠭᠡᠷᠡᠬᠢ ᠴᠤᠷ᠎ᠤᠨ ᠭᠠᠭ᠍ᠴᠠ ᠤᠳᠤ ᠪᠤᠯᠲᠠᠯ᠎ᠠ ᠬᠡᠷᠡᠭᠯᠡᠵᠦ᠍ ᠪᠠᠢᠭ᠎ᠠ ᠡᠷᠲᠡᠨ᠎ᠦ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ ᠪᠣᠯᠤᠨ᠎ᠠ᠂ ᠮᠥᠨ ᠴᠦ᠍ ᠬᠥᠮᠦᠨ ᠲᠥᠷᠥᠯᠬᠢᠲᠡᠨ ᠪᠣᠯᠤᠨ ᠪᠠᠢᠭᠠᠯᠢ ᠡᠶ᠎ᠡ ᠵᠣᠬᠢᠴᠠᠩᠭᠤᠢ ᠬᠠᠮᠲᠤ ᠣᠷᠣᠱᠢᠭ᠍ᠰᠠᠨ ᠬᠠᠮᠤᠭ᠎ᠤᠨ ᠡᠷᠲᠡᠨ᠎ᠦ ᠠᠮᠵᠢᠯᠲᠠ᠎ᠲᠠᠶ ᠦᠢᠯᠡᠳᠦᠯᠭᠡ᠎ᠶ᠋ᠢᠨ ᠨᠢᠭᠡ ᠪᠣᠯᠤᠨ᠎ᠠ᠂ ᠪᠠᠷᠢᠯᠭ᠎ᠠ᠎ᠶ᠋ᠢᠨ ᠶᠠᠪᠤᠴᠠ ᠨᠢ ᠳᠤᠮᠳᠠᠳᠤ᠎ᠶ᠋ᠢᠨ ᠦᠨᠳᠦᠰᠦᠲᠡᠨ᠎ᠦ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠂ ᠬᠦᠴᠢᠷ ᠪᠡᠷᠬᠡᠱᠢᠶᠡᠯ᠎ᠡᠴᠡ ᠠᠶᠤᠬᠤ ᠦᠭᠡᠢ᠂ ᠵᠣᠷᠢᠭ᠍ᠲᠠᠢ ᠵᠠᠮ ᠨᠡᠭᠡᠭᠡᠬᠦ᠌ ᠵᠣᠷᠢᠭ ᠰᠠᠨᠠᠭ᠎ᠠ᠎ᠶ᠋ᠢ ᠭᠦᠢᠴᠡᠳ ᠬᠠᠷᠠᠭᠤᠯᠤᠭᠰᠠᠨ ᠪᠠᠢᠨ᠎ᠠ᠃ ᠳ᠋ᠦ᠋ ᠵᠢᠶᠠᠩ ᠶᠠᠨ᠎ᠳᠤ ᠢᠷᠡᠬᠦ᠌ ᠪᠤᠯᠭᠠᠨ ᠤᠷᠢᠳᠤᠬᠢ ᠬᠥᠮᠦᠰ᠎ᠦᠨ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠵᠤ᠂ ᠪᠠᠢᠳᠠᠯ᠎ᠢ ᠲᠠᠭᠠᠨ ᠠᠵᠢᠯᠯᠠᠵᠤ᠂ ᠪᠠᠢᠭᠠᠯᠢ ᠬᠥᠮᠦᠨ ᠨᠢᠭᠡᠳᠴᠦ᠍᠂ ᠭᠤᠤᠯ ᠮᠦᠷᠡᠨ᠎ᠢ ᠵᠠᠰᠠᠵᠤ ᠠᠷᠠᠳ ᠲᠤ᠌ ᠠᠰᠢᠭ ᠬᠦᠷᠲᠡᠭᠡᠭᠰᠡᠨ ᠠᠭᠤᠤ ᠶᠡᠬᠡ ᠠᠵᠢᠯᠯᠠᠭ᠎ᠠ᠎ᠶ᠋ᠢ ᠮᠡᠳᠡᠷᠡᠵᠦ᠍᠂ ᠡᠭᠦᠨ᠎ᠦ ᠳᠤᠮᠳᠠ᠎ᠡᠴᠡ ᠲᠦᠷᠦ᠍᠎ᠶ᠋ᠢ ᠵᠠᠰᠠᠬᠤ ᠤᠶᠤᠨ ᠤᠬᠠᠭᠠᠨ᠎ᠢ ᠤᠬᠠᠭᠠᠷᠠᠳᠠᠭ᠃ ᠹᠷᠠᠨᠼᠢ ᠦᠨᠳᠦᠰᠦᠲᠡᠨ ᠠᠳᠠᠯᠢᠬᠠᠨ ᠱᠢᠨᠲᠠᠷᠠᠰᠢ ᠦᠭᠡᠢ ᠵᠣᠷᠢᠭ ᠰᠠᠨᠠᠭ᠎ᠠ᠎ᠲᠠᠶ ᠶᠤᠮ᠃ ᠳᠤᠮᠳᠠᠳᠤ ᠹᠷᠠᠨᠼᠢ ᠬᠣᠶᠠᠷ ᠤᠯᠤᠰ ᠪᠤᠰᠤᠳ ᠤᠯᠤᠰ᠎ᠡᠴᠡ ᠨᠡᠩ ᠢᠯᠡᠭᠦᠦ ᠬᠠᠷᠢᠯᠴᠠᠨ ᠣᠢᠯᠠᠭᠠᠯᠴᠠᠵᠤ᠂ ᠬᠠᠷᠢᠯᠴᠠᠨ ᠬᠦᠨᠳᠦᠳᠭᠡᠪᠡᠯ ᠵᠣᠬᠢᠨ᠎ᠠ ᠭᠡᠵᠦ ᠵᠢᠭᠠᠵᠤ ᠭᠠᠷᠭᠠᠪᠠ᠃
ᠮᠠᠢ᠌ᠺᠷᠤᠨ᠂ ᠳ᠋ᠦ᠋ ᠵᠢᠶᠠᠩ ᠶᠠᠨ᠎ᠤ ᠠᠭᠤᠯᠠ ᠨᠢ ᠬᠦᠬᠡᠮᠳᠦᠭ ᠤᠰᠤ ᠨᠢ ᠲᠤᠩᠭᠠᠯᠠᠭ᠂ ᠦᠨᠭᠭᠡ ᠦᠵᠡᠮᠵᠢ ᠭᠤᠶᠤ ᠰᠠᠢᠬᠠᠨ ᠪᠠᠢᠨ᠎ᠠ᠃ ᠬᠣᠶᠠᠷ ᠮᠢᠩᠭ᠎ᠠ ᠭᠠᠷᠤᠢ ᠵᠢᠯ᠎ᠦᠨ ᠡᠮᠦᠨ᠎ᠡ ᠪᠠᠢᠭᠤᠯᠤᠭ᠍ᠰᠠᠨ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ ᠤᠳᠤ ᠪᠣᠯᠲᠠᠯ᠎ᠠ ᠮᠥᠨ ᠯᠡ ᠦᠢᠯᠡᠳᠦᠯ᠎ᠢᠶᠡᠨ ᠪᠠᠳᠠᠷᠠᠭᠤᠯᠤᠭ᠍ᠰᠠᠭᠠᠷ ᠪᠠᠢᠨ᠎ᠠ᠂ ᠳᠤᠮᠳᠠᠳᠤ ᠤᠯᠤᠰ᠎ᠤᠨ ᠠᠷᠠᠳ ᠲᠦᠮᠡᠨ᠎ᠦ ᠠᠵᠢᠯᠴᠢ ᠬᠥᠳᠡᠯᠮᠦᠷᠢᠴᠢ ᠤᠶᠤᠨ ᠤᠬᠠᠭᠠᠨ ᠨᠢ ᠬᠥᠮᠦᠰ᠎ᠢ ᠭᠠᠢᠬᠠᠰᠢ ᠠᠯᠳᠠᠭᠤᠯᠤᠨ᠎ᠠ᠃ ᠹᠷᠠᠨᠼᠢ ᠳᠤᠮᠳᠠᠳᠤ ᠬᠣᠶᠠᠷ ᠤᠯᠤᠰ ᠴᠥᠮ ᠥᠨᠢ ᠤᠳᠠᠭᠠᠨ ᠲᠡᠦᠬᠡ ᠰᠣᠶᠣᠯ᠎ᠲᠠᠶ᠂ ᠬᠣᠶᠠᠷ ᠤᠯᠤᠰ᠎ᠤᠨ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠥᠭᠡᠭᠡᠴᠡᠯᠳᠦᠯ ᠪᠣᠯ ᠠᠳᠠᠯᠢᠬᠠᠨ ᠶᠤᠮ᠂ ᠹᠷᠠᠨᠼᠢ ᠳᠤᠮᠳᠠᠳᠤ᠎ᠶ᠋ᠢᠨ ᠬᠠᠮᠲᠤᠷᠠᠯᠴᠠᠭ᠎ᠠ ᠨᠢ ᠬᠥᠭ᠌ᠵᠢᠯ ᠴᠡᠴᠡᠭᠯᠡᠯ᠎ᠢ ᠬᠠᠮᠲᠤ᠎ᠪᠠᠷ ᠡᠷᠢᠯᠬᠢᠯᠡᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠴᠦ᠍ ᠪᠣᠯᠤᠨ᠎ᠠ ᠭᠡᠵᠦ ᠢᠯᠡᠳᠭᠡᠪᠡ᠃
ᠬᠣᠶᠠᠷ ᠤᠯᠤᠰ᠎ᠤᠨ ᠲᠡᠷᠢᠭᠦᠨ ᠬᠠᠳᠤᠨ᠎ᠲᠠᠶ᠎ᠪᠠᠨ ᠬᠤᠸᠠᠢ ᠭᠦ᠋ ᠲᠢᠩ᠎ᠳᠤ ᠰᠠᠭᠠᠲᠠᠵᠤ᠂ ᠮᠦᠷᠡᠨ᠎ᠤ ᠬᠥᠪᠡᠭᠡᠨ᠎ᠳᠦ ᠴᠠᠢ ᠠᠮᠲᠠᠯᠠᠵᠤ᠂ ᠳᠡᠯᠡᠬᠡᠢ ᠵᠢᠨ ᠪᠠᠢᠳᠠᠯ᠎ᠢ ᠥᠭᠦᠯᠡᠪᠡ᠃
ᠰᠢ ᠵᠢᠨ ᠫᠢᠩ᠂ ᠤᠯᠤᠰ᠎ᠤᠨ ᠬᠦᠴᠦᠷᠬᠡᠭ᠌ᠵᠢᠯ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠪᠣᠳᠠᠰ᠎ᠤᠨ ᠪᠣᠯᠪᠠᠰᠤᠨ᠎ᠤ ᠬᠤᠷᠠᠮᠳᠤᠭᠤᠯᠤᠯ ᠱᠠᠭᠠᠷᠳᠠᠭ᠍ᠳᠠᠬᠤ ᠪᠥᠭᠡᠳ ᠤᠶᠤᠨ᠎ᠤ ᠪᠣᠯᠪᠠᠰᠤᠨ᠎ᠤ ᠳᠡᠭᠡᠭ᠌ᠰᠢᠯᠡᠯᠲᠡ ᠴᠦ᠍ ᠱᠠᠭᠠᠷᠳᠠᠭ᠍ᠳᠠᠨ᠎ᠠ᠃ ᠰᠣᠶᠣᠯ᠎ᠤᠨ ᠢᠲᠡᠭᠡᠯ᠎ᠲᠡᠶ ᠦᠨᠳᠦᠰᠦᠲᠡᠨ ᠪᠣᠯ ᠰᠠᠶᠢ ᠣᠷᠣᠱᠢᠨ ᠲᠣᠭ᠍ᠲᠠᠨᠢᠵᠤ᠂ ᠯᠠᠪᠳᠠᠭᠤᠨ ᠵᠣᠭ᠍ᠰᠣᠵᠤ᠂ ᠠᠯᠤᠰ᠎ᠢ ᠵᠣᠷᠢᠨ ᠤᠷᠤᠭ᠍ᠰᠢᠯᠠᠵᠤ ᠲᠡᠢᠯᠦᠨ᠎ᠡ᠃ ᠳᠤᠮᠳᠠᠳᠤ᠎ᠶ᠋ᠢᠨ ᠪᠣᠯᠪᠠᠰᠤᠨ ᠪᠣᠯ ᠳᠡᠯᠡᠬᠡᠢ ᠳᠡᠭᠡᠷᠡᠬᠢ ᠴᠤᠷ᠎ᠤᠨ ᠭᠠᠭ᠍ᠴᠠ ᠲᠠᠰᠤᠯᠳᠠᠯ ᠦᠭᠡᠢ ᠦᠷᠭᠦᠯᠵᠢᠯᠡᠭ᠌ᠰᠡᠨ ᠪᠥᠭᠡᠳ ᠤᠯᠤᠰ᠎ᠤᠨ ᠬᠡᠯᠪᠡᠷᠢ᠎ᠪᠡᠷ ᠬᠥᠭ᠌ᠵᠢᠭᠡᠳ ᠦᠨᠦᠳᠦᠷ ᠬᠦᠷᠦᠭᠰᠡᠨ ᠠᠭᠤᠤ ᠶᠡᠬᠡ ᠪᠣᠯᠪᠠᠰᠤᠨ ᠮᠥᠨ᠂ ᠲᠡᠭᠦᠨ᠎ᠳᠦ ᠲᠤᠪᠤᠢ᠌ᠮ᠎ᠠ ᠦᠷᠭᠦᠯᠵᠢᠯᠡᠬᠦ᠌ ᠴᠢᠨᠠᠷ᠂ ᠱᠢᠨ᠎ᠡ᠎ᠶ᠋ᠢ ᠡᠭᠦᠳᠬᠦ᠌ ᠴᠢᠨᠠᠷ᠂ ᠨᠢᠭᠡᠳᠦᠮᠡᠯ ᠴᠢᠨᠠᠷ᠂ ᠪᠠᠭ᠍ᠲᠠᠭᠠᠮᠵᠢᠲᠤ ᠴᠢᠨᠠᠷ᠂ ᠡᠩᠬᠡ ᠲᠠᠢᠪᠤᠩ ᠴᠢᠨᠠᠷᠲᠠᠶ ᠪᠠᠢᠳᠠᠭ᠃ ᠳᠤᠮᠳᠠᠳᠤ ᠹᠷᠠᠨᠼᠢ ᠬᠣᠶᠠᠷ ᠤᠯᠤᠰ ᠪᠣᠯ ᠳᠣᠷᠣᠨᠠᠳᠠᠬᠢᠨ ᠥᠷᠥᠨᠡᠳᠠᠬᠢᠨ᠎ᠤ ᠪᠣᠯᠪᠠᠰᠤᠨ᠎ᠤ ᠭᠠᠷᠮᠠᠭᠠᠢ ᠲᠥᠯᠥᠭᠡᠯᠡᠭ᠌ᠴᠢ ᠮᠥᠨ᠃ ᠬᠣᠶᠠᠷ ᠤᠯᠤᠰ᠎ᠤᠨ ᠬᠠᠮᠲᠤ᠎ᠶ᠋ᠢᠨ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠵᠣᠷᠢᠭ ᠰᠠᠨᠠᠭ᠎ᠠ ᠨᠢ ᠲᠤᠰ ᠲᠤᠰ᠎ᠤᠨ ᠭᠦᠨ ᠵᠤᠵᠠᠭᠠᠨ ᠰᠣᠶᠣᠯ᠎ᠤᠨ ᠠᠭᠤᠯᠤᠭ᠍ᠳᠠᠬᠤᠨ᠎ᠡᠴᠡ ᠢᠷᠡᠯᠲᠡ᠎ᠲᠡᠶ ᠶᠤᠮ᠃ ᠳᠤᠮᠳᠠᠳᠤ ᠹᠷᠠᠨᠼᠢ ᠬᠠᠷᠢᠯᠴᠠᠭ᠎ᠠ ᠪᠠᠢᠭᠤᠯᠤᠭ᠍ᠰᠠᠨ ᠨᠢ ᠪᠡᠶ᠎ᠡ᠎ᠪᠡᠨ ᠳᠠᠭᠠᠭᠠᠵᠤ ᠡᠵᠡᠨ ᠮᠡᠳᠡᠭ᠌ᠰᠡᠨ ᠬᠣᠶᠠᠷ ᠤᠯᠤᠰ᠎ᠤᠨ 《ᠭᠠᠷ ᠠᠳᠭᠤᠯᠲᠠ》 ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠬᠣᠶᠠᠷ ᠶᠡᠬᠡ ᠭᠡᠷᠡᠯ ᠰᠠᠴᠤᠷᠠᠩᠭᠤᠢ ᠪᠣᠯᠪᠠᠰᠤᠨ᠎ᠤ ᠰᠣᠯᠪᠢᠴᠠᠯ ᠪᠣᠯᠤᠨ᠎ᠠ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ᠎ᠤᠨ ᠡᠮᠦᠨ᠎ᠡ᠂ ᠳᠤᠮᠳᠠᠳᠤ ᠹᠷᠠᠨᠼᠢ ᠬᠣᠶᠠᠷ ᠲᠡᠦᠬᠡ ᠰᠣᠶᠣᠯ᠎ᠤᠨ ᠲᠤᠮᠤ ᠤᠯᠤᠰ ᠶᠠᠷᠢᠯᠴᠠᠭ᠎ᠠ ᠬᠠᠮᠲᠤᠷᠠᠯᠴᠠᠭ᠎ᠠ ᠬᠢᠬᠦ᠌᠎ᠪᠡᠷ ᠳᠠᠮᠵᠢᠨ᠂ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ ᠪᠣᠯᠤᠨ ᠬᠥᠮᠦᠨ ᠲᠥᠷᠥᠯᠬᠢᠲᠡᠨ᠎ᠦ ᠬᠥᠭ᠌ᠵᠢᠯ ᠳᠠᠪᠱᠢᠯᠳᠤ ᠨᠡᠩ ᠶᠡᠬᠡ ᠬᠤᠪᠢ ᠨᠡᠮᠡᠷᠢ ᠦᠵᠡᠭᠦᠯᠬᠦ᠌᠎ᠶ᠋ᠢ ᠢᠲᠡᠭᠡᠵᠦ᠍ ᠪᠠᠢᠨ᠎ᠠ ᠭᠡᠵᠦ᠍ ᠴᠢᠬᠤᠯᠠᠴᠢᠯᠠᠪᠠ᠃
ᠮᠠᠢ᠌ᠺᠷᠤᠨ᠂ ᠣᠳᠣᠬᠠᠨ᠎ᠳᠤ ᠳᠡᠯᠡᠬᠡᠢ᠎ᠶ᠋ᠢᠨ ᠪᠠᠢᠳᠠᠯ ᠦᠳᠲᠡᠷ ᠲᠦᠷᠭᠡᠨ ᠬᠤᠪᠢᠷᠠᠵᠤ᠂ ᠲᠣᠭ᠍ᠳᠠᠭᠠᠯᠳᠤ ᠪᠤᠰᠤ ᠴᠢᠨᠠᠷ᠎ᠢᠶᠠᠷ ᠳᠦᠭᠦᠷᠴᠦ᠍ ᠪᠠᠢᠨ᠎ᠠ᠃ ᠹᠷᠠᠨᠼᠢ᠎ᠶ᠋ᠢᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠶᠠᠷᠢᠯᠴᠠᠭ᠎ᠠ ᠵᠥᠪᠳᠡᠯᠴᠡᠭᠡ᠎ᠪᠡᠷ ᠳᠠᠮᠵᠢᠨ ᠮᠥᠷᠭᠥᠯᠳᠦᠭᠡᠨ᠎ᠢ ᠱᠢᠢᠳᠪᠦᠷᠢᠯᠡᠬᠦ᠌᠎ᠶ᠋ᠢ ᠪᠠᠷᠢᠮᠲᠠᠯᠠᠵᠤ᠂ ᠭᠠᠷ ᠬᠣᠯᠪᠣᠨ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠨ᠎ᠠ ᠭᠡᠪᠡ᠃
ᠰᠢ ᠵᠢᠨ ᠫᠢᠩ ᠬᠠᠳᠤᠨ᠎ᠲᠠᠶ᠎ᠪᠠᠨ ᠮᠠᠢ᠌ᠺᠷᠤᠨ ᠪᠤᠯᠤᠨ ᠲᠡᠭᠦᠨ᠎ᠤ ᠬᠠᠳᠤᠨ᠎ᠢ ᠤᠷᠢᠵᠤ ᠬᠠᠮᠲᠤ ᠦᠳᠡ᠎ᠶ᠋ᠢᠨ ᠬᠣᠭᠣᠯᠠ ᠵᠤᠭᠤᠭᠯᠠᠵᠦ᠂ ᠦᠷᠭᠦᠯᠵᠢᠯᠡᠨ ᠰᠠᠨᠠᠯ᠎ᠢᠶᠠᠨ ᠭᠦᠨᠵᠡᠭᠡᠢ ᠰᠣᠯᠢᠯᠴᠠᠪᠠ᠃
ᠬᠣᠶᠠᠷ ᠤᠯᠤᠰ᠎ᠤᠨ ᠲᠡᠷᠢᠭᠦᠨ ᠨᠢᠭ᠍ᠲᠠ ᠤᠯᠤᠯᠴᠠᠭ᠎ᠠ᠎ᠪᠠᠨ ᠪᠠᠲᠤᠯᠠᠵᠤ᠂ ᠳᠤᠮᠳᠠᠳᠤ ᠹᠷᠠᠨᠼᠢ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠳᠡ ᠦᠭᠡᠢ ᠬᠥᠭ᠌ᠵᠢᠬᠦ᠌᠎ᠶ᠋ᠢ ᠬᠠᠮᠲᠤ᠎ᠪᠠᠷ ᠠᠬᠢᠭᠤᠯᠬᠤ ᠵᠢ ᠰᠠᠨᠠᠯ ᠨᠢᠭᠡᠲᠡᠢ ᠵᠥᠪᠱᠢᠶᠡᠷᠡᠪᠡ᠃
ᠠᠢᠯᠴᠢᠯᠠᠯᠲᠠ᠎ᠶ᠋ᠢᠨ ᠬᠤᠭᠤᠴᠠᠭᠠᠨ᠎ᠳᠤ᠂ ᠬᠣᠶᠠᠷ ᠲᠠᠯ᠎ᠠ᠎ᠪᠠᠷ᠎ᠢᠶᠠᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢ ᠴᠢᠩᠭᠠᠳᠭᠠᠬᠤ᠂ ᠪᠦᠬᠦ᠌ ᠪᠥᠮᠪᠥᠷᠴᠡᠭ᠎ᠦᠨ ᠠᠭᠤᠷ ᠠᠮᠢᠰᠭᠤᠯ ᠪᠣᠯᠤᠨ ᠣᠷᠴᠢᠨ ᠲᠣᠭᠣᠷᠢᠨ᠎ᠤ ᠥᠷᠢᠰᠥᠯᠳᠦᠭᠡᠨ᠎ᠢ ᠬᠠᠮᠲᠤᠷᠠᠯᠴᠠᠨ ᠠᠷᠭᠠᠴᠡᠭᠠᠬᠤ᠂ ᠴᠥᠮ᠎ᠡ᠎ᠶ᠋ᠢᠨ ᠡᠨᠧᠷᠭᠢ᠎ᠶ᠋ᠢ ᠡᠩᠭᠡ ᠲᠠᠢᠪᠤᠩ ᠵᠢᠡᠷ ᠠᠱᠢᠭ᠍ᠯᠠᠬᠤ ᠬᠦᠷᠢᠶᠡᠨ᠎ᠦ ᠬᠠᠮᠲᠤᠷᠠᠯᠴᠠᠭ᠎ᠠ᠂ ᠬᠥᠳᠡᠭᠡ ᠠᠵᠤ ᠠᠬᠤᠢ ᠪᠣᠯᠤᠨ ᠢᠳᠡᠭᠡᠨ᠎ᠦ ᠰᠣᠯᠢᠯᠴᠠᠭ᠎ᠠ ᠪᠣᠯᠤᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠠᠬᠢᠭᠤᠯᠬᠤ᠂ ᠦᠺᠷᠠᠢᠨ᠎ᠤ ᠪᠠᠢᠳᠠᠯ ᠪᠣᠯᠤᠨ ᠫᠠᠯᠸᠰᠲ᠋ᠠᠢ᠌ᠨᠤ ᠪᠠᠢᠳᠠᠯ᠎ᠤᠨ ᠲᠤᠬᠠᠢ ᠬᠠᠮᠲᠤᠷᠠᠭ᠍ᠰᠠᠨ ᠢᠯᠡᠷᠬᠡᠢᠯᠡᠯᠲᠡ ᠨᠡᠢᠲᠡᠯᠡᠪᠡ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃
(ᠱᠢᠨᠬᠤᠸᠠ ᠬᠤᠷᠢᠶ᠎ᠠ᠎ᠵᠢᠨ ᠴᠧᠩᠳᠦ᠋ ᠶ᠋ᠢᠨ 12 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)