ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ ᠢ᠋ ᠰᠤᠳᠤᠯᠤᠨ ᠪᠠᠢᠷᠢᠯᠠᠭᠤᠯᠪᠠ
2025-12-06 09:42:24
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ᠎ᠢ ᠡᠷᠭᠢᠯᠡᠪᠡ


ᠤᠢ᠍ᠢᠷ᠎ᠠ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠲᠥᠪ᠎ᠦᠨ ᠲᠣᠭᠣᠷᠢᠨ ᠪᠠᠢᠴᠠᠭᠠᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠳᠠᠨ ᠪᠠᠲᠤ ᠵᠣᠷᠢᠭ ᠰᠥᠰᠥ᠎ᠶ᠋ᠢ ᠢᠯᠡᠷᠡᠭᠦᠯᠵᠦ᠍᠂ ᠪᠢᠳᠡᠨ᠎ᠦ ᠲᠣᠭᠣᠷᠢᠨ ᠪᠠᠢᠴᠠᠭᠠᠬᠤ ᠵᠢᠴᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠴᠢᠨᠠᠭ᠍ᠰᠢᠳᠠ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠭᠤᠢᠪᠢᠰᠢ ᠦᠭᠡᠢ ᠨᠠᠢᠳᠠᠪᠤᠷᠢᠵᠢᠭᠤᠯᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠤᠯᠤᠰ ᠲᠥᠷᠥ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ᠎ᠢ ᠲᠥᠪ ᠴᠢᠩᠭ᠎ᠠ ᠨᠠᠷᠢᠨ ᠬᠢᠨᠠᠮᠠᠭᠠᠶ ᠰᠠᠢᠲᠤᠷ ᠠᠳᠭᠤᠵᠤ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ᠎ᠪᠡᠷ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ ᠲᠥᠪ᠎ᠦᠨ ᠲᠣᠭᠣᠷᠢᠨ ᠪᠠᠢᠴᠠᠭᠠᠯᠲᠠ᠎ᠶᠢᠨ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠵᠤ᠂ ᠨᠥᠬᠥᠴᠡᠯ᠎ᠳᠤᠷᠠᠳᠬᠤ ᠦᠭᠡᠢ᠂ ᠳᠤᠲᠠᠭᠤ ᠬᠡᠷᠡᠭᠵᠢᠭᠦᠯᠬᠦ ᠦᠭᠡᠢ᠂ ᠥᠭᠡᠷᠡᠲᠦᠭᠦᠯᠦᠨ ᠬᠤᠪᠢᠷᠠᠭᠤᠯᠬᠤ ᠦᠭᠡᠢ ᠪᠠᠢᠵᠦ᠂ ᠡᠷᠡᠰ ᠪᠠᠲᠤ ᠡᠷᠡᠰ ᠰᠢᠭᠤᠷᠬᠠᠢ᠂ ᠵᠦᠢᠯ ᠵᠤᠷᠪᠤᠰ ᠳᠠᠷᠠᠭᠠᠯᠠᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠵᠤ᠂ ᠴᠡᠭᠴᠡᠯᠡᠨ ᠰᠠᠢᠵᠢᠷᠠᠭᠤᠯᠤᠭᠰᠠᠨ ᠦᠨᠡᠨ ᠪᠣᠳᠠᠲᠠᠢ ᠦᠷ᠎ᠡ ᠪᠦᠲᠦᠮᠵᠢ᠎ᠪᠡᠷ ᠶᠡᠷᠦᠩᠬᠡᠢ ᠱᠦᠵᠢ ᠰᠢ᠎ᠶᠢᠨ ᠫᠢᠩ᠂ ᠨᠠᠮ᠎ᠤᠨ ᠲᠥᠪ ᠬᠣᠷᠢᠶ᠎ᠠ᠎ᠳᠤ ᠲᠠᠩᠰᠠ ᠲᠤᠰᠢᠶᠠᠵᠤ ᠬᠠᠷᠢᠭᠤᠯᠳᠠ ᠵᠢᠨ ᠬᠠᠭᠤᠳᠠᠰᠦ ᠲᠤᠰᠢᠶᠠᠬᠤ ᠬᠡᠷᠡᠭᠲᠡᠢ᠃ ᠴᠡᠭᠴᠡᠯᠡᠨ ᠰᠠᠢᠵᠢᠷᠠᠭᠤᠯᠬᠤ᠎ᠶᠢ ᠨᠠᠢᠳᠠᠪᠤᠷᠢᠵᠢᠭᠤᠯᠬᠤ ᠲᠥᠰᠥᠯ᠎ᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠲᠥᠪ᠎ᠦᠨ ᠲᠣᠭᠣᠷᠢᠨ ᠪᠠᠢᠴᠠᠭᠠᠯᠲᠠ ᠳ᠋ᠦ ᠵᠢᠭᠠᠵᠤ ᠭᠠᠷᠭᠠᠭᠰᠠᠨ ᠠᠰᠠᠭᠤᠳᠠᠯ᠂ ᠳᠤᠷᠠᠳᠤᠭᠰᠠᠨ ᠰᠠᠨᠠᠯ᠎ᠢ ᠨᠢᠭᠡᠳ ᠨᠢᠭᠡ᠎ᠪᠡᠷ ᠰᠤᠳᠤᠯᠤᠨ ᠵᠠᠳᠠᠯᠵᠤ᠂ ᠲᠡᠷᠡ ᠳᠠᠷᠤᠢ ᠳ᠋ᠤᠨᠢ ᠬᠡᠷᠡᠭᠵᠢᠭᠦᠯᠵᠦ ᠲᠡᠷᠡ ᠳᠠᠷᠤᠢ ᠳ᠋ᠤᠨᠢ ᠥᠭᠡᠷᠡᠴᠢᠯᠡᠬᠦ᠂ ᠱᠠᠲᠤ ᠬᠤᠪᠢᠶᠠᠨ ᠴᠡᠭᠴᠡᠯᠡᠨ ᠰᠠᠢᠵᠢᠷᠠᠭᠤᠯᠬᠤ᠂ ᠤᠷᠳᠤ ᠬᠤᠭᠤᠴᠠᠭ᠎ᠠ᠎ᠪᠠᠷ ᠴᠡᠭᠴᠡᠯᠡᠨ ᠰᠠᠢᠵᠢᠷᠠᠭᠤᠯᠬᠤ ᠡᠭᠦᠷᠭᠡ᠎ᠶᠢ ᠲᠦᠷᠦᠯ ᠬᠤᠪᠢᠶᠠᠨ ᠡᠮᠬᠢᠯᠡᠨ ᠭᠠᠷᠭᠠᠵᠤ᠂ ᠠᠰᠠᠭᠤᠳᠠᠯ᠎ᠤᠨ ᠨᠠᠷᠢᠨ ᠳᠠᠨᠭᠰᠠ᠂ ᠬᠠᠷᠢᠭᠤᠴᠠᠯᠭ᠎ᠠ᠎ᠶᠢᠨ ᠨᠠᠷᠢᠨ ᠳᠠᠨᠭᠰᠠ᠂ ᠡᠭᠦᠷᠭᠡ᠎ᠶᠢᠨ ᠨᠠᠷᠢᠨ ᠳᠠᠨᠭᠰᠠ᠎ᠶᠢ ᠪᠠᠢᠭᠤᠯᠵᠤ᠂ ᠴᠡᠭᠴᠡᠯᠡᠨ ᠰᠠᠢᠵᠢᠷᠠᠭᠤᠯᠬᠤ ᠠᠵᠢᠯ᠎ᠢ ᠬᠦᠴᠦᠲᠡᠢ ᠪᠥᠭᠡᠳ ᠡᠮᠬᠢ ᠵᠢᠷᠤᠮ᠎ᠲᠠᠢ ᠠᠬᠢᠭᠤᠯᠬᠤ᠎ᠶᠢ ᠪᠠᠲᠤᠯᠠᠬᠤ ᠬᠡᠷᠡᠭᠲᠡᠢ᠃ ᠬᠤᠷᠳᠤᠴᠠ᠎ᠪᠠᠨ ᠲᠦᠷᠭᠡᠳᠬᠡᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ ᠴᠡᠭᠴᠡᠯᠡᠨ ᠥᠭᠡᠷᠡᠴᠢᠯᠡᠵᠦ ᠨᠠᠢᠳᠠᠪᠤᠷᠢᠵᠢᠭᠤᠯᠬᠤ᠎ᠶᠢ ᠠᠬᠢᠭᠤᠯᠵᠤ᠂ ᠨᠥᠬᠥᠴᠡᠯ ᠪᠦᠷᠢᠳᠦᠭᠰᠡᠨ᠂ ᠳᠠᠷᠤᠢᠬᠠᠨ ᠥᠭᠡᠷᠡᠴᠢᠯᠡᠵᠦ ᠪᠤᠯᠬᠤ ᠵᠢ ᠨᠢ ᠲᠡᠷᠡ ᠳᠠᠷᠤᠢ᠎ᠳᠤᠨᠢ ᠴᠡᠭᠴᠡᠯᠡᠨ ᠰᠠᠢᠵᠢᠷᠠᠭᠤᠯᠤᠨ᠂ ᠠᠬᠢᠴᠠ᠎ᠪᠠᠨ ᠲᠦᠷᠭᠡᠳᠬᠡᠵᠤ᠂ ᠬᠡᠰᠡᠭ ᠬᠤᠭᠤᠴᠠᠭᠠᠨ᠎ᠳᠤ ᠪᠡᠶᠡᠯᠡᠭᠦᠯᠬᠦ ᠴᠢᠬᠤᠯᠠᠲᠠᠢ᠎ᠶᠢ ᠨᠢ ᠴᠠᠭ ᠬᠤᠭᠤᠴᠠᠭ᠎ᠠ᠎ᠶᠢ ᠨᠢ ᠲᠣᠳᠣᠷᠬᠠᠢᠯᠠᠨ᠂ ᠠᠯᠬᠤᠮ ᠳᠠᠷᠠᠭ᠎ᠠ᠎ᠲᠠᠢ ᠠᠬᠢᠭᠤᠯᠵᠤ᠂ ᠣᠷᠳᠣ᠌ ᠬᠤᠭᠤᠴᠠᠭ᠎ᠠ᠎ᠪᠠᠷ ᠴᠡᠭᠴᠡᠯᠡᠨ ᠰᠠᠢᠵᠢᠷᠠᠭᠤᠯᠬᠤ ᠴᠢᠬᠤᠯᠠᠲᠠᠢ᠎ᠶᠢ ᠨᠢ ᠰᠤᠯᠠᠷᠠᠭᠤᠯᠤᠯ ᠦᠭᠡᠢ ᠠᠳᠬᠤᠨ᠂ ᠦᠷᠭᠦᠯᠵᠢᠯᠡᠨ ᠪᠣᠭᠣᠮᠲᠠ ᠰᠢᠪᠲᠤᠯᠵᠤ᠂ ᠨᠢᠭᠡᠳ ᠨᠢᠭᠡ᠎ᠪᠡᠷ ᠨᠠᠢᠳᠠᠪᠤᠷᠢᠵᠢᠭᠤᠯᠤᠨ᠂ ᠵᠤᠷᠪᠤᠰ ᠵᠤᠷᠪᠤᠰ᠎ᠢᠶᠡᠷ ᠰᠠᠢᠵᠢᠷᠠᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠵᠤ᠂ ᠡᠯ᠎ᠡ ᠲᠠᠯ᠎ᠠ᠎ᠶᠢᠨ ᠴᠡᠭᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢᠵᠢᠭᠤᠯᠵᠤ᠂ ᠴᠡᠭᠴᠡᠯᠡᠨ ᠰᠠᠢᠵᠢᠷᠠᠭᠤᠯᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠡᠳᠦᠷ ᠲᠤᠲᠤᠮ᠎ᠤᠨ ᠬᠢᠨᠠᠯᠲᠠ ᠪᠡᠨ ᠴᠢᠩᠭᠠᠳᠬᠠᠵᠤ᠂ ᠡᠯ᠎ᠡ ᠵᠦᠢᠯ᠎ᠦᠨ ᠴᠡᠭᠴᠡᠯᠡᠨ ᠰᠠᠢᠵᠢᠷᠠᠭᠤᠯᠬᠤ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠪᠣᠯ ᠡᠭᠦᠷᠭᠡ ᠪᠥᠭᠡᠳ ᠠᠵᠠ ᠲᠣᠬᠢᠶᠠᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠲᠣᠭᠣᠷᠢᠨ ᠪᠠᠢᠴᠠᠭᠠᠭ᠍ᠰᠠᠨ ᠦᠷ᠎ᠡ ᠪᠦᠲᠦᠭᠡᠯ᠎ᠢ ᠦᠨᠡᠨ ᠬᠦ᠌ ᠰᠠᠢᠲᠤᠷ ᠠᠱᠢᠭ᠍ᠯᠠᠵᠤ᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠂ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠤᠬᠠᠭᠠᠯᠠᠨ ᠲᠦᠯᠦᠪᠯᠡᠵᠦ ᠠᠬᠢᠭᠤᠯᠬᠤ᠎ᠲᠠᠶ ᠤᠶᠠᠯᠳᠤᠭᠤᠯᠵᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌᠂ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠴᠢᠩᠭᠠᠳᠭᠠᠬᠤ ᠵᠢᠨ ᠴᠢᠬᠤᠯᠠ ᠭᠠᠷᠳᠠᠴᠠ ᠪᠣᠯᠭᠠᠵᠤ᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ 《ᠰᠡᠭᠦᠯᠴᠢ᠎ᠶ᠋ᠢᠨ ᠠᠵᠢᠯ》 ᠢ᠋ ᠭᠦᠨᠵᠡᠭᠡᠶ ᠠᠬᠢᠭᠤᠯᠤᠨ ᠪᠣᠳᠠᠲᠠᠶ ᠬᠢᠵᠦ᠂ ᠴᠡᠭ᠌ᠴᠡᠯᠡᠨ ᠰᠠᠢᠵᠢᠷᠠᠭᠤᠯᠬᠤ ᠪᠣᠳᠠᠲᠤ ᠦᠷ᠎ᠡ ᠪᠦᠲᠦᠮᠵᠢ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号