ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠥᠬᠥᠶ ᠴᠢᠬᠤᠯᠠ ᠶᠠᠷᠢᠶ᠎ᠠ ᠴᠢᠬᠤᠯᠠ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠪᠠ
2025-12-06 09:47:22
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ᠎ᠢ ᠡᠷᠭᠢᠯᠡᠪᠡ


12 ᠰᠠᠷ᠎ᠠ᠎ᠶ᠋ᠢᠨ 5 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠦᠬᠦᠢ ᠴᠢᠬᠤᠯᠠ ᠶᠠᠷᠢᠶ᠎ᠠ ᠴᠢᠬᠤᠯᠠ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠥᠪ᠎ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠣᠷᠢᠨ ᠭᠤᠷᠪᠠᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ 《ᠲᠠᠪᠤ᠎ᠶ᠋ᠢ ᠪᠠᠷᠢᠮᠲᠠᠯᠠᠬᠤ》 ᠡᠷᠬᠢᠮ ᠨᠠᠨᠳᠢᠨ ᠲᠤᠷᠱᠢᠯᠭ᠎ᠠ᠎ᠶ᠋ᠢ ᠰᠠᠢᠲᠤᠷ ᠠᠱᠢᠭ᠍ᠯᠠᠵᠤ᠂ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠬᠦᠷᠢᠶᠡᠨ᠎ᠦ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠰᠦᠯᠵᠢᠶᠡᠨ᠎ᠦ ᠠᠮᠢ ᠠᠬᠤᠢ᠎ᠶ᠋ᠢᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠰᠤᠷᠲᠠᠯ ᠴᠢᠬᠡᠴᠢ ᠣᠪᠣᠷ ᠲᠥᠪ ᠰᠦᠯᠵᠢᠶᠡᠨ᠎ᠦ ᠣᠷᠣᠨ ᠵᠠᠢ᠎ᠶ᠋ᠢᠨ ᠦᠢᠯᠡᠴᠢᠯᠡᠭᠡ᠎ᠪᠡᠷ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠬᠤ ᠬᠡᠷᠡᠭ᠌ᠲᠡᠢ᠃  ᠰᠦᠯᠵᠢᠶᠡᠨ᠎ᠦ ᠠᠮᠢ ᠠᠬᠤᠢ᠎ᠶ᠋ᠢᠨ ᠵᠠᠰᠠᠯᠲᠠ᠎ᠳᠡᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠰᠦᠯᠵᠢᠶᠡᠨ᠎ᠦ ᠶᠡᠷᠦᠩᠬᠡᠢᠯᠡᠭ᠌ᠰᠡᠨ ᠵᠠᠰᠠᠯᠲᠠ᠎ᠶ᠋ᠢᠨ ᠪᠠᠢᠷᠢᠱᠢᠯ᠎ᠢ ᠪᠦᠷᠢᠨᠱᠢᠬᠦᠯᠵᠤ᠂ ᠵᠠᠰᠠᠯᠲᠠ᠎ᠶ᠋ᠢᠨ ᠬᠠᠮᠲᠤᠷᠠᠯ ᠬᠦᠴᠦᠨ᠎ᠢ ᠦᠨᠡᠨ ᠬᠦ᠌ ᠪᠦᠷᠢᠯᠳᠦᠭᠦᠯᠬᠦ᠌ ᠬᠡᠷᠡᠭ᠌ᠲᠡᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠡᠷᠭᠡ ᠵᠢᠨ ᠰᠦᠯᠵᠢᠶᠡᠨ ᠳᠡᠭᠡᠷᠡᠬᠢ ᠤᠬᠠᠭᠤᠯᠭ᠎ᠠ ᠮᠡᠳᠡᠭᠡᠯᠡᠯ᠎ᠢ ᠰᠠᠢᠲᠤᠷ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠱᠢᠵᠢᠮ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠦᠯᠵᠢᠶᠡᠨ᠎ᠦ ᠠᠭᠤᠯᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠶᠡᠬᠡ᠎ᠪᠡᠷ ᠪᠠᠳᠠᠷᠠᠭᠤᠯᠵᠤ᠂ ᠨᠡᠩ ᠤᠯᠠᠨ ᠠᠭᠤᠯᠤᠭ᠍ᠳᠠᠬᠤᠨ᠎ᠲᠠᠶ᠂ ᠬᠠᠢᠷ᠎ᠠ ᠰᠡᠳᠭᠢᠯᠭᠡ᠎ᠲᠡᠶ᠂ ᠨᠥᠯᠥᠭᠡ᠎ᠲᠡᠶ ᠰᠦᠯᠵᠢᠶᠡᠨ᠎ᠦ ᠪᠦᠲᠦᠭᠡᠯ᠎ᠢ ᠭᠠᠷᠭᠠᠬᠤ ᠬᠡᠷᠡᠭ᠌ᠲᠡᠢ᠃ ᠡᠯ᠎ᠡ ᠱᠠᠲᠤᠨ᠎ᠤ ᠰᠦᠯᠵᠢᠶᠡᠨ᠎ᠦ ᠵᠠᠭᠤᠴᠢᠯᠠᠭᠤᠷ᠎ᠤᠨ ᠲᠠᠪᠴᠠᠩ᠎ᠤᠨ ᠪᠦᠬᠦ᠌ ᠬᠡᠯᠬᠢᠶ᠎ᠡ᠎ᠶ᠋ᠢ ᠬᠠᠤᠯᠢ ᠶᠣᠰᠣᠭᠠᠷ ᠬᠠᠮᠢᠶᠠᠷᠬᠤ᠎ᠶ᠋ᠢ ᠴᠢᠩᠭᠠᠳᠭᠠᠵᠤ᠂ ᠨᠡᠢᠭᠡᠮ᠎ᠦᠨ ᠬᠡᠪ ᠰᠤᠷᠲᠠᠯ᠎ᠢ ᠪᠣᠬᠢᠷᠲᠤᠭᠤᠯᠤᠭ᠍ᠰᠠᠨ᠂ ᠤᠯᠠᠨ ᠲᠦᠮᠡᠨ᠎ᠦ ᠠᠱᠢᠭ ᠲᠤᠰᠠ᠎ᠳᠤ ᠬᠠᠯᠳᠠᠭ᠍ᠰᠠᠨ ᠵᠡᠷᠭᠡ ᠲᠤᠪᠤᠢ᠌ᠮ᠎ᠠ ᠠᠰᠠᠭᠤᠳᠠᠯ᠎ᠳᠤ ᠶᠡᠬᠡ᠎ᠪᠡᠷ ᠴᠣᠬᠢᠯᠲᠠ ᠥᠭ᠌ᠴᠦ᠂ ᠰᠦᠯᠵᠢᠶᠡᠨ᠎ᠦ ᠠᠮᠢ ᠠᠬᠤᠢ᠎ᠶ᠋ᠢᠨ ᠡᠮᠬᠢ ᠵᠠᠮᠪᠠᠷᠠᠭ᠎ᠠ ᠦᠭᠡᠢ ᠪᠠᠢᠳᠠᠯ᠎ᠢ ᠴᠢᠩᠭ᠎ᠠ ᠴᠡᠭ᠌ᠴᠡᠯᠡᠨ ᠵᠠᠰᠠᠬᠤ ᠬᠡᠷᠡᠭ᠌ᠲᠡᠢ᠃ ᠲᠤᠮᠤ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠱᠢᠨ᠎ᠡ ᠮᠡᠷᠭᠡᠵᠢᠯ᠎ᠢ ᠢᠳᠡᠪᠬᠢᠲᠡᠢ ᠠᠱᠢᠭ᠍ᠯᠠᠵᠤ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠡᠯᠧᠺᠲ᠋ᠷᠣᠨ ᠵᠠᠰᠠᠭ᠎ᠤᠨ ᠶᠠᠪᠤᠳᠠᠯ᠎ᠢ ᠲᠦᠷᠭᠡᠨ ᠬᠥᠭ᠌ᠵᠢᠭᠦᠯᠬᠦ᠌ ᠬᠡᠷᠡᠭ᠌ᠲᠡᠢ᠃ ᠥᠷᠭᠡᠨ ᠤᠯᠠᠨ ᠺᠠᠳ᠋ᠷ᠎ᠤᠨ ᠰᠦᠯᠵᠢᠶ᠎ᠡ᠎ᠶ᠋ᠢᠨ ᠮᠡᠳᠡᠯᠭᠡ ᠵᠢ ᠰᠤᠷᠤᠯᠴᠠᠬᠤ᠂ ᠰᠦᠯᠵᠢᠶ᠎ᠡ᠎ᠶ᠋ᠢ ᠣᠢᠯᠠᠭᠠᠬᠤ᠂ ᠰᠦᠯᠵᠢᠶ᠎ᠡ᠎ᠶ᠋ᠢ ᠬᠡᠷᠡᠭ᠌ᠯᠡᠬᠦ᠌ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠰᠦᠯᠵᠢᠶᠡᠨ᠎ᠦ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠭᠠᠨ᠂ ᠰᠦᠯᠵᠢᠶᠡᠨ᠎ᠦ ᠠᠮᠢ ᠠᠬᠤᠢ᠎ᠶ᠋ᠢᠨ ᠵᠠᠰᠠᠯᠲᠠ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠬᠣᠯᠪᠣᠭᠠᠲᠤ ᠬᠤᠷᠠᠯ᠎ᠤᠨ ᠭᠤᠷᠪᠠᠳᠤᠭᠠᠷ ᠬᠤᠭᠤᠴᠠᠭᠠᠨ᠎ᠤ ᠭᠡᠱᠢᠭᠦᠳ᠎ᠦᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠢᠯᠡᠭᠡᠭ᠌ᠰᠡᠨ ᠪᠠᠶᠠᠷ᠎ᠤᠨ ᠵᠠᠬᠢᠳᠠᠯ᠎ᠢ ᠤᠯᠠᠮᠵᠢᠯᠠᠨ ᠰᠤᠷᠤᠯᠴᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠲᠡᠬᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠥᠷᠭᠡᠨ ᠣᠯᠠᠨ ᠰᠠᠢᠨ ᠲᠤᠷᠠᠴᠤᠳ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠲᠠᠳ᠎ᠢ ᠳᠠᠢᠴᠢᠯᠠᠨ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌᠂ ᠠᠷᠠᠳ ᠲᠦᠮᠡᠨ ᠠᠷᠠᠳ᠎ᠤᠨ ᠠᠮᠢᠳᠤᠷᠠᠯ᠎ᠳᠤ ᠦᠶ᠋ᠯᠡᠴᠢᠯᠡᠬᠦ᠌᠂ ᠨᠡᠢᠭᠡᠮ᠎ᠦᠨ ᠵᠠᠰᠠᠯᠲᠠ᠎ᠳᠤ ᠦᠶ᠋ᠯᠡᠴᠢᠯᠡᠬᠦ᠌᠎ᠳᠦ ᠢᠳᠡᠪᠬᠢᠲᠡᠶ ᠣᠷᠣᠯᠴᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠵᠠᠮ᠎ᠢ ᠲᠦᠷᠭᠡᠨ ᠨᠡᠭᠡᠭᠡᠬᠦ᠌ ᠭᠠᠯ ᠬᠠᠯᠠᠭᠤᠨ ᠦᠶ᠋ᠯᠡᠳᠦᠯᠭᠡ᠎ᠳᠦ ᠣᠷᠣᠯᠴᠠᠭᠤᠯᠬᠤ ᠬᠡᠷᠡᠭ᠌ᠲᠡᠶ᠃ ᠰᠠᠢ᠌ᠨ ᠳᠤᠷ᠎ᠠ᠎ᠶ᠋ᠢᠨ ᠵᠣᠷᠢᠭ ᠰᠠᠨᠠᠭ᠎ᠠ ᠪᠠ ᠯᠸᠢ ᠹᠸᠩ᠎ᠤᠨ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠰᠠᠢᠨ ᠲᠤᠷᠠᠴᠤᠳ᠎ᠤᠨ ᠨᠡᠢᠲᠡᠯᠢᠭ ᠦᠢᠯᠡ ᠠᠵᠢᠯᠯᠠᠭ᠎ᠠ᠎ᠶ᠋ᠢ ᠥᠷᠭᠡᠨ᠎ᠢᠶᠡᠷ ᠤᠬᠠᠭᠤᠯᠤᠨ᠂ ᠨᠡᠢᠭᠡᠮ ᠳᠠᠶᠠᠭᠠᠷ᠎ᠲᠤ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠦ ᠣᠷᠣᠯᠴᠠᠬᠤ᠎ᠶ᠋ᠢ ᠳᠡᠮᠵᠢᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ 《ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯᠯᠠᠬᠤ ᠬᠣᠷᠢᠶ᠎ᠠ᠎ᠶ᠋ᠢᠨ ᠠᠵᠢᠯ᠎ᠤᠨ ᠠᠷᠭ᠎ᠠ(ᠲᠤᠷᠱᠢᠨ ᠬᠡᠷᠡᠭ᠌ᠵᠢᠭᠦᠯᠬᠦ᠌)》 ᠶ᠋ᠢ ᠬᠢᠨᠠᠨ ᠵᠥᠪᠯᠡᠪᠡ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号