ᠲᠤᠰᠢᠶᠠᠯ᠎ᠳᠦ ᠲᠣᠮᠢᠯᠠᠬᠤ᠎ᠪᠠᠷ ᠪᠠᠢᠭ᠎ᠠ ᠺᠠᠳ᠋ᠷ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
2025-12-06 10:15:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠡᠮᠵᠢᠨ᠂ ᠳᠡᠪᠰᠢᠭᠦᠯᠬᠦ ᠪᠠ ᠤᠯᠠᠮ ᠨᠢᠭᠡ ᠠᠯᠬᠤᠮ ᠬᠡᠷᠡᠭᠯᠡᠬᠦ᠎ᠪᠡᠷ ᠪᠠᠢᠭ᠎ᠠ ᠳᠣᠣᠷᠠᠬᠢ 4 ᠺᠠᠳ᠋ᠷ᠎ᠢ ᠢᠯᠡ ᠨᠡᠢᠲᠡᠯᠡᠬᠦ᠎ᠪᠡᠷ ᠲᠣᠭᠲᠠᠪᠠ᠃

ᠨᠢᠭᠡ᠂ ᠢᠯᠡ ᠨᠡᠢᠲᠡᠯᠡᠬᠦ ᠨᠡᠷᠡᠰ

ᠶᠦᠨ ᠫᠸᠩ ᠭᠠᠩ᠂ ᠡᠷᠡᠭᠲᠡᠢ᠂ ᠮᠣᠩᠭᠣᠯ ᠦᠨᠳᠦᠰᠦᠲᠡᠨ᠂ 1976 ᠣᠨ᠎ᠤ 2 ᠰᠠᠷ᠎ᠠ᠎ᠳᠤ ᠲᠦᠷᠦᠵᠠᠢ᠂ ᠠᠰᠫᠢᠷᠠᠨᠲ᠂ ᠢᠨᠵᠧᠨᠧᠷᠢᠩ᠎ᠦᠨ ᠤᠬᠠᠭᠠᠨ᠎ᠤ ᠮᠠᠰᠲᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ᠂ ᠬᠡᠷᠡᠭ ᠮᠡᠳᠡᠭᠴᠢ᠎ᠶᠢᠨ ᠲᠤᠰᠢᠶᠠᠯ᠎ᠢ ᠡᠭᠦᠷᠭᠡᠯᠡᠵᠤ ᠪᠤᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠤᠳᠤᠷᠢᠳᠬᠤ ᠪᠠᠭ᠎ᠢ ᠰᠢᠭᠤᠳ ᠬᠠᠮᠢᠶᠠᠷᠴᠦ ᠪᠠᠢᠭ᠎ᠠ ᠠᠵᠤ ᠠᠬᠤᠢᠯᠠᠯ᠎ᠤᠨ ᠵᠢᠩᠬᠢᠨᠢ ᠲᠤᠰᠢᠶᠠᠯ᠎ᠳᠤ ᠲᠣᠮᠢᠯᠠᠬᠤ᠎ᠪᠠᠷ ᠪᠤᠢ;

ᠵᠤᠤ ᠵᠢᠶᠦ᠋ᠨ ᠯᠢᠩ᠂ ᠡᠷᠡᠭᠲᠡᠢ᠂ ᠬᠢᠲᠠᠳ ᠦᠨᠳᠦᠰᠦᠲᠡᠨ᠂ 1971 ᠣᠨ᠎ᠤ 7 ᠰᠠᠷ᠎ᠠ᠎ᠳᠤ ᠲᠦᠷᠦᠵᠠᠢ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠪᠠᠶᠠᠨᠨᠠᠭᠤᠷ ᠬᠤᠳᠠ᠎ᠶᠢᠨ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠯᠢᠨ ᠾᠧ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠱᠦᠵᠢ᠎ᠶᠢᠨ ᠲᠤᠰᠢᠶᠠᠯ᠎ᠢ ᠡᠭᠦᠷᠭᠡᠯᠡᠵᠤ ᠪᠤᠢ᠂ ᠠᠢᠮᠠᠭ ᠬᠤᠳᠠ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ᠎ᠶᠢᠨ ᠲᠤᠰᠢᠶᠠᠯ᠎ᠳᠤ ᠲᠣᠮᠢᠯᠠᠬᠤ᠎ᠪᠠᠷ ᠪᠤᠢ;

ᠵᠢᠶᠠ ᠵᠢᠶᠸ᠂ ᠡᠷᠡᠭᠲᠡᠢ᠂ ᠬᠢᠲᠠᠳ ᠦᠨᠳᠦᠰᠦᠲᠡᠨ᠂ 1972 ᠣᠨ᠎ᠤ 3 ᠰᠠᠷ᠎ᠠ᠎ᠳᠤ ᠲᠦᠷᠦᠵᠠᠢ᠂ ᠠᠵᠢᠯ᠎ᠤᠨ ᠪᠠᠢᠷᠢ ᠳᠡᠭᠡᠷ᠎ᠡ ᠪᠡᠨ ᠰᠤᠷᠤᠯᠴᠠᠭᠰᠠᠨ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠡᠢ᠂ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠮᠠᠰᠲᠧᠷ᠂ ᠳᠡᠭᠡᠳᠦ ᠵᠡᠷᠭᠡ᠎ᠶᠢᠨ ᠨᠠᠢᠷᠠᠭᠤᠯᠤᠭ᠍ᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠬᠣᠷᠢᠶᠠᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠤ ᠪᠤᠢ᠂ ᠠᠢᠮᠠᠭ ᠬᠤᠳᠠ᠎ᠶᠢᠨ ᠨᠠᠮ᠎ᠤᠨ ᠬᠣᠷᠢᠶ᠎ᠠ᠎ᠶᠢᠨ ᠳᠡᠳ᠋ ᠲᠤᠰᠢᠶᠠᠯ᠎ᠳᠤ ᠲᠣᠮᠢᠯᠠᠬᠤ᠎ᠪᠠᠷ ᠪᠤᠢ;

ᠯᠢᠩ ᠶᠦᠨ᠂ ᠡᠮᠡᠭᠲᠡᠢ᠂ ᠣᠷᠴᠣᠨ ᠦᠨᠳᠦᠰᠦᠲᠡᠨ᠂ 1972 ᠣᠨ᠎ᠤ 5 ᠰᠠᠷ᠎ᠠ᠎ᠳᠤ ᠲᠦᠷᠦᠵᠠᠢ᠂ ᠲᠥᠪ᠎ᠦᠨ ᠨᠠᠮ᠎ᠤᠨ ᠰᠤᠷᠭᠠᠭᠤᠯᠢ᠎ᠶᠢᠨ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠲᠠᠷ ᠲᠡᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠮᠠᠨᠵᠤᠤᠷ ᠬᠤᠳᠠ᠎ᠶᠢᠨ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ᠎ᠶᠢᠨ ᠲᠤᠰᠢᠶᠠᠯ᠎ᠢ ᠡᠭᠦᠷᠭᠡᠯᠡᠵᠤ ᠪᠤᠢ᠂ ᠠᠢᠮᠠᠭ ᠬᠤᠳᠠ᠎ᠶᠢᠨ ᠨᠠᠮ᠎ᠤᠨ ᠬᠣᠷᠢᠶ᠎ᠡ ᠵᠢᠨ ᠳᠡᠳ᠋ ᠲᠤᠰᠢᠶᠠᠯ᠎ᠳᠤ ᠲᠣᠮᠢᠯᠠᠬᠤ᠎ᠪᠤᠢ᠃

ᠬᠣᠶᠠᠷ᠂ ᠢᠯᠡ ᠨᠡᠢᠲᠡᠯᠡᠬᠦ ᠴᠠᠭ

ᠢᠯᠡ ᠨᠡᠢᠲᠡᠯᠡᠬᠦ ᠴᠠᠭ ᠨᠢ 2025 ᠣᠨ᠎ᠤ 12 ᠰᠠᠷ᠎ᠠ᠎ᠶᠢᠨ 6 ᠡᠴᠡ 2025 ᠣᠨ᠎ᠤ 12 ᠰᠠᠷ᠎ᠠ᠎ᠶᠢᠨ 12 ᠎ᠤ᠋ᠨ ᠡᠳᠦᠷ ᠪᠣᠯᠲᠠᠯ᠎ᠠ᠃

ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠭᠡᠯᠪᠡᠷᠢ

ᠪᠠᠢᠭᠤᠯᠭ᠎ᠠ ᠪᠠ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠬᠡᠯᠪᠡᠷᠢ ᠪᠡᠷ ᠳᠡᠭᠡᠷᠡᠬᠢ ᠢᠯᠡ ᠨᠡᠢᠲᠡᠯᠡᠭᠰᠡᠨ ᠬᠦᠮᠦᠰ᠎ᠦᠨ ᠬᠣᠯᠪᠣᠭᠳᠠᠯ ᠪᠦᠬᠦᠢ ᠪᠠᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠳᠦ ᠪᠠᠢᠴᠠᠭᠠᠯᠳᠠ ᠬᠢᠵᠤ ᠬᠢᠨᠠᠨ ᠲᠤᠳᠤᠯᠠᠬᠤ᠎ᠳᠦ ᠲᠥᠬᠥᠮ ᠪᠤᠯᠭᠠᠬᠤ ᠵᠢᠨ ᠲᠥᠯᠥᠭᠡ᠂ ᠠᠰᠠᠭᠤᠳᠠᠯ᠎ᠢ ᠲᠤᠰᠬᠠᠬᠤ᠎ᠳᠠᠭᠠᠨ ᠬᠣᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯᠯᠠᠵᠤ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠶᠢ ᠬᠠᠩᠭᠠᠭᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠵᠤ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ᠂ ᠬᠢᠨᠠᠨ ᠳᠤᠲᠤᠯᠠᠭᠰᠠᠨ ᠪᠠᠢᠳᠠᠯ᠎ᠢ ᠴᠠᠭ ᠲᠤᠬᠠᠢ ᠳ᠋ᠤᠨᠢ ᠬᠠᠷᠢᠭᠤ ᠲᠤᠰᠬᠠᠨ᠎ᠠ᠃

ᠬᠦᠯᠢᠶᠡᠨ ᠠᠪᠴᠦ ᠰᠢᠢᠳᠪᠦᠷᠢᠯᠡᠬᠦ ᠴᠠᠭ᠄ ᠠᠵᠢᠯᠯᠠᠬᠤ ᠡᠳᠦᠷ᠎ᠦᠨ ᠦᠳᠡ᠎ᠶᠢᠨ ᠡᠮᠦᠨ᠎ᠡ 9᠄ 00 ︱ 12᠄ 00  ᠦᠳᠡ᠎ᠶᠢᠨ ᠬᠣᠢᠨ᠎ᠡ 13᠄ 30 ︱ 17᠄ 00

ᠬᠦᠯᠢᠶᠡᠨ ᠠᠪᠴᠦ ᠰᠢᠢᠳᠪᠦᠷᠢᠯᠡᠬᠦ ᠤᠲᠠᠰᠤ᠄ (0471) 12380

ᠵᠠᠬᠢᠳᠠᠯ ᠢᠷᠡᠭᠦᠯᠬᠦ ᠬᠠᠶᠢᠭ᠋᠄ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠴᠡᠯᠡᠭᠡᠷ ᠲᠠᠯ᠎ᠠ ᠵᠡᠭᠡᠯᠢ᠎ᠶᠢᠨ 1 ᠳ᠋ᠤᠭᠡᠷ ᠨᠣᠮᠧᠷᠲᠦ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ ᠲᠥᠪ (ᠰᠢᠤᠳᠠᠨ ᠨᠤᠮᠸᠷ᠄ 010098)

ᠢᠯᠡᠴᠢᠯᠡᠨ ᠮᠡᠳᠡᠭᠦᠯᠬᠦ ᠰᠦᠯᠵᠢᠶᠡᠨ᠎ᠦ ᠬᠠᠶᠢᠭ᠋᠄ 12380.nmgdj.gov.cn

ᠣᠨᠴᠠᠭᠠᠢᠯᠠᠨ ᠵᠠᠷᠯᠠᠪᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ

             2025 ᠤᠨ᠎ᠤ 12 ᠰᠠᠷ᠎ᠠ ᠵᠢᠨ 5᠎ᠤ᠋ ᠡᠳᠦᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号