ᠥᠪᠥᠷ ᠮᠣᠩᠭᠣᠯ ᠭᠤᠴᠢᠨ ᠲᠦᠷᠪᠡᠳ᠋ᠡᠬᠢ ᠤᠯᠠᠨ ᠤᠯᠤᠰ᠎ᠤᠨ ᠵᠡᠮᠳᠡᠭ᠌ᠴᠦᠳ᠎ᠦᠨ ᠡᠳᠦᠷ᠎ᠦᠨ ᠱᠢᠷᠢᠰ ᠠᠵᠢᠯᠯᠠᠭ᠎ᠠ ᠥᠷᠨᠢᠭᠦᠯᠪᠡ
2025-12-06 10:08:39
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠂ ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠬᠠᠮᠲᠤᠷᠠᠨ ᠡᠷᠭᠢᠯᠡᠭ᠌ᠰᠡᠨ ᠥᠪᠥᠷ ᠮᠣᠩᠭᠣᠯ᠎ᠤᠨ ᠭᠤᠴᠢᠨ ᠲᠦᠷᠪᠡᠳ᠋ᠡᠬᠢ ᠣᠯᠠᠨ ᠤᠯᠤᠰ᠎ᠤᠨ ᠵᠡᠮᠳᠡᠭ᠌ᠴᠦᠳ᠎ᠦᠨ ᠡᠳᠦᠷ᠎ᠦᠨ ᠱᠢᠷᠢᠰ ᠠᠵᠢᠯᠯᠠᠭ᠎ᠠ 12 ᠰᠠᠷ᠎ᠠ᠎ᠶ᠋ᠢᠨ 3 ᠎ᠤ᠋ ᠡᠳᠦᠷ ᠬᠥᠬᠡᠬᠣᠲᠠ᠎ᠳᠤ ᠶᠠᠪᠤᠭ᠍ᠳᠠᠪᠠ᠃

ᠠᠵᠢᠯᠯᠠᠭ᠎ᠠ᠎ᠶ᠋ᠢᠨ ᠠᠬᠤᠢ ᠲᠠᠯᠠᠪᠠᠶ᠎ᠳᠤ᠂ ᠠᠵᠤ ᠠᠬᠤᠢᠯᠠᠯ᠎ᠤᠨ ᠲᠥᠯᠥᠭᠡᠯᠡᠭ᠌ᠴᠢᠳ ᠵᠡᠮᠳᠡᠭ᠌ᠴᠦᠳ᠎ᠲᠦ ᠠᠵᠢᠯ ᠣᠯᠭᠣᠭ᠍ᠰᠠᠨ ᠦᠶ᠋ᠯᠡᠳᠦᠯᠭᠡ᠎ᠶ᠋ᠢᠨ ᠲᠤᠷᠱᠢᠯᠭ᠎ᠠ᠎ᠪᠠᠨ ᠬᠤᠪᠢᠶᠠᠯᠴᠠᠵᠤ᠂ ᠠᠵᠢᠯ᠎ᠤᠨ ᠪᠠᠢᠷᠢ᠎ᠶ᠋ᠢᠨ ᠬᠠᠩᠭᠠᠯᠭ᠎ᠠ᠎ᠶ᠋ᠢ ᠦᠷᠭᠦᠯᠵᠢᠯᠡᠨ ᠥᠷᠭᠡᠳᠭᠡᠵᠦ᠂ ᠵᠡᠮᠳᠡᠭ᠌ᠴᠦᠳ᠎ᠲᠦ ᠨᠠᠩ ᠰᠠᠢᠨ ᠠᠵᠢᠯ ᠣᠯᠭᠣᠬᠤ ᠣᠷᠴᠢᠨ ᠨᠥᠬᠥᠴᠡᠯ ᠬᠠᠩᠭᠠᠨ᠎ᠠ ᠭᠡᠵᠦ᠍ ᠢᠯᠡᠳᠭᠡᠪᠡ᠃ ᠵᠡᠮᠳᠡᠭ᠌ᠴᠦᠳ᠎ᠦᠨ ᠲᠥᠯᠥᠭᠡᠯᠡᠭ᠌ᠴᠢ ᠥᠪᠡᠷ᠎ᠦ᠋ᠨ ᠠᠵᠢᠯ ᠣᠯᠤᠭ᠍ᠰᠠᠨ ᠥᠩᠭᠡᠷᠡᠯᠲᠡ᠎ᠪᠡᠨ ᠬᠤᠪᠢᠶᠠᠯᠴᠠᠵᠤ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠦ᠍᠂ ᠲᠣᠭ᠍ᠲᠠᠪᠤᠷᠢᠳᠡᠢ ᠠᠵᠢᠯ ᠤᠯᠬᠤ᠂ ᠨᠡᠢᠭᠡᠮ ᠨᠡᠢᠲᠡ᠎ᠳᠦ ᠠᠭᠤᠰᠤᠯᠴᠠᠬᠤ ᠲᠤᠯᠭᠠᠮ ᠬᠦᠰᠡᠯ ᠡᠷᠡᠮᠡᠯᠵᠡᠯ ᠪᠠ ᠢᠲᠡᠭᠡᠯ ᠵᠣᠷᠢᠭ᠎ᠢᠶᠠᠨ ᠢᠯᠡᠳᠭᠡᠪᠡ᠃ ᠲᠤᠬᠠᠶ᠎ᠶ᠋ᠢᠨ ᠲᠠᠯᠠᠪᠠᠶ᠎ᠳᠤ 2025 ᠣᠨ᠎ᠤ ᠵᠡᠮᠳᠡᠭ᠌ᠴᠦᠳ᠎ᠲᠦ ᠠᠵᠢᠯ ᠣᠯᠭᠣᠬᠤ ᠲᠤᠰᠭᠠᠶ ᠲᠠᠯᠠᠪᠠᠢ ᠠᠵᠢᠯᠲᠠᠨ ᠤᠷᠢᠨ ᠡᠯᠰᠡᠬᠦ᠌ ᠴᠤᠬᠯᠠᠭᠠᠨ᠎ᠢ ᠵᠡᠷᠭᠡ ᠪᠡᠷ ᠥᠷᠨᠢᠭᠦᠯᠵᠦ᠍᠂ ᠮᠠᠰᠢᠨ ᠮᠧᠬᠠᠨᠢᠭ ᠪᠠ ᠡᠯᠧᠺᠲ᠋ᠷᠣᠨ᠂ ᠱᠢᠨ᠎ᠡ ᠡᠨᠧᠷᠭᠢ᠂ ᠤᠶᠤᠨᠴᠢᠯᠠᠭ᠍ᠰᠠᠨ ᠲᠣᠨᠣᠭ᠍ᠯᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠵᠡᠷᠭᠡ ᠠᠵᠢᠯ ᠲᠥᠷᠥᠯ᠎ᠦᠨ 80 ᠭᠠᠷᠤᠶ ᠠᠵᠤ ᠠᠬᠤᠢᠯᠠᠯ ᠣᠷᠣᠯᠴᠠᠵᠤ᠂ ᠨᠡᠢᠲᠡ 1800 ᠱᠢᠬᠠᠮ ᠠᠵᠢᠯ᠎ᠤᠨ ᠪᠠᠢᠷᠢ ᠬᠠᠩᠭᠠᠵᠤ᠂ ᠬᠡᠳᠦᠨ ᠵᠠᠭᠤᠨ ᠵᠡᠮᠳᠡᠭ᠌ᠴᠦᠳ᠎ᠢ ᠤᠷᠤᠯᠴᠠᠭᠤᠯᠵᠠᠢ᠃

ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠡᠴᠡ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ ᠡᠯ᠎ᠡ ᠲᠠᠯ᠎ᠠ᠎ᠶ᠋ᠢᠨ ᠬᠢᠨ᠎ᠲᠡᠶ ᠬᠣᠯᠪᠣᠭᠠᠯᠠᠨ ᠵᠡᠮᠳᠡᠭ᠌ᠴᠦᠳ᠎ᠦᠨ ᠡᠷᠡᠭᠦᠯᠵᠢᠯ᠂ ᠠᠵᠢᠯ ᠣᠯᠭᠣᠯᠲᠠ᠂ ᠡᠷᠬᠡ ᠠᠱᠢᠭ᠎ᠢᠶᠠᠨ ᠬᠠᠮᠠᠭᠠᠯᠠᠬᠤ ᠪᠠᠲᠤᠯᠠᠭ᠎ᠠ᠂ ᠰᠣᠶᠣᠯ ᠲᠠᠮᠢᠷ ᠵᠡᠷᠭᠡ ᠡᠯ᠎ᠡ ᠲᠦᠷᠦᠯ᠎ᠦᠨ ᠠᠵᠢᠯᠯᠠᠭ᠎ᠠ᠎ᠶ᠋ᠢ ᠦᠷᠭᠦᠯᠵᠢᠯᠡᠨ ᠰᠠᠢᠲᠤᠷ ᠥᠷᠨᠢᠭᠦᠯᠵᠦ᠍᠂ ᠪᠦᠬᠦ᠌ ᠲᠠᠯ᠎ᠠ᠎ᠪᠠᠷ᠂ ᠤᠯᠠᠨ ᠬᠠᠷᠠᠭᠠᠰᠤ ᠡᠴᠡ ᠵᠡᠮᠳᠡᠭ᠌ᠴᠦᠳ᠎ᠲᠦ ᠦᠢᠯᠡᠴᠢᠯᠡᠵᠦ᠍᠂ ᠡᠶ᠎ᠡ ᠵᠣᠬᠢᠴᠠᠩᠭᠤᠢ ᠪᠠᠭ᠍ᠲᠠᠭᠠᠮᠵᠢᠲᠠᠢ ᠬᠠᠢᠷ᠎ᠠ ᠬᠠᠯᠠᠮᠵᠢ᠎ᠶ᠋ᠢᠨ ᠱᠢᠰᠲ᠋ᠧᠮ᠎ᠢ ᠪᠠᠢᠭᠤᠯᠤᠨ᠎ᠠ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号