2025 ᠣᠨ᠎ᠤ 《ᠰᠤᠳᠤᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠡᠨ ᠮᠠᠨᠳᠤᠭᠤᠯᠬᠤ》 ᠢᠨᠵᠧᠨᠧᠷᠢᠩ᠎ᠦᠨ ᠲᠥᠷᠥᠯ ᠵᠦᠢᠯ᠎ᠢ ᠬᠢᠨᠠᠨ ᠲᠣᠭᠲᠠᠭᠠᠭᠰᠠᠨ ᠦᠷ᠎ᠡ ᠳ᠋ᠦᠩ᠎ᠤᠨ ᠲᠤᠬᠠᠢ ᠵᠠᠷᠯᠠᠯ
2025-12-07 11:28:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠴᠢᠳᠠᠪᠤᠷᠢᠲᠠᠨ᠎ᠤ ᠠᠵᠢᠯ᠎ᠤᠨ ᠤᠳᠤᠷᠢᠳᠬᠤ ᠳᠤᠭᠤᠢᠯᠠᠩ᠎ᠤᠨ ᠠᠵᠢᠯ᠎ᠤᠨ ᠲᠤᠬᠢᠷᠠᠭᠤᠯᠭ᠎ᠠ ᠪᠡᠷ᠂ 2025 ᠣᠨ᠎ᠤ 《ᠰᠤᠳᠤᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠡᠨ ᠮᠠᠨᠳᠤᠭᠤᠯᠬᠤ》ᠢᠨᠵᠧᠨᠧᠷᠢᠩ ᠨᠢᠭᠡᠨᠳᠡ ᠲᠣᠰ ᠭᠠᠵᠠᠷ ᠣᠷᠣᠨ᠎ᠤ ᠴᠢᠳᠠᠪᠤᠷᠢᠲᠠᠨ ᠬᠥᠮᠥᠵᠢᠭᠦᠯᠬᠦ ᠪᠦᠯᠬᠦᠮ᠎ᠤᠨ 50 ᠲᠥᠷᠥᠯ ᠵᠦᠢᠯ᠎ᠢ  ᠰᠢᠯᠢᠵᠤ ᠰᠣᠩᠭᠣᠨ ᠬᠢᠨᠠᠨ ᠲᠤᠭᠲᠠᠭᠠᠵᠦ᠂ ᠬᠤᠪᠢ ᠬᠥᠮᠥᠨ᠎ᠦ ᠲᠥᠷᠥᠯ ᠵᠦᠢᠯ ᠵᠢᠴᠢ ᠵᠠᠯᠠᠭᠤ ᠣᠷᠣᠢᠯᠠᠭᠰᠠᠨ ᠴᠢᠳᠠᠪᠤᠷᠢᠲᠠᠨ᠎ᠢ ᠲᠤᠰᠬᠠᠢ ᠬᠥᠮᠥᠵᠢᠭᠦᠯᠬᠦ ᠲᠥᠯᠥᠪᠯᠡᠭᠡ 54 ᠬᠦᠮᠦᠨ᠂ ᠤᠶᠠᠨ ᠬᠠᠲᠠᠨ ᠴᠢᠨᠠᠷᠲᠠᠢ᠎ᠪᠠᠷ ᠳᠥᠷᠪᠡᠨ ᠲᠥᠷᠥᠯ᠎ᠡᠴᠡ ᠳᠡᠭᠡᠭᠰᠢᠬᠢ ᠴᠢᠳᠠᠪᠤᠷᠢᠲᠠᠨ᠎ᠤ ᠪᠦᠯᠬᠦᠮ᠎ᠤᠨ 10 ᠲᠥᠷᠥᠯ ᠵᠦᠢᠯ ᠎ᠢ ᠣᠷᠣᠭᠤᠯᠤᠨ ᠠᠪᠴᠢᠷᠠᠵᠤ᠂ ᠡᠷᠡᠰ ᠬᠠᠳᠠᠨ ᠴᠢᠨᠠᠷᠲᠠᠢ ᠪᠡᠷ ᠤᠷᠤᠭᠤᠯᠤᠨ ᠠᠪᠴᠢᠷᠠᠬᠤ ᠪᠤᠶᠤ ᠲᠤᠰᠬᠠᠢ ᠲᠤᠰᠢᠶᠠᠯ ᠵᠢᠡᠷ ᠤᠷᠢᠵᠤ ᠬᠡᠷᠡᠭᠯᠡᠬᠦ ᠳᠥᠷᠪᠡᠨ ᠲᠥᠷᠥᠯ᠎ᠡᠴᠡ ᠳᠡᠭᠡᠭᠰᠢᠬᠢ ᠴᠢᠳᠠᠪᠤᠷᠢᠲᠠᠨ᠎ᠤ ᠪᠦᠯᠬᠦᠮ᠎ᠤᠨ 13 ᠲᠦᠷᠦᠯ ᠵᠦᠢᠯ᠎ᠳᠦ ᠦᠨᠡᠯᠡᠨ ᠵᠢᠱ᠌ᠢᠯᠲᠡ ᠬᠢᠭᠰᠡᠨ᠎ᠦ ᠳᠠᠷᠠᠭ᠎ᠠ ᠳᠡᠮᠵᠢᠬᠦ ᠵᠣᠭᠣᠰ᠎ᠤᠨ ᠲᠣᠭ᠎ᠠ᠎ᠶᠢ ᠲᠣᠭᠲᠠᠭᠠᠪᠠ᠂ ᠡᠳᠦᠭᠡ ᠨᠡᠢᠲᠡᠯᠡᠰᠤᠭᠡᠢ᠃

ᠨᠢᠭᠡ᠂ ᠰᠣᠩᠭᠣᠭᠳᠠᠭᠰᠠᠨ ᠨᠡᠷᠡᠰ᠎ᠢ ᠳᠠᠭᠠᠯᠳᠤᠭᠤᠯᠤᠯ᠎ᠳᠤ ᠦᠵᠡᠭᠡᠷᠡᠢ (ᠨᠡᠷᠡᠰ᠎ᠦᠨ ᠵᠢᠭ᠍ᠰᠠᠭᠠᠯᠲᠠ᠎ᠶᠢ ᠡᠮᠦᠨ᠎ᠡ ᠬᠣᠢᠨ᠎ᠠ ᠭᠡᠵᠦ ᠬᠤᠪᠢᠶᠠᠬᠤ ᠦᠭᠡᠢ)᠃

ᠬᠣᠶᠠᠷ᠂ ᠢᠯᠡ ᠨᠡᠢᠲᠡᠯᠡᠬᠦ ᠴᠠᠭ ᠨᠢ 5 ᠠᠵᠢᠯᠯᠠᠬᠤ ᠡᠳᠦᠷ (2025 ᠣᠨ᠎ᠤ 12 ᠰᠠᠷ᠎ᠠ᠎ᠶᠢᠨ 8᠎ᠤ᠋ ᠡᠳᠦᠷ ︱ 2025 ᠣᠨ᠎ᠤ 12 ᠰᠠᠷ᠎ᠠ᠎ᠶᠢᠨ 12᠎ᠤ᠋ᠨ ᠡᠳᠦᠷ)᠃

ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ

ᠤᠳᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠬᠦ ᠬᠦᠮᠦᠰ ᠦ᠋ᠨ ᠬᠣᠯᠪᠣᠭᠳᠠᠯ ᠪᠦᠬᠦᠢ ᠪᠠᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠬᠦᠯᠢᠶᠡᠨ ᠠᠪᠴᠤ ᠰᠢᠢᠳᠪᠦᠷᠢᠯᠡᠬᠦ ᠠᠯᠪᠠᠨ ᠭᠡᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠴᠢᠳᠠᠪᠤᠷᠢᠲᠠᠨ᠎ᠤ ᠠᠵᠢᠯ᠎ᠤᠨ ᠭᠠᠵᠠᠷ᠎ᠤᠨ 513 ᠦᠷᠦᠭᠡ᠎ᠳᠦ ᠲᠤᠬᠢᠷᠠᠭᠤᠯᠪᠠ᠃

ᠬᠠᠶᠢᠭ᠋᠄ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠴᠡᠯᠡᠭᠡᠷ ᠲᠠᠯ᠎ᠠ ᠵᠡᠭᠡᠯᠢ᠎ᠶᠢᠨ 1 ᠳ᠋ᠤᠭᠡᠷ ᠨᠣᠮᠧᠷᠲᠦ

ᠭᠥᠯᠢᠶᠡᠨ ᠠᠪᠴᠤ ᠰᠢᠢᠳᠪᠦᠷᠢᠯᠡᠬᠦ ᠴᠠᠭ᠄ ᠦᠳᠡ᠎ᠶᠢᠨ ᠡᠮᠦᠨ᠎ᠡ 09᠄ 00 ︱ 12᠄ 00 ᠦᠳᠡ᠎ᠶᠢᠨ ᠬᠣᠢᠨ᠎ᠡ 14᠄ 30 ︱ 17᠄ 00

ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 0471 ︱ 4862114᠂ 4811638 (ᠹᠠᠺᠰ)

ᠭᠥᠯᠢᠶᠡᠨ ᠠᠪᠴᠤ ᠰᠢᠢᠳᠪᠦᠷᠢᠯᠡᠬᠦ ᠢᠮᠸᠯ᠄ rcc522@126.com

ᠳᠠᠭᠠᠯᠳᠤᠭᠤᠯᠤᠯ

1.2025 ᠣᠨ᠎ᠤ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠦᠨ ᠲᠣᠰ ᠭᠠᠵᠠᠷ ᠤᠷᠤᠨ᠎ᠤ ᠴᠢᠳᠠᠪᠤᠷᠢᠲᠠᠨ ᠬᠥᠮᠦᠵᠢᠭᠦᠯᠬᠦ᠌ ᠪᠦᠯᠬᠦᠮ᠎ᠤᠨ ᠲᠥᠷᠥᠯ ᠵᠦᠶ᠋ᠯ᠎ᠳᠦ ᠰᠣᠩᠭᠣᠭ᠍ᠳᠠᠭᠰᠠᠨ ᠰᠠᠨᠠᠭᠤᠯᠭ᠎ᠠ᠎ᠶ᠋ᠢᠨ ᠨᠡᠷᠡᠰ

2.2025 ᠣᠨ᠎ᠤ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠦᠨ ᠬᠤᠪᠢ ᠬᠥᠮᠦᠨ᠎ᠦ ᠲᠥᠷᠥᠯ ᠵᠦᠶ᠋ᠯ ᠵᠢᠴᠢ ᠵᠠᠯᠠᠭᠤ ᠣᠷᠣᠢᠯᠠᠭ᠍ᠰᠠᠨ ᠴᠢᠳᠠᠪᠤᠷᠢᠲᠠᠨ᠎ᠢ ᠬᠥᠮᠦᠵᠢᠭᠦᠯᠬᠦ᠌ ᠲᠤᠰᠭᠠᠶ ᠲᠥᠯᠥᠪᠯᠡᠭᠡ᠎ᠳᠦ ᠰᠣᠩᠭᠣᠭ᠍ᠳᠠᠭ᠍ᠰᠠᠨ ᠰᠠᠨᠠᠭᠤᠯᠭ᠎ᠠ᠎ᠶ᠋ᠢᠨ ᠨᠡᠷᠡᠰ

3.2025 ᠣᠨ᠎ᠤ 《ᠰᠤᠳᠤᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠡᠨ ᠮᠠᠨᠳᠤᠭᠤᠯᠬᠤ》ᠢᠨᠵᠧᠨᠧᠷᠢᠩ᠎ᠦᠨ ᠤᠶᠠᠨ ᠬᠠᠲᠠᠨ ᠴᠢᠨᠠᠷᠲᠠᠢ ᠪᠡᠷ ᠣᠷᠣᠭᠤᠯᠤᠨ ᠠᠪᠴᠢᠷᠠᠬᠤ᠎ᠳᠥᠷᠪᠡᠨ ᠲᠥᠷᠥᠯ᠎ᠡᠴᠡ ᠳᠡᠭᠡᠭᠰᠢᠬᠢ ᠴᠢᠳᠠᠪᠤᠷᠢᠲᠠᠨ᠎ᠤ ᠪᠦᠯᠬᠦᠮ᠎ᠤᠨ ᠲᠥᠷᠥᠯ ᠵᠦᠢᠯ ᠳ᠋ᠦ ᠰᠤᠨᠭᠭᠤᠭᠳᠠᠭᠰᠠᠨ ᠰᠠᠨᠠᠭᠤᠯᠭ᠎ᠠ᠎ᠶᠢᠨ ᠨᠡᠷᠡᠰ

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠴᠢᠳᠠᠪᠤᠷᠢᠲᠠᠨ᠎ᠤ ᠠᠵᠢᠯ ᠎ᠤᠨ  ᠤᠳᠤᠷᠢᠤᠨᠬᠤ ᠲᠤᠭᠤᠢᠯᠠᠡᠭ ᠎ᠤᠨ ᠠᠯᠪᠠᠨ ᠬᠡᠷ

                  2025  ᠤᠨ ᠎ᠤ 12  ᠰᠠᠷ᠎ᠠ  ᠵᠢᠨ 5 ᠎ᠤ  ᠡᠳᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号