ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠤᠷᠢ ᠶ᠋ᠢᠨ ᠲᠢᠩᠬᠢᠮ ᠪᠤᠯᠤᠨ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠢ ᠰᠢᠭᠤᠢ ᠨᠤᠳᠤᠭ ᠪᠡᠯᠴᠢᠭᠡᠷ ᠤ᠋ᠨ ᠲᠤᠪᠴᠢᠶ᠎ᠠ ᠬᠠᠮᠳᠤᠷᠠᠨ ᠤᠢᠷ᠎ᠠ ᠳ᠋ᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠠᠳᠤᠨ ᠭᠤᠤᠯ ᠤ᠋ᠨ 〈ᠶᠡᠬᠡ ᠲᠤᠬᠤᠢ〉 ᠶ᠋ᠢᠨ ᠪᠤᠭᠤᠮᠳᠠ ᠰᠢᠪᠳᠤᠯᠬᠤ ᠳᠠᠢᠯᠠᠯᠳᠤᠭᠠᠨ᠂ ᠾᠧᠰᠢ ᠶ᠋ᠢᠨ ᠬᠤᠩᠬᠢᠯ — ᠲᠠᠺᠠᠯᠢᠮᠠᠺᠠᠨ ᠡᠯᠡᠰᠦᠨ ᠴᠦᠯ ᠤ᠋ᠨ ᠬᠦᠪᠡᠭᠡ ᠳᠠᠭᠠᠤ ᠶ᠋ᠢᠨ ᠬᠤᠷᠢᠭᠯᠠᠯᠳᠠ ᠶ᠋ᠢᠨ ᠳᠠᠢᠯᠠᠯᠳᠤᠭᠠᠨ ᠤ᠋ ᠤᠷᠤᠨ ᠤ᠋ 〈ᠵᠠᠮ ᠶ᠋ᠢᠡᠷ ᠡᠯᠡᠰᠦ ᠶ᠋ᠢ ᠵᠠᠰᠠᠬᠤ〉 ᠬᠡᠷᠡᠭᠵᠢᠭᠦᠯᠬᠦ ᠲᠦᠰᠦᠯ (2025 — 2030 ᠤᠨ)》 ᠢ᠋ ᠳᠠᠷᠤᠮᠠᠯᠯᠠᠨ ᠲᠠᠷᠬᠠᠭᠠᠪᠠ᠃
《ᠬᠡᠷᠡᠭᠵᠢᠭᠦᠯᠬᠦ ᠲᠦᠰᠦᠯ》 ᠨᠢ ᠠᠵᠤ ᠠᠬᠤᠢ ᠨᠡᠢᠭᠡᠮ ᠤ᠋ᠨ ᠴᠢᠨᠠᠷ ᠰᠠᠢᠳᠠᠢ ᠬᠦᠭᠵᠢᠯᠳᠡ ᠪᠠ ᠠᠮᠢ ᠠᠬᠤᠢ ᠤᠷᠴᠢᠨ ᠲᠤᠭᠤᠷᠢᠨ ᠤ᠋ ᠦᠨᠳᠦᠷ ᠲᠦᠪᠰᠢᠨ ᠪᠦᠬᠦᠢ ᠬᠠᠮᠠᠭᠠᠯᠠᠯᠳᠠ ᠵᠢᠨ ᠲᠤᠭᠤᠷᠢᠨ ᠳ᠋ᠤ 《ᠨᠢᠭᠡ ᠴᠤᠭᠴᠠᠵᠢᠭᠤᠯᠤᠨ ᠵᠤᠬᠢᠴᠠᠭᠤᠯᠬᠤ᠂ ᠤᠷᠤᠨ ᠨᠤᠳᠤᠭ ᠤ᠋ᠨ ᠪᠠᠢᠳᠠᠯ ᠳ᠋ᠤ ᠳᠤᠬᠢᠷᠠᠭᠤᠯᠤᠨ ᠬᠡᠷᠡᠭᠵᠢᠭᠦᠯᠬᠦ᠂ ᠱᠠᠳᠤ ᠱᠠᠳᠤ ᠪᠡᠷ ᠠᠬᠢᠭᠤᠯᠬᠤ᠂ ᠠᠵᠤ ᠦᠢᠯᠡᠰ ᠢ᠋ ᠬᠦᠭᠵᠢᠭᠦᠯᠦᠨ ᠠᠷᠠᠳ ᠲᠤ᠌ ᠠᠰᠢᠭ ᠬᠦᠷᠳᠡᠭᠡᠬᠦ》 ᠪᠡᠷ ᠵᠠᠷᠴᠢᠮ ᠪᠤᠯᠭᠠᠨ ᠬᠠᠳᠤᠨ ᠭᠤᠤᠯ ᠤ᠋ᠨ 《ᠶᠡᠬᠡ ᠲᠤᠬᠤᠢ》 ᠶ᠋ᠢᠨ ᠪᠤᠭᠤᠮᠳᠠ ᠰᠢᠪᠳᠤᠯᠬᠤ ᠳᠠᠢᠯᠠᠯᠳᠤᠭᠠᠨ ᠤ᠋ ᠤᠷᠤᠨ ᠪᠤᠯᠤᠨ ᠾᠧᠰᠢ ᠶ᠋ᠢᠨ ᠬᠤᠩᠬᠢᠯ — ᠲᠠᠺᠠᠯᠢᠮᠠᠺᠠᠨ ᠡᠯᠡᠰᠦᠨ ᠴᠦᠯ ᠤ᠋ᠨ ᠬᠦᠪᠡᠭᠡ ᠳᠠᠭᠠᠤ ᠶ᠋ᠢᠨ ᠬᠤᠷᠢᠭᠯᠠᠯᠳᠠ ᠶ᠋ᠢᠨ ᠳᠠᠢᠯᠠᠯᠳᠤᠭᠠᠨ ᠤ᠋ ᠤᠷᠤᠨ ᠤ᠋ ᠵᠠᠰᠠᠮᠠᠯ ᠵᠠᠮ ᠤ᠋ᠨ ᠲᠤᠤᠷ ᠢ᠋ ᠲᠡᠭᠦᠯᠳᠡᠷᠵᠢᠭᠦᠯᠦᠨ᠂ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠳᠠ ᠬᠠᠮᠠᠭᠠᠯᠠᠯᠳᠠ ᠪᠠ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠲᠤᠬᠠᠢᠯᠠᠭᠰᠠᠨ ᠠᠵᠢᠯ ᠢ᠋ ᠬᠠᠮᠵᠢᠯᠴᠠᠭᠤᠯᠤᠨ ᠠᠬᠢᠭᠤᠯᠵᠤ᠂ 《ᠤᠮᠠᠷᠠᠳᠦ ᠶ᠋ᠢᠨ ᠭᠤᠷᠪᠠᠨ ᠤᠷᠤᠨ》 ᠤ᠋ ᠢᠨᠵᠧᠨᠧᠷᠢᠩ ᠢ᠋ ᠴᠢᠳᠠᠮᠵᠢ ᠪᠦᠷᠢᠨ᠂ ᠡᠪᠳᠡᠷᠡᠰᠢ ᠦᠭᠡᠢ ᠪᠠᠳᠤ ᠪᠡᠬᠢ ᠤᠮᠠᠷᠠᠳᠦ ᠬᠢᠯᠢ ᠶ᠋ᠢᠨ 《ᠨᠤᠮᠢᠨ ᠨᠤᠭᠤᠭᠠᠨ ᠤᠷᠳᠤ ᠴᠠᠭᠠᠨ ᠬᠡᠷᠡᠮ》᠂ ᠠᠮᠢ ᠠᠬᠤᠢ ᠶ᠋ᠢᠨ ᠠᠮᠦᠷ ᠲᠦᠪᠰᠢᠨ ᠤ᠋ ᠬᠠᠯᠬᠠᠪᠴᠢ ᠪᠤᠯᠭᠠᠨ ᠪᠦᠲᠦᠭᠡᠨ ᠪᠠᠢᠭᠤᠯᠬᠤ ᠳ᠋ᠤ ᠡᠷᠴᠢᠮᠳᠠᠢ ᠲᠤᠯᠭᠠᠭᠤᠷᠢᠯᠠᠯ ᠬᠠᠩᠭᠠᠬᠤ ᠶ᠋ᠢ ᠱᠠᠭᠠᠷᠳᠠᠵᠠᠢ᠃
《ᠬᠡᠷᠡᠭᠵᠢᠭᠦᠯᠬᠦ ᠲᠦᠰᠦᠯ》 ᠳ᠋ᠤ᠂ 2030 ᠤᠨ ᠪᠤᠯᠳᠠᠯ᠎ᠠ 2230 ᠺᠢᠯᠦᠮᠧᠲᠷ ᠡᠯᠡᠰᠦ ᠢ᠋ᠢ ᠲᠤᠭᠤᠯᠤᠭᠰᠠᠨ ᠬᠦᠳᠡᠭᠡ ᠲᠤᠰᠬᠤᠨ ᠤ᠋ ᠵᠠᠰᠠᠮᠠᠯ ᠵᠠᠮ ᠢ᠋ ᠰᠢᠨ᠎ᠠ ᠪᠡᠷ ᠵᠠᠰᠠᠬᠤ ᠪᠤᠶᠤ ᠰᠢᠨᠡᠳᠭᠡᠨ ᠵᠠᠰᠠᠵᠤ᠂ 153 ᠲᠦᠮᠡᠨ ᠮᠤ᠌ ᠶ᠋ᠢᠨ ᠡᠯᠡᠰᠦᠷᠬᠡᠭᠵᠢᠭᠰᠡᠨ ᠭᠠᠵᠠᠷ ᠰᠢᠷᠤᠢ ᠶ᠋ᠢᠨ ᠵᠠᠰᠠᠯᠳᠠ ᠶ᠋ᠢ ᠳᠠᠢᠴᠢᠯᠠᠬᠤ ᠶ᠋ᠢᠨ ᠵᠡᠷᠭᠡ ᠪᠡᠷ 1806 ᠺᠢᠯᠤᠮᠧᠲᠷ ᠤ᠋ᠨ ᠵᠠᠰᠠᠮᠠᠯ ᠵᠠᠮ ᠢ᠋ ᠠᠷᠠᠴᠢᠯᠠᠨ ᠬᠠᠮᠠᠭᠠᠯᠠᠬᠤ ᠢᠨᠵᠧᠨᠧᠷᠢᠩ ᠢ᠋ ᠬᠡᠷᠡᠭᠵᠢᠭᠦᠯᠤᠨ᠂ ᠬᠠᠳᠤᠨ ᠭᠤᠤᠯ ᠤ᠋ᠨ 《ᠶᠡᠬᠡ ᠲᠤᠬᠤᠢ》 ᠶ᠋ᠢᠨ ᠪᠤᠭᠤᠮᠳᠠ ᠰᠢᠪᠳᠤᠯᠬᠤ ᠳᠠᠢᠯᠠᠯᠳᠤᠭᠠᠨ ᠤ᠋ ᠤᠷᠤᠨ ᠪᠤᠯᠤᠨ ᠾᠧᠰᠢ ᠶ᠋ᠢᠨ ᠬᠤᠩᠬᠢᠯ — ᠲᠠᠺᠠᠯᠢᠮᠠᠺᠠᠨ ᠡᠯᠡᠰᠦᠨ ᠴᠦᠯ ᠤ᠋ᠨ ᠬᠦᠪᠡᠭᠡ ᠳᠠᠭᠠᠤ ᠶ᠋ᠢᠨ ᠬᠤᠷᠢᠭᠯᠠᠯᠳᠠ ᠶ᠋ᠢᠨ ᠳᠠᠢᠯᠠᠯᠳᠤᠭᠠᠨ ᠤ᠋ ᠤᠷᠤᠨ ᠳ᠋ᠤ 《ᠵᠠᠮ ᠶ᠋ᠢᠡᠷ ᠡᠯᠡᠰᠦᠨ ᠤ᠋ ᠳᠦᠷᠢᠯᠳᠡ ᠶ᠋ᠢ ᠬᠤᠷᠢᠭᠯᠠᠬᠤ᠂ ᠵᠠᠮ ᠶ᠋ᠢᠡᠷ ᠡᠯᠡᠰᠦᠷᠬᠡᠭ ᠤᠷᠤᠨ ᠤ᠋ ᠠᠮᠦᠷ ᠲᠦᠪᠰᠢᠨ ᠢ᠋ ᠰᠠᠬᠢᠨ ᠬᠠᠮᠠᠭᠠᠯᠠᠬᠤ᠂ ᠵᠠᠮ ᠶ᠋ᠢᠡᠷ ᠲᠠᠷᠢᠶᠠᠯᠠᠩ ᠢ᠋ ᠬᠠᠮᠠᠭᠠᠯᠠᠬᠤ᠂ ᠵᠠᠮ ᠶ᠋ᠢᠡᠷ ᠪᠤᠬᠢᠷᠳᠦᠯ ᠦᠭᠡᠢ ᠡᠨᠧᠷᠬᠢ ᠶ᠋ᠢ ᠬᠦᠭᠵᠢᠭᠦᠯᠦᠨ ᠮᠠᠨᠳᠤᠭᠤᠯᠬᠤ》 ᠶᠡᠷᠦᠩᠬᠡᠢ ᠪᠠᠢᠷᠢᠰᠢᠯ ᠢ᠋ ᠪᠦᠷᠢᠯᠳᠦᠭᠦᠯᠵᠦ᠂ ᠬᠦᠳᠡᠭᠡ ᠨᠤᠳᠤᠭ ᠤ᠋ᠨ ᠵᠠᠰᠠᠮᠠᠯ ᠵᠠᠮ ᠤ᠋ᠨ ᠪᠦᠷᠬᠦᠴᠡ ᠬᠢᠭᠡᠳ ᠬᠠᠷᠢᠯᠴᠠᠨ ᠵᠠᠯᠭᠠᠯᠳᠤᠬᠤ ᠲᠦᠪᠰᠢᠨ ᠢ᠋ ᠮᠡᠳᠡᠭᠳᠡᠮ᠎ᠠ ᠳᠡᠭᠡᠭᠰᠢᠯᠡᠭᠦᠯᠦᠨ᠂ ᠵᠠᠰᠠᠮᠠᠯ ᠵᠠᠮ ᠤ᠋ᠨ ᠲᠤᠤᠷ ᠤ᠋ᠨ ᠦᠢᠯᠡᠴᠢᠯᠡᠭᠡᠨ ᠤ᠋ ᠴᠢᠳᠠᠪᠤᠷᠢ ᠶ᠋ᠢ ᠢᠯᠡᠳᠳᠡ ᠳᠡᠭᠡᠭᠰᠢᠯᠡᠭᠦᠯᠤᠨ᠎ᠠ ᠭᠡᠵᠦ ᠳᠤᠷᠠᠳᠪᠠ᠃
ᠤᠢᠯᠠᠭᠠᠭᠰᠠᠨ ᠶ᠋ᠢᠡᠷ᠂ 2024 ᠤᠨ ᠤ᠋ 8 ᠰᠠᠷ᠎ᠠ ᠳ᠋ᠤ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠤᠷᠢ ᠶ᠋ᠢᠨ ᠲᠢᠩᠬᠢᠮ ᠪᠤᠯᠤᠨ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠢ ᠰᠢᠭᠤᠢ ᠨᠤᠳᠤᠭ ᠪᠡᠯᠴᠢᠭᠡᠷ ᠤ᠋ᠨ ᠲᠤᠪᠴᠢᠶ᠎ᠠ ᠬᠠᠮᠳᠤᠷᠠᠨ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠤᠷᠴᠢᠨ ᠪᠤᠯᠤᠨ ᠬᠤᠯᠠᠨ ᠰᠢᠷᠭ᠎ᠠ ᠳᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠦᠨᠦᠭᠡᠯᠳᠡ ᠶ᠋ᠢᠨ ᠳᠠᠢᠯᠠᠯᠳᠤᠭᠠᠨ ᠤ᠋ 〈ᠵᠠᠮ ᠶ᠋ᠢᠡᠷ ᠡᠯᠡᠰᠦ ᠶ᠋ᠢ ᠵᠠᠰᠠᠬᠤ〉 ᠬᠦᠭᠵᠢᠯᠳᠡ ᠶ᠋ᠢᠨ ᠲᠦᠯᠦᠪᠯᠡᠭᠡ (2024 — 2030 ᠤᠨ)》 ᠶ᠋ᠢ ᠳᠠᠷᠤᠮᠠᠯᠯᠠᠨ ᠲᠠᠷᠬᠠᠭᠠᠭᠰᠠᠨ ᠶᠤᠮ᠃ ᠡᠳᠦᠭᠡ ᠰᠢᠨ᠎ᠠ ᠪᠡᠷ ᠳᠤᠭᠳᠠᠭᠠᠭᠰᠠᠨ ᠡᠨᠡ ᠬᠦ᠌ ᠬᠡᠷᠡᠭᠵᠢᠭᠦᠯᠬᠦ ᠲᠦᠰᠦᠯ ᠪᠤᠯ ᠬᠤᠷᠴᠢᠨ ᠤ᠋ ᠡᠯᠡᠰᠦᠷᠬᠡᠭ ᠭᠠᠵᠠᠷ ᠪᠤᠯᠤᠨ ᠬᠤᠯᠠᠨ ᠰᠢᠷᠭ᠎ᠠ ᠳᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠦᠨᠦᠭᠡᠯᠳᠡ ᠶ᠋ᠢᠨ ᠳᠠᠢᠯᠠᠯᠳᠤᠭᠠᠨ ᠤ᠋ ᠤᠷᠤᠨ ᠤ᠋ 《ᠵᠠᠮ ᠶ᠋ᠢᠡᠷ ᠡᠯᠡᠰᠦ ᠶ᠋ᠢ ᠵᠠᠰᠠᠬᠤ》 ᠠᠮᠵᠢᠯᠳᠠ ᠲᠠᠢ ᠦᠢᠯᠡᠳᠦᠯᠭᠡ ᠶ᠋ᠢᠨ ᠳᠡᠯᠭᠡᠷᠡᠭᠦᠯᠦᠯ ᠪᠤᠯᠤᠨ᠎ᠠ᠃ ᠬᠤᠷᠴᠢᠨ ᠤ᠋ ᠡᠯᠡᠰᠦᠷᠬᠡᠭ ᠭᠠᠵᠠᠷ ᠪᠤᠯᠤᠨ ᠬᠤᠯᠠᠨ ᠰᠢᠷᠭ᠎ᠠ ᠳᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠦᠨᠦᠭᠡᠯᠳᠡ ᠶ᠋ᠢᠨ ᠳᠠᠢᠯᠠᠯᠳᠤᠭᠠᠨ᠂ ᠬᠠᠳᠤᠨ ᠭᠤᠤᠯ ᠤ᠋ᠨ 《ᠶᠡᠬᠡ ᠲᠤᠬᠤᠢ》 ᠶ᠋ᠢᠨ ᠪᠤᠭᠤᠮᠳᠠ ᠰᠢᠪᠳᠤᠯᠬᠤ ᠳᠠᠢᠯᠠᠯᠳᠤᠭᠠᠨ᠂ ᠾᠧᠰᠢ ᠶ᠋ᠢᠨ ᠬᠤᠩᠬᠢᠯ — ᠲᠠᠺᠠᠯᠢᠮᠠᠺᠠᠨ ᠡᠯᠡᠰᠦᠨ ᠴᠦᠯ ᠤ᠋ᠨ ᠬᠦᠪᠡᠭᠡ ᠳᠠᠭᠠᠤ ᠶ᠋ᠢᠨ ᠬᠤᠷᠢᠭᠯᠠᠯᠳᠠ ᠶ᠋ᠢᠨ ᠳᠠᠢᠯᠠᠯᠳᠤᠭᠠᠨ ᠤ᠋ ᠤᠷᠤᠨ ᠳ᠋ᠤ ᠲᠦᠯᠦᠪᠵᠢᠭᠦᠯᠦᠭᠰᠡᠨ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢ ᠪᠡᠶᠡᠯᠡᠭᠦᠯᠪᠡᠯ ᠮᠠᠨ ᠤ᠋ ᠤᠷᠤᠨ 《ᠤᠮᠠᠷᠠᠳᠦ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠳᠠ ᠰᠢᠪᠳᠤᠯᠬᠤ ᠲᠠᠢᠯᠠᠯᠳᠤᠭᠠᠨ ᠤ᠋ ᠭᠤᠷᠪᠠᠨ ᠶᠡᠬᠡ ᠲᠦᠯᠦᠭᠡᠯᠡᠬᠦ ᠴᠢᠨᠠᠷᠳᠠᠢ ᠳᠠᠢᠯᠠᠯᠳᠤᠭᠠᠨ ᠤ᠋ ᠤᠷᠤᠨ ᠳ᠋ᠤ ᠨᠡᠢᠳᠡ 8593 ᠺᠢᠯᠦᠮᠧᠲᠷ ᠤ᠋ᠨ ᠡᠯᠡᠰᠦ ᠶ᠋ᠢ ᠲᠤᠭᠤᠯᠤᠭᠰᠠᠨ ᠵᠠᠰᠠᠮᠠᠯ ᠵᠠᠮ ᠵᠠᠰᠠᠵᠤ᠂ 1354 ᠲᠦᠮᠡᠨ ᠮᠤ᠌ ᠡᠯᠡᠰᠦ ᠶ᠋ᠢ ᠵᠠᠰᠠᠬᠤ ᠶ᠋ᠢ ᠳᠠᠢᠴᠢᠯᠬᠠᠤ ᠪᠤᠯᠤᠨ᠎ᠠ᠃