ᠤᠯᠠᠨ ᠰᠠᠯᠠᠭ᠎ᠠ ᠮᠥᠴᠢᠷ ᠲᠣᠭ᠎ᠠ ᠪᠠᠷᠢᠮᠲᠠ᠎ᠶ᠋ᠢᠨ ᠡᠯᠧᠮᠧᠨ᠋ᠲ᠎ᠦᠨ ᠱᠢᠨᠵᠢᠯᠡᠭᠡᠨ᠎ᠦ ᠲᠤᠰᠭᠠᠶ ᠮᠡᠷᠭᠡᠵᠢᠯ᠎ᠦᠨ ᠪᠠᠢᠭᠤᠯᠤᠯᠲᠠ ᠪᠠ ᠳᠤᠭᠠᠴᠢᠯᠠᠯᠲᠠ ᠵᠢᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠪᠠᠢᠷᠢᠯᠠᠭᠤᠯᠪᠠ
2025-12-08 11:28:52
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠸᠧᠶ ᠢᠦᠶ ᠺᠦᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 3 ᠎ᠤ᠋ ᠡᠳᠦᠷ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠣᠢᠯᠠᠭᠠᠭ᠍ᠰᠠᠨ᠎ᠢᠶᠠᠷ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠤᠯᠤᠰ᠎ᠤᠨ ᠲᠣᠭ᠎ᠠ ᠪᠠᠷᠢᠮᠲᠠ᠎ᠶ᠋ᠢᠨ ᠲᠣᠪᠴᠢᠶ᠎ᠠ᠂ ᠰᠤᠷᠭᠠᠨ ᠬᠥᠮᠦᠵᠢᠯ᠎ᠦᠨ ᠶᠠᠮᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ 《ᠲᠣᠭ᠎ᠠ ᠪᠠᠷᠢᠮᠲᠠ᠎ᠶ᠋ᠢᠨ ᠡᠯᠧᠮᠧᠨ᠋ᠲ᠎ᠦᠨ ᠱᠢᠨᠵᠢᠯᠡᠭᠡᠨ᠎ᠦ ᠲᠤᠰᠭᠠᠶ ᠮᠡᠷᠭᠡᠵᠢᠯ᠎ᠦᠨ ᠪᠠᠢᠭᠤᠯᠤᠯᠲᠠ ᠪᠠ ᠳᠤᠭᠠᠴᠢᠯᠠᠯᠲᠠ ᠵᠢᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠰᠠᠨᠠᠯ》 ᠢ᠋ ᠨᠡᠢᠲᠡᠯᠡᠵᠦ᠍᠂ ᠲᠣᠭ᠎ᠠ ᠪᠠᠷᠢᠮᠲᠠ᠎ᠶ᠋ᠢᠨ ᠡᠯᠧᠮᠧᠨ᠋ᠲ᠎ᠦᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠳᠦ ᠡᠨ᠋ᠸᠷᠬᠢ ᠣᠯᠭᠣᠬᠤ ᠱᠢᠨ᠎ᠡ᠎ᠶ᠋ᠢ ᠡᠭᠦᠳᠬᠦ᠌ ᠬᠥᠳᠡᠯᠭᠡᠭᠦᠷ᠎ᠦᠨ ᠦᠶ᠋ᠯᠡᠳᠦᠯ᠎ᠢ ᠬᠥᠭ᠌ᠵᠢᠭᠡᠵᠦ᠍᠂ ᠲᠣᠭ᠎ᠠ ᠪᠠᠷᠢᠮᠲᠠ᠎ᠶ᠋ᠢᠨ ᠬᠦᠷᠢᠶᠡᠨ᠎ᠦ ᠰᠤᠷᠭᠠᠨ ᠬᠥᠮᠦᠵᠢᠯ᠎ᠦᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠬᠢᠭᠡᠳ ᠠᠵᠤ ᠦᠶ᠋ᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠪᠡᠷ ᠵᠤᠷᠢᠯᠲᠠ ᠪᠤᠯᠭᠠᠵᠠᠢ᠃

ᠰᠠᠨᠠᠯ᠎ᠳᠤ᠂ ᠲᠤᠭ᠎ᠠ ᠪᠠᠷᠢᠮᠳᠠ ᠵᠢᠨ ᠡᠯᠧᠮᠧᠨ᠋ᠲ᠎ᠦᠨ ᠱᠢᠨᠵᠢᠯᠡᠭᠡᠨ᠎ᠦ ᠲᠤᠰᠭᠠᠶ ᠮᠡᠷᠭᠡᠵᠢᠯ᠎ᠦᠨ ᠪᠠᠢᠭᠤᠯᠤᠯᠲᠠ ᠪᠠ ᠳᠤᠭᠠᠴᠢᠯᠠᠯᠲᠠ ᠵᠢᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ ᠨᠢ ᠲᠤᠭ᠎ᠠ ᠪᠠᠷᠢᠮᠳᠠ᠎ᠶ᠋ᠢᠨ ᠡᠯᠧᠮᠧᠨ᠋ᠲ᠎ᠦᠨ ᠵᠠᠬ᠎ᠠ ᠳᠡᠯᠭᠡᠭᠦᠷᠴᠢᠯᠡᠭ᠌ᠰᠡᠨ ᠲᠣᠬᠢᠷᠠᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠠ ᠲᠤᠭ᠎ᠠ ᠪᠠᠷᠢᠮᠳᠠ ᠵᠢᠨ ᠵᠣᠬᠢᠶᠠᠮᠠᠯ ᠣᠶᠤᠨ ᠴᠢᠳᠠᠪᠤᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠡᠷᠡᠭ᠌ᠰᠡᠬᠦ᠌ ᠡᠯ᠎ᠡ ᠲᠥᠷᠥᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠳ᠋ᠤ ᠡᠨ᠋ᠸᠷᠬᠢ ᠤᠯᠭᠤᠬᠤ ᠴᠢᠬᠤᠯᠠ ᠶᠡᠬᠡ ᠡᠭᠦᠷᠭᠡ᠎ᠶ᠋ᠢ ᠡᠭᠦᠷᠭᠡᠯᠡᠵᠦ᠍᠂ ᠲᠣᠭᠠᠴᠢᠯᠠᠭ᠍ᠰᠠᠨ ᠳᠤᠮᠳᠠᠳᠤ ᠤᠯᠤᠰ᠂ ᠲᠣᠭᠠᠴᠢᠯᠠᠭ᠍ᠰᠠᠨ ᠠᠵᠤ ᠠᠬᠤᠶ᠂ ᠲᠣᠭᠠᠴᠢᠯᠠᠭ᠍ᠰᠠᠨ ᠨᠡᠢᠭᠡᠮ᠎ᠦᠨ ᠲᠥᠯᠥᠪᠵᠢᠭᠦᠯᠭᠡ ᠪᠠ ᠪᠥᠲᠥᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠎ᠶ᠋ᠢᠨ ᠴᠢᠬᠤᠯᠠ ᠰᠠᠭᠤᠷᠢ ᠪᠣᠯᠤᠨ᠎ᠠ᠃

ᠱᠢᠨᠵᠢᠯᠡᠭᠡᠨ᠎ᠦ ᠲᠤᠰᠭᠠᠶ ᠮᠡᠷᠭᠡᠵᠢᠯ᠎ᠦᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠲᠠᠯ᠎ᠠ᠎ᠪᠠᠷ᠂ ᠰᠠᠨᠠᠯ᠎ᠳᠤ᠂ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠤ᠋ᠨ ᠬᠢᠨ ᠲᠤᠭ᠎ᠠ ᠪᠠᠷᠢᠮᠳᠠ᠎ᠶ᠋ᠢᠨ ᠡᠯᠧᠮᠧᠨ᠋ᠲ᠎ᠦᠨ ᠬᠣᠯᠪᠣᠭ᠍ᠳᠠᠯ ᠪᠥᠬᠥᠶ ᠱᠢᠨᠵᠢᠯᠡᠭᠡᠨ᠎ᠦ ᠲᠤᠰᠭᠠᠶ ᠮᠡᠷᠭᠡᠵᠢᠯ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠨᠥᠬᠥᠴᠡᠯ᠎ᠲᠡᠶ ᠡᠷᠳᠡᠮ᠎ᠦᠨ ᠴᠣᠯᠠ ᠣᠯᠭᠣᠬᠤ ᠨᠢᠭᠡᠴᠢ᠎ᠶ᠋ᠢᠨ ᠬᠢᠨ ᠲᠤᠭ᠎ᠠ ᠪᠠᠷᠢᠮᠳᠠ ᠵᠢᠨ ᠱᠢᠨᠵᠢᠯᠡᠬᠦ᠌ ᠤᠬᠠᠭᠠᠨ ᠬᠢᠭᠡᠳ ᠢᠨᠵᠧᠨᠧᠷᠢᠩ᠂ ᠲᠣᠭᠠᠴᠢᠯᠠᠭ᠍ᠰᠠᠨ ᠠᠵᠤ ᠠᠬᠤᠶ ᠬᠢᠭᠡᠳ ᠬᠠᠮᠢᠶᠠᠷᠤᠯᠲᠠ ᠵᠡᠷᠭᠡ ᠲᠤᠭ᠎ᠠ ᠪᠠᠷᠢᠮᠳᠠ ᠵᠢᠨ ᠡᠯᠧᠮᠧᠨ᠋ᠲ᠎ᠦᠨ ᠬᠣᠯᠪᠣᠭ᠍ᠳᠠᠯ ᠪᠥᠬᠥᠶ ᠱᠢᠨᠵᠢᠯᠡᠭᠡᠨ᠎ᠦ ᠲᠤᠰᠭᠠᠶ ᠮᠡᠷᠭᠡᠵᠢᠯ ᠪᠠᠢᠭᠤᠯᠬᠤ᠎ᠶ᠋ᠢ ᠳᠡᠮᠵᠢᠵᠦ᠍᠂ ᠨᠥᠬᠥᠴᠡᠯ᠎ᠲᠡᠶ ᠲᠤᠭ᠎ᠠ ᠪᠠᠷᠢᠮᠳᠠ᠎ᠶ᠋ᠢᠨ ᠠᠵᠤ ᠠᠬᠤᠢᠯᠠᠯ᠂ ᠰᠤᠳᠤᠯᠭᠠᠨ᠎ᠤ ᠪᠠᠢᠭᠤᠯᠤᠮᠵᠢ᠎ᠶ᠋ᠢᠨ ᠢᠳᠡᠪᠬᠢᠲᠡᠶ ᠣᠷᠣᠯᠴᠠᠬᠤ᠎ᠶ᠋ᠢ ᠬᠥᠲᠥᠯᠦᠨ ᠵᠢᠯᠣᠭᠣᠳᠴᠤ᠌ ᠵᠣᠷᠢᠭ᠍ᠵᠢᠭᠤᠯᠤᠨ᠎ᠠ᠃ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠬᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ᠎ᠪᠡᠨ ᠦᠨᠳᠦᠰᠦᠯᠡᠨ᠂ ᠲᠣᠭ᠎ᠠ ᠪᠠᠷᠢᠮᠲᠠ᠎ᠶ᠋ᠢᠨ ᠬᠠᠮᠢᠶ᠎ᠠ ᠪᠦᠬᠦᠢ ᠲᠤᠰᠭᠠᠶ ᠮᠡᠷᠭᠡᠵᠢᠯ᠎ᠢ ᠴᠠᠭ ᠲᠤᠬᠠᠶ᠎ᠳᠤᠨᠢ ᠬᠥᠳᠡᠯᠦᠩᠭᠦᠶ᠎ᠪᠡᠷ ᠲᠣᠬᠢᠷᠠᠭᠤᠯᠬᠤ᠎ᠶ᠋ᠢ ᠳᠠᠮᠵᠢᠵᠤ᠂ ᠲᠣᠭ᠎ᠠ ᠪᠠᠷᠢᠮᠲᠠ᠎ᠶ᠋ᠢ ᠴᠤᠭ᠍ᠯᠠᠭᠤᠯᠤᠨ ᠴᠡᠭᠴᠡᠯᠡᠬᠦ᠂ ᠲᠣᠭ᠎ᠠ ᠪᠠᠷᠢᠮᠲᠠ᠎ᠶ᠋ᠢᠨ ᠵᠡᠭᠦᠯᠲᠡ ᠬᠠᠳᠠᠬᠤ᠂ ᠲᠣᠭ᠎ᠠ ᠪᠠᠷᠢᠮᠲᠠ᠎ᠵᠢᠨ ᠲᠣᠭ᠍ᠲᠠᠭᠠᠯ᠎ᠳᠤ ᠨᠡᠢᠴᠡᠬᠦ᠌᠂ ᠲᠣᠭ᠎ᠠ ᠪᠠᠷᠢᠮᠲᠠ᠎ᠶ᠋ᠢᠨ ᠡᠵᠡᠩᠨᠡᠯᠲᠡ ᠵᠡᠷᠭᠡ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠣᠢᠷᠠᠲᠤᠭ᠍ᠰᠠᠨ ᠬᠤᠯᠪᠤᠭᠳᠠᠯ ᠪᠦᠬᠦᠢ ᠲᠤᠰᠭᠠᠶ ᠮᠡᠷᠭᠡᠵᠢᠯ᠎ᠢ ᠰᠤᠳᠤᠯᠤᠨ ᠨᠡᠮᠡᠵᠦ᠍ ᠲᠣᠬᠢᠷᠠᠭᠤᠯᠬᠤ ᠵᠢ ᠲᠡᠮᠵᠢᠨ᠎ᠠ ᠬᠡᠵᠤ ᠵᠢᠭᠠᠵᠤ ᠭᠠᠷᠭᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 3 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号