ᠦᠪᠦᠷ ᠮᠤᠩᠭᠤᠯ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠪᠡᠶᠡᠴᠢᠯᠡᠨ ᠣᠢᠯᠠᠭᠠᠬᠤ ᠰᠠᠭᠤᠷᠢᠨ ᠪᠠᠢᠭᠤᠯᠪᠠ
2025-12-08 09:40:23
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠬᠠᠮᠠᠳ ᠺᠠᠳ᠋ᠷ ᠎ᠤᠨ ᠳᠤᠪᠴᠢᠶ᠎ᠠ᠂ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠴᠡᠷᠢᠭ᠎ᠤᠨ ᠠᠯᠪᠠᠨ ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ᠎ᠦᠨ ᠨᠡᠢᠭᠡᠮᠯᠢᠭ ᠵᠡᠷᠭᠡ ᠨᠠᠢ᠍ᠮᠠᠨ ᠰᠠᠯᠠᠭ᠎ᠠ ᠮᠥᠴᠢᠷ᠎ᠲᠠᠢ ᠬᠠᠮᠵᠢᠯᠴᠠᠨ᠂ ᠥᠪᠥᠷ ᠮᠣᠩᠭᠣᠯ᠎ᠤᠨ ᠨᠡᠭᠡᠭᠡᠯᠲᠡᠲᠤ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ᠂ ᠪᠠᠶᠠᠨᠨᠠᠭᠤᠷ ᠬᠣᠲᠠ᠎ᠶᠢᠨ ᠨᠠᠰᠤᠲᠠᠢᠴᠤᠳ᠎ᠤᠨ ᠶᠡᠬᠡ ᠰᠤᠷᠭᠠᠭᠤᠯᠢ᠂ ᠬᠢᠩᠭᠠᠨ ᠠᠢᠮᠠᠭ᠎ᠤᠨ ᠨᠡᠭᠡᠭᠡᠯᠲᠡᠲᠤ ᠶᠡᠬᠡ ᠰᠤᠷᠭᠠᠭᠤᠯᠢ᠂ ᠬᠣᠷᠴᠢᠨ᠎ᠤ ᠤᠷᠠᠯᠢᠭ᠋᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠪᠡᠶᠡᠴᠢᠯᠡᠨ ᠣᠢᠯᠠᠭᠠᠬᠤ ᠠᠩᠬᠠᠳᠤᠭᠠᠷ ᠪᠦᠯᠦᠭ ᠰᠠᠭᠤᠷᠢᠨ ᠎ᠢᠶᠠᠷ ᠲᠣᠭᠲᠠᠭᠠᠪᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠡᠴᠡ ᠨᠠᠭᠠᠰᠢ ᠥᠪᠥᠷ ᠮᠣᠩᠭᠣᠯ᠎ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠰᠢᠰᠲ᠋ᠧᠮ᠎ᠢ ᠢᠳᠡᠪᠬᠢᠳᠡᠢ ᠳᠡᠬᠦᠯᠳᠡᠷᠵᠢᠬᠦᠯᠵᠦ᠂ ᠥᠪᠥᠷ ᠮᠣᠩᠭᠣᠯ᠎ᠤᠨ ᠨᠠᠰᠤᠲᠠᠢᠴᠤᠳ᠎ᠤᠨ ᠨᠡᠭᠡᠭᠡᠯᠲᠡᠲᠤ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠤ ᠨᠠᠰᠤᠲᠠᠢᠴᠤᠳ᠎ᠤᠨ ᠰᠣᠶᠣᠯ ᠤᠷᠠᠯᠢᠭ᠋᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠮᠡᠨᠳᠦ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠨᠠᠰᠤᠲᠠᠢᠴᠤᠳ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠵᠡᠷᠬᠡ ᠵᠢ ᠪᠠᠢᠭᠤᠯᠤᠭᠰᠠᠨ ᠪᠠᠢᠨ᠎ᠠ᠃ ᠣᠢᠷ᠎ᠠ᠎ᠶᠢᠨ ᠵᠢᠯ᠎ᠡᠴᠡ  ᠨᠡᠭᠡᠭᠡᠯᠲᠡᠲᠤ ᠶᠡᠬᠡ ᠰᠤᠷᠭᠠᠭᠤᠯᠢ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠠᠬᠢᠭᠤᠯᠵᠤ᠂ ᠤᠯᠤᠰ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ᠎ᠶᠢᠨ ᠥᠪᠥᠷ ᠮᠣᠩᠭᠣᠯ᠎ᠳᠠᠬᠢ ᠬᠤᠪᠢᠶᠠᠷᠢ ᠬᠡᠯᠲᠡᠰ᠎ᠢ ᠫᠠᠢᠰᠠ ᠡᠯᠭᠦᠨ ᠪᠠᠢᠭᠤᠯᠪᠠ; 92 ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠨᠠᠰᠤᠲᠠᠢᠴᠤᠳ᠎ᠤᠨ ᠰᠤᠷᠭᠠᠨ ᠬᠥᠮᠦᠵᠢᠯ ᠨᠡᠢᠭᠡᠮ ᠲᠣᠭᠣᠷᠢᠭ᠋᠎ᠤᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠴᠡᠭ᠎ᠢ ᠪᠠᠢᠭᠤᠯᠵᠤ᠂ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠡᠬᠢ ᠪᠠᠶᠠᠯᠢᠭ᠋ ᠎ᠢ ᠰᠢᠶᠠᠩ ᠪᠠᠯᠭᠠᠰᠤ᠂ ᠭᠠᠴᠠᠭ᠎ᠠ ᠲᠣᠰᠬᠣᠨ ᠵᠡᠷᠭᠡ ᠦᠨᠳᠦᠰᠦᠨ ᠱᠠᠲᠤ ᠳᠠᠢᠰᠢ ᠲᠠᠰᠤᠷᠠᠯᠲᠠ ᠦᠭᠡᠢ ᠥᠷᠭᠡᠳᠬᠡᠪᠡ᠃

ᠬᠤᠢᠰᠢᠳᠠ ᠥᠪᠡᠷᠲᠡᠭᠡᠨ ᠵᠠᠰᠠᠬᠤ ᠣᠷᠣᠨ᠎ᠤ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠪᠡᠶᠡᠴᠢᠯᠡᠨ ᠣᠢᠯᠠᠭᠠᠬᠤ ᠰᠠᠭᠤᠷᠢᠨ᠎ᠤ ᠬᠢᠨ ᠵᠢᠱ᠌ᠢᠶᠡᠴᠢ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠬᠥᠮᠥᠨ ᠠᠮᠠ᠎ᠶᠢᠨ ᠨᠠᠰᠤᠵᠢᠯᠲᠠ᠎ᠶᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠂ ᠰᠤᠷᠤᠯᠴᠠᠬᠤ ᠬᠡᠯᠪᠡᠷᠢ᠎ᠶᠢᠨ ᠨᠡᠢᠭᠡᠮ᠎ᠦᠨ ᠪᠠᠢᠭᠤᠯᠤᠯᠲᠠ᠎ᠶᠢᠨ ᠢᠨᠵᠧᠨᠧᠷᠢᠩ᠎ᠢ ᠠᠬᠢᠭᠤᠯᠵᠤ᠂ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠵᠦ᠂ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠰᠢᠰᠲ᠋ᠸᠮ᠎ᠢ ᠪᠦᠬᠦ ᠲᠠᠯ᠎ᠠ᠎ᠪᠠᠷ ᠪᠠᠶ᠋ᠢᠭᠤᠯᠬᠤ᠎ᠳᠤ ᠢᠳᠡᠪᠬᠢ ᠦᠢᠯᠡᠳᠦᠯ ᠦᠵᠡᠬᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号