— ᠪᠡᠯᠴᠢᠬᠡᠷ ᠤ᠋ᠨ ᠮᠠᠯ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠵᠤ ᠲᠡᠰ ᠲᠡᠪᠰᠢᠬᠦᠯᠬᠦ ᠵᠢ ᠠᠬᠢᠭᠤᠯᠤᠭᠰᠠᠨ ᠦᠪᠦᠷ ᠮᠤᠩᠭᠤᠯ ᠤ᠋ᠨ ᠰᠢᠨ᠎ᠠ ᠦᠢᠯᠡᠳᠦᠯᠬᠡ ④
— ᠤᠯᠠᠭᠠᠢ ᠬᠠᠮᠢᠶᠠᠷᠤᠯᠳᠠ ᠵᠢᠨ ᠤᠷᠤᠨ ᠤ᠋ ᠲᠠᠵᠢᠬᠡᠪᠤᠷᠢ ᠵᠢᠨ ᠲᠤᠮᠤ ᠡᠷᠦᠬᠡ ᠪᠠᠢ ᠲᠢᠶᠸ ᠵᠸ᠋ 200 ᠭᠠᠷᠤᠢ ᠬᠤᠸᠠᠰᠢ ᠦᠬᠡᠷ ᠮᠠᠯᠵᠢᠵᠤ᠂ ᠲᠤᠰᠴᠦ ᠪᠤᠢᠵᠢᠭᠤᠯᠤᠭᠰᠠᠨ ᠡᠷ᠎ᠠ ᠲᠤᠭᠤᠯ ᠨᠢ 15 ᠰᠠᠷ᠎ᠠ ᠪᠤᠯᠤᠮᠠᠭᠴᠠ ᠪᠠᠶ᠎ᠠ ᠵᠢᠨ ᠬᠦᠨᠳᠤ ᠨᠢ 600 — 650 ᠺᠢᠯᠦᠭᠷᠠᠮ ᠳ᠋ᠤ ᠬᠦᠷᠳᠡᠭ᠃ ᠡᠨᠡ ᠴᠢᠨᠢ ᠨᠤᠳᠤᠭ ᠤ᠋ᠨ ᠦᠬᠡᠷ ᠤ᠋ᠨ ᠲᠤᠭᠤᠯ ᠡᠴᠡ 1 ᠲᠠᠬᠢᠨ ᠰᠢᠬᠠᠮ ᠬᠦᠨᠳᠤ ᠰᠢᠤ!
— ᠤᠳᠤᠭ ᠬᠤᠰᠢᠭᠤᠨ ᠳ᠋ᠤ 180 ᠲᠦᠮᠡ ᠭᠠᠷᠤᠢ ᠠᠷᠪᠠᠰ ᠤ᠋ᠨ ᠨᠤᠤᠯᠤᠭᠤᠷ ᠤ᠋ᠨ ᠴᠠᠭᠠᠨ ᠢᠮᠠᠭ᠎ᠠ ᠲᠠᠢ᠂ ᠢᠮᠠᠭ᠎ᠠ ᠳᠤᠮᠳᠠᠴᠢ ᠵᠢᠨ ᠨᠤᠤᠯᠤᠭᠤᠷ ᠤ᠋ᠨ ᠭᠠᠷᠤᠯᠳᠠ ᠨᠢ 1.3 ᠵᠢᠩ ᠢ᠋ ᠲᠠᠪᠠᠵᠤ᠂ ᠡᠨᠡ ᠵᠢᠯ ᠤ᠋ᠨ ᠦᠨ᠎ᠠ ᠬᠠᠶᠠᠯᠴᠠᠭᠠᠨ ᠤ᠋ ᠬᠤᠷᠠᠯ ᠳ᠋ᠤ ᠰᠠᠢᠨ ᠡᠬᠦᠯᠳᠡᠷ ᠤ᠋ᠨ ᠨᠢᠬᠡᠨ ᠤᠬᠤᠨ᠎ᠠ ᠨᠢ 23.5 ᠲᠦᠮᠡᠨ ᠲᠦᠬᠦᠷᠢᠭ ᠲᠦ᠍ ᠬᠦᠷᠦᠭᠰᠡᠨ ᠬᠡᠨ᠎ᠠ᠃
— ᠤᠳᠤ ᠰᠠᠭᠠᠯᠢ ᠵᠢᠨ ᠦᠨᠢᠶᠡᠨ ᠤ᠋ ᠰᠦ ᠵᠢᠨ ᠭᠠᠷᠤᠯᠳᠠ ᠵᠢ ᠪᠦᠷ ᠲᠤᠨ ᠵᠢᠡᠷ ᠬᠡᠯᠡᠯᠴᠡᠬᠦ ᠪᠤᠯᠵᠤ᠂ ᠮᠠᠨ ᠤ᠋ ᠤᠷᠤᠨ ᠤ᠋ ᠡᠾᠸᠰᠲ᠋ᠠᠨ ᠰᠠᠭᠠᠯᠢ ᠵᠢᠨ ᠦᠨᠢᠶ᠎ᠠ ᠵᠢᠨ ᠬᠡᠪᠴᠢᠶᠡᠵᠢᠭᠰᠡᠨ ᠲᠠᠵᠢᠬᠡᠪᠤᠷᠢ ᠵᠢᠨ ᠲᠠᠯᠠᠪᠠᠢ ᠵᠢᠨ ᠦᠨᠢᠶ᠎ᠠ ᠵᠢᠨ ᠵᠢᠯ ᠤ᠋ᠨ ᠰᠦ ᠵᠢᠨ ᠭᠠᠷᠤᠯᠳᠠ ᠲᠤᠮᠳᠠᠴᠢ ᠪᠡᠷ 10.2 ᠲᠤᠨ ᠳ᠋ᠤ ᠬᠦᠷᠴᠦ ᠪᠠᠢᠭ᠎ᠠ ᠪᠤᠯᠪᠠᠴᠦ ᠰᠠᠶᠢ ᠲᠠᠯᠠᠬᠡᠢ ᠵᠢᠨ ᠲᠡᠷᠢᠬᠦᠨ ᠤ᠋ ᠲᠦᠪᠰᠢᠨ ᠳ᠋ᠤ ᠤᠢᠷᠠᠳᠴᠦ ᠪᠠᠢᠨ᠎ᠠ ᠬᠡᠨ᠎ᠠ᠂ ᠲᠡᠷᠢᠬᠦᠨ ᠤ᠋ ᠲᠦᠪᠰᠢᠨ ᠤ᠋ ᠬᠢᠨ ᠴᠤᠬᠤᠮ ᠬᠡᠳᠤᠢ ᠰᠦ ᠭᠠᠷᠳᠠᠭ ᠢ᠋ ᠪᠤᠤ ᠮᠡᠳᠡ⁈
᠁
ᠨᠠᠮᠤᠷ ᠤ᠋ᠨ ᠰᠡᠭᠦᠯᠴᠢ ᠪᠡᠷ ᠮᠠᠯ ᠤ᠋ᠨ ᠭᠠᠷᠭᠠᠯᠳᠠ ᠬᠦᠭᠵᠢᠶᠡᠨᠳᠤ ᠡᠷᠢᠨ ᠳ᠋ᠤ ᠤᠷᠤᠵᠤ᠂ ᠬᠦᠳᠡᠬᠡ ᠨᠤᠳᠤᠭ ᠵᠢᠡᠷ ᠮᠠᠯ ᠤ᠋ᠨ ᠠᠰᠢᠭ ᠰᠢᠮ᠎ᠠ ᠢ᠋ᠢᠨ ᠭᠠᠷᠤᠯᠲᠠ ᠢ᠋ᠢᠨ ᠲᠤᠬᠠᠢ ᠬᠠᠯᠠᠭᠤᠨ ᠵᠤᠭᠤᠭ ᠳᠡᠯᠭᠡᠭᠳᠡᠨ᠎ᠠ᠃ ᠲᠡᠢᠮᠤ ᠡ᠂ ᠮᠠᠯ ᠤ᠋ᠨ ᠠᠰᠢᠭ ᠰᠢᠮ᠎ᠠ ᠢ᠋ᠢᠨ ᠭᠠᠷᠤᠯᠲᠠ ᠵᠢ ᠶᠠᠭᠠᠬᠢᠵᠤ ᠨᠡᠮᠡᠭᠳᠡᠭᠦᠯᠵᠤ᠂ 《ᠭᠠᠷᠤᠯᠳᠠ》 ᠵᠢᠨ ᠠᠰᠠᠭᠤᠳᠠᠯ ᠢ᠋ ᠬᠡᠷᠬᠢᠨ ᠰᠢᠢᠳᠪᠤᠷᠢᠯᠡᠬᠦ ᠪᠤᠢ? ᠡᠨᠡ ᠨᠢ ᠮᠠᠯᠴᠢᠳ ᠤ᠋ᠨ ᠠᠰᠢᠭ ᠤᠷᠤᠯᠭ᠎ᠠ ᠲᠠᠢ ᠰᠢᠭᠤᠳ ᠬᠤᠯᠪᠤᠭᠳᠠᠬᠤ ᠪᠤᠯᠬᠤᠷ ᠲᠡᠳᠡᠨ ᠤ᠋ ᠬᠠᠮᠤᠭ ᠡᠴᠡ ᠠᠡᠭᠬᠠᠷᠤᠨ ᠬᠠᠯᠠᠮᠵᠢᠯᠠᠬᠤ ᠠᠰᠠᠭᠤᠳᠠᠯ ᠪᠤᠯᠵᠠᠢ᠃ ᠡᠨᠡ ᠨᠢ ᠪᠠᠰᠠ ᠠᠮᠤ ᠪᠤᠳᠠᠭᠠᠨ ᠤ᠋ ᠠᠮᠤᠷ ᠲᠦᠪᠰᠢᠨ ᠲᠠᠢ ᠰᠢᠭᠤᠳ ᠬᠤᠯᠪᠤᠭᠳᠠᠬᠤ ᠪᠤᠯᠬᠤᠷ ᠦᠪᠡᠷᠳᠡᠬᠡᠨ ᠵᠠᠰᠠᠬᠤ ᠤᠷᠤᠨ ᠡᠴᠡ ᠠᠪᠤᠭᠠᠳ ᠤᠷᠤᠨ ᠨᠤᠳᠤᠭ ᠬᠦᠷᠳᠡᠯ᠎ᠠ ᠪᠡᠯᠴᠢᠭᠡᠷ ᠤ᠋ᠨ ᠮᠠᠯ ᠠᠵᠤ ᠠᠬᠤᠶ ᠢ᠋ᠢᠨ ᠬᠡᠯᠪᠡᠷᠢ ᠢ᠋ᠢ ᠬᠤᠪᠢᠷᠠᠭᠤᠯᠵᠤ ᠲᠠᠰ ᠳᠡᠪᠰᠢᠭᠦᠯᠬᠦ ᠶᠠᠪᠤᠴᠠ ᠳ᠋ᠤ ᠪᠦᠬᠦ ᠬᠦᠴᠦᠨ ᠵᠢᠡᠷ ᠵᠢᠡᠨ ᠰᠢᠢᠳᠪᠦᠷᠢᠯᠡᠵᠤ ᠪᠠᠢᠭ᠎ᠠ ᠴᠢᠬᠤᠯᠠ ᠶᠠᠪᠤᠳᠠᠯ ᠪᠤᠯᠵᠠᠢ᠃

11 ᠰᠠᠷ᠎ᠠ ᠵᠢᠨ ᠡᠬᠢ ᠪᠡᠷ ᠪᠢᠳᠡ ᠦᠪᠡᠷᠳᠡᠬᠡᠨ ᠵᠠᠰᠠᠬᠤ ᠤᠷᠤᠨ ᠤ᠋ ᠪᠡᠯᠴᠢᠭᠡᠷ ᠤ᠋ᠨ ᠳᠠᠭᠠᠭᠠᠴᠠ ᠡᠴᠡ ᠬᠡᠲᠤᠷᠠᠲᠠᠯᠠ ᠪᠡᠯᠴᠢᠭᠡᠷᠯᠡᠭᠦᠯᠬᠦ ᠠᠰᠠᠭᠤᠳᠠᠯ ᠢ᠋ ᠱᠢᠶ᠋ᠳᠪᠦᠷᠢᠯᠡᠬᠦ᠌ ᠲᠤᠷᠱᠢᠯᠲᠠ ᠢ᠋ᠢᠨ ᠴᠡᠭ ᠤ᠋ᠨ ᠬᠤᠰᠢᠭᠤ ᠪᠤᠯᠬᠤ ᠰᠢᠯᠢ ᠵᠢᠨ ᠭᠤᠤᠯ ᠠᠢᠮᠠᠭ ᠤ᠋ᠨ ᠪᠠᠷᠠᠭᠤᠨ ᠦᠵᠦᠮᠦᠴᠢᠨ ᠬᠣᠱᠢᠭᠤ᠂ ᠤᠯᠠᠭᠠᠨᠬᠠᠳᠠ ᠬᠤᠳᠠ ᠵᠢᠨ ᠠᠷᠤ ᠬᠣᠷᠴᠢᠨ ᠬᠣᠱᠢᠭᠤ᠂ ᠤᠯᠠᠭᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠪᠡᠷ ᠰᠤᠷᠪᠤᠯᠵᠢᠯᠠᠵᠤ ᠶᠠᠪᠤᠬᠤ ᠳ᠋ᠠᠭᠠᠨ᠂ ᠲᠤᠬᠠᠢ ᠵᠢᠨ ᠭᠠᠵᠠᠷ ᠤ᠋ᠨ ᠬᠢᠨ ᠲᠠᠷᠢᠵᠤ ᠲᠠᠵᠢᠬᠡᠬᠦ ᠵᠢ ᠤᠶᠠᠯᠳᠤᠭᠤᠯᠤᠨ ᠮᠠᠯ ᠤ᠋ᠨ ᠲᠠᠷᠭᠤ ᠬᠦᠴᠦ ᠵᠢ ᠲᠠᠬᠡᠭᠰᠢᠯᠡᠬᠦᠯᠬᠦ᠂ ᠰᠦᠷᠦᠭ ᠤ᠋ᠨ ᠪᠦᠲᠦᠴᠡ ᠪᠠᠨ ᠲᠤᠬᠢᠷᠠᠭᠤᠯᠤᠨ ᠰᠢᠯᠢᠳᠡᠭ ᠡᠭᠦᠯᠳᠡᠷ ᠤ᠋ᠨ ᠮᠠᠯ ᠮᠠᠯᠵᠢᠬᠤ᠂ ᠰᠢᠨᠵᠢᠯᠡᠬᠦ ᠤᠬᠠᠭᠠᠨᠴᠢ ᠪᠡᠷ ᠮᠠᠯᠵᠢᠨ ᠱᠢᠨ᠎ᠡ ᠮᠡᠷᠭᠡᠵᠢᠯ ᠢ᠋ ᠲᠠᠯᠬᠡᠷᠡᠬᠦᠯᠬᠦ ᠮᠡᠳᠤ ᠪᠡᠷ《ᠴᠥᠭᠡᠨ ᠲᠡᠵᠢᠭᠡᠵᠦ᠍ ᠴᠢᠨᠠᠷᠯᠢᠭ ᠮᠠᠯᠵᠢᠬᠤ》 ᠪᠡᠷ ᠲᠠᠮᠵᠢᠨ ᠡᠬᠢ ᠪᠠᠶᠠᠯᠢᠭ ᠤ᠋ᠨ ᠠᠱᠢᠭ᠍ᠯᠠᠮᠵᠢ ᠪᠠ ᠦᠶ᠋ᠯᠡᠳᠪᠦᠷᠢᠯᠡᠯ ᠤ᠋ᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠤ᠂ ᠮᠠᠯ ᠤ᠋ᠨ ᠠᠱᠢᠭ ᠱᠢᠮ᠎ᠡ ᠢ᠋ᠢᠨ ᠭᠠᠷᠤᠯᠲᠠ ᠪᠡᠨ ᠬᠦᠴᠦᠯᠡᠨ ᠨᠡᠮᠡᠭᠳᠡᠭᠦᠯᠵᠤ ᠪᠠᠢᠬᠤ ᠵᠢ ᠬᠠᠷᠠᠯ᠎ᠠ᠃
ᠵᠠᠡᠭᠭᠢᠯᠠᠭᠠ ᠢ᠋ᠢᠨ ᠦᠭᠡ᠄ ᠰᠢᠨ᠎ᠠ ᠮᠠᠯᠵᠢᠯᠭ᠎ᠠ
ᠲᠡᠭᠷᠢ ᠳ᠋ᠤ ᠡᠭᠦᠯᠡᠰ ᠰᠡᠮᠡᠷᠡᠨ᠂ ᠲᠡᠷᠲᠡᠭᠡ ᠳ᠋ᠤ ᠰᠢᠪᠠᠭᠤᠳ ᠨᠡᠭᠦᠳᠡᠯᠯᠡᠨᠠ᠃ ᠰᠡᠦᠭᠡ ᠮᠠᠰᠢᠨ ᠤ᠋ ᠬᠦᠩᠭᠡᠨ ᠳᠠᠪᠬᠢᠭ᠎ᠠ ᠳ᠋ᠤ ᠰᠢᠷ᠎ᠠ ᠪᠤᠷᠤ ᠮᠠᠡᠬᠬᠠ ᠳᠤᠪᠤ ᠪᠤᠶᠤ ᠡᠡᠭᠨᠡᠷᠡᠨ ᠵᠢᠭᠳᠡᠷᠡᠭᠰᠡᠨ ᠭᠡᠷ ᠪᠠᠢᠰᠢᠡᠭ ᠵᠢᠷᠪᠢᠰ ᠵᠢᠷᠪᠢᠰ ᠦᠡᠭᠭᠡᠷᠡᠨᠠ᠃ ᠪᠢᠳᠡ ᠠᠷᠤ ᠬᠣᠷᠴᠢᠨ ᠬᠣᠱᠢᠭᠤᠨ ᠤ᠋ ᠴᠢᠪᠠᠭ᠎ᠠ ᠪᠠᠯᠭᠠᠰᠤ ᠡᠴᠡ ᠵᠡᠬᠦᠨᠰᠢ 45 ᠺᠢᠯᠣᠮᠧᠲ᠋ᠷ ᠵᠠᠮᠨᠠᠵᠤ᠂ ᠬᠤᠶᠠᠷ ᠳᠠᠪᠬᠤᠷ ᠲᠤᠬᠢᠯᠢᠭ ᠰᠠᠭᠤᠴᠠ ᠲᠠᠢ᠂ ᠬᠤᠷᠤᠭ᠎ᠠ ᠬᠠᠰᠢᠶ᠎ᠠ᠂ ᠡᠪᠡᠰᠤᠨ ᠬᠦᠮᠦᠷᠭᠡ᠂ ᠬᠦᠭᠡ ᠳᠠᠷᠤᠰᠢ ᠢ᠋ᠢᠨ ᠵᠤᠭᠤᠷᠢ ᠵᠡᠷᠭᠡ ᠢᠵᠢ ᠪᠦᠷᠢᠨ ᠰᠠᠭᠤᠷᠢ ᠲᠥᠬᠥᠭᠡᠷᠦᠮᠵᠢ ᠲᠠᠢ《ᠴᠦᠭᠡᠨ ᠲᠡᠵᠢᠭᠡᠵᠤ ᠴᠢᠨᠠᠷᠯᠢᠭ ᠮᠠᠯᠵᠢᠬᠰᠠᠨ ᠵᠢᠱ᠌ᠢᠶᠠ ᠦᠵᠡᠭᠦᠯᠬᠦ ᠡᠷᠦᠬᠡ》 ᠱᠤᠸᠠᠩ ᠵᠢᠨ ᠯᠦᠩ ᠤ᠋ᠨ ᠳ᠋ᠤ ᠬᠦᠷᠴᠤ ᠢᠷᠡᠯ᠎ᠠ᠃
ᠱᠤᠸᠠᠩ ᠵᠢᠨ ᠯᠦᠩ ᠪᠤᠯ ᠠᠷᠤ ᠬᠤᠷᠴᠢᠨ ᠬᠤᠰᠢᠭᠤᠨ ᠤ᠋ ᠱᠤᠤ ᠪᠠᠯᠭᠠᠰᠤ ᠵᠢᠨ ᠬᠤᠯᠪᠤᠭ᠎ᠠ ᠭᠠᠴᠠᠭᠠᠨ ᠤ᠋ ᠮᠠᠯᠴᠢᠨ᠂ ᠭᠤᠴᠢᠭᠠᠳ ᠵᠢᠯ ᠤ᠋ᠨ ᠬᠠᠰᠢᠷ ᠲᠤᠷᠰᠢᠯᠭ᠎ᠠ ᠲᠠᠢ ᠮᠠᠯ ᠠᠵᠤ ᠠᠬᠤᠢ ᠢ᠋ᠢᠨ ᠲᠤᠰᠭᠠᠢ ᠮᠡᠷᠭᠡᠵᠢᠯᠲᠠᠨ ᠶᠤᠮ᠃ ᠲᠡᠷᠡ 《 ᠲᠠᠷᠢᠵᠤ ᠲᠡᠵᠢᠭᠡᠬᠦ᠌ ᠢ᠋ᠢ ᠤᠶᠠᠯᠳᠤᠭᠤᠯᠤᠨ ᠴᠥᠭᠡᠨ ᠲᠡᠵᠢᠭᠡᠵᠤ ᠴᠢᠨᠠᠷᠯᠢᠭ ᠮᠠᠯᠵᠢᠬᠤ 》 ᠬᠡᠯᠪᠡᠷᠢ ᠢ᠋ᠢᠨ ᠬᠡᠷ ᠪᠦᠯᠢ ᠢ᠋ᠢᠨ ᠮᠠᠯᠵᠢᠯ ᠤ᠋ᠨ ᠲᠠᠯᠠᠪᠠᠢ ᠡᠷᠬᠢᠯᠡᠵᠤ᠂ ᠰᠦ ᠮᠢᠬᠠᠨ ᠤ᠋ ᠬᠤᠤᠰ ᠬᠡᠷᠡᠭᠴᠡᠭᠡᠲᠤ ᠱᠢᠮᠧᠨ᠋ᠳ᠋ᠡᠷ ᠦᠬᠡᠷ ᠢ᠋ ᠬᠠᠱᠢᠶᠠᠯᠠᠨ ᠲᠡᠵᠢᠭᠡᠵᠤ᠂ 300 ᠮᠥ᠍ ᠰᠦᠯ ᠰᠠᠢᠲᠠᠶ ᠲᠡᠵᠢᠭᠡᠯ ᠡᠪᠡᠰᠦ ᠳᠠᠷᠢᠵᠤ ᠪᠤᠢ᠃
ᠲᠠᠷᠭᠤ ᠬᠦᠴᠦ᠍ ᠰᠠᠢᠲᠠᠶ ᠦᠬᠡᠷ ᠤ᠋ᠳ ᠬᠠᠰᠢᠶᠠᠨ ᠳ᠋ᠠᠭᠠᠨ ᠬᠡᠪᠢᠨ ᠵᠤᠭᠰᠤᠨ᠎ᠠ᠃ 《ᠮᠠᠨ ᠤ᠋ ᠲᠡᠵᠢᠭᠡᠵᠤ ᠪᠠᠢᠭ᠎ᠠ ᠦᠬᠡᠷ ᠤ᠋ᠨ ᠲᠠᠩᠰᠠ ᠡᠪᠬᠡᠮᠡᠯ᠂ ᠤᠳᠤᠮ ᠴᠠᠳᠢᠭ ᠲᠣᠳᠣᠷᠬᠠᠶ᠃ ᠪᠢ ᠢᠴᠡᠭᠡᠯ ᠦᠷ᠎ᠠ ᠢ᠋ᠢᠨ ᠶᠠᠰᠤ ᠴᠢᠨᠠᠷ ᠢ᠋ ᠳᠡᠭᠡᠭᠰᠢᠯᠡᠭᠦᠯᠵᠤ ᠨᠤᠲᠤᠭ ᠤᠰᠤᠨ ᠳ᠋ᠠᠭᠠᠨ ᠵᠤᠬᠢᠴᠠᠭᠰᠠᠨ ᠰᠠᠢᠨ ᠡᠭᠦᠯᠳᠡᠷ ᠤ᠋ᠨ ᠮᠠᠯ ᠢ᠋ ᠦᠰᠬᠡᠨ ᠪᠤᠢᠵᠢᠭᠤᠯᠵᠤ ᠪᠠᠢᠨ᠎ᠠ᠃ ᠮᠠᠨ ᠤ᠋ ᠬᠢᠨ ᠡᠬᠡ ᠮᠠᠯ ᠢ᠋ 50 ᠣᠷᠴᠢᠮ ᠳ᠋ᠤ ᠬᠢᠵᠠᠭᠠᠷᠯᠠᠵᠤ᠂ ᠵᠢᠯ ᠪᠦᠷᠢ ᠬᠠᠮᠤᠭ ᠤ᠋ᠨ ᠰᠠᠢᠨ 3 — 5 ᠡᠮ᠎ᠠ ᠲᠤᠭᠤᠯ ᠢ᠋ ᠦᠯᠡᠳᠡᠭᠡᠨ ᠪᠤᠰᠤᠳ ᠲᠤᠭᠤᠯ ᠢ᠋ᠢᠡᠨ ᠪᠦᠷ ᠬᠤᠳᠠᠯᠳᠤᠳᠠᠭ᠂ ᠤᠤᠯ ᠳ᠋ᠠᠭᠠᠨ ᠲᠤᠭᠤᠯ ᠢ᠋ ᠨᠢᠭᠡ ᠵᠢᠯ ᠲᠡᠵᠢᠭᠡᠭᠡᠳ 500 — 600 ᠵᠢᠡᠭ ᠬᠦᠷᠳᠡᠭ ᠪᠠᠢᠭᠰᠠᠨ ᠪᠤᠯ ᠤᠳᠤ 5 — 6 ᠰᠠᠷ᠎ᠠ ᠲᠡᠵᠢᠭᠡᠪᠡᠯ 600 — 700 ᠵᠢᠡᠭ ᠳ᠋ᠤ ᠬᠦᠷᠴᠤ᠂ ᠦᠨ᠎ᠡ ᠬᠠᠩᠰᠢ ᠨᠢ ᠲᠤᠮᠳᠠᠴᠢ ᠪᠡᠷ 1.8 ᠲᠦᠮᠡᠨ ᠲᠥᠭᠥᠷᠢᠭ ᠲᠤ᠌ ᠬᠦᠷᠴᠤ ᠪᠤᠢ᠃ ᠦᠨᠢᠶᠡᠨ ᠤ᠋ ᠡᠳᠦᠷ ᠤ᠋ᠨ ᠰᠦ ᠵᠢᠨ ᠭᠠᠷᠤᠯᠲᠠ ᠴᠤ᠌ ᠤᠤᠯ ᠤ᠋ᠨ 20 ᠵᠢᠡᠭ ᠡᠴᠡ ᠨᠡᠮᠡᠭᠳᠡᠭᠡᠳ 40 ᠵᠢᠡᠭ ᠪᠤᠯᠪᠠ》 ᠭᠡᠵᠤ ᠱᠤᠸᠠᠡᠭ ᠵᠢᠨ ᠯᠦᠡᠭ ᠬᠡᠯᠡᠨ᠎ᠠ᠃ 《ᠶᠠᠭᠠᠬᠢᠭᠠᠳ ᠡᠢᠮᠤ ᠶᠡᠬᠡ ᠪᠡᠷ ᠨᠡᠮᠡᠭᠳᠡᠬᠦᠯᠵᠤ ᠲᠠᠢᠯᠦᠭᠰᠡᠨ ᠪᠤᠢ?》 ᠬᠡᠵᠤ ᠠᠰᠠᠭᠤᠬᠤ ᠳ᠋ᠤ ᠱᠤᠸᠠᠡᠭ ᠵᠢᠨ ᠯᠦᠡᠭ᠄《ᠡᠨᠡ ᠨᠢ ᠲᠤᠭᠤᠯ ᠪᠠ ᠦᠨᠢᠶ᠎ᠡ ᠪᠡᠨ ᠲᠦᠷᠦᠯ ᠬᠤᠪᠢᠶᠠᠨ ᠲᠡᠵᠢᠭᠡᠵᠤ ᠲᠠᠷᠭᠤ ᠬᠦᠴᠦ ᠵᠢ ᠨᠢ ᠲᠠᠬᠡᠭᠰᠢᠯᠡᠬᠦᠯᠤᠨ᠂ ᠠᠳᠠᠯᠢ ᠪᠤᠰᠤ ᠹᠢᠽᠢᠣᠯᠣᠭᠢ ᠢ᠋ᠢᠨ ᠱᠠᠲᠤᠨ ᠳ᠋ᠡᠬᠢ ᠠᠳᠠᠯᠢ ᠪᠤᠰᠤ ᠱᠢᠮ᠎ᠡ ᠲᠡᠵᠢᠭᠡᠯ ᠤ᠋ᠨ ᠬᠡᠷᠡᠭ᠌ᠴᠡᠭᠡ ᠢ᠋ᠢ ᠰᠢᠨᠵᠢᠯᠡᠬᠦ ᠤᠬᠠᠭᠠᠨᠴᠢ ᠪᠡᠷ ᠬᠠᠡᠭᠭᠠᠬᠰᠠᠨ ᠲᠠᠢ ᠰᠢᠭᠤᠳ ᠬᠤᠯᠪᠤᠭ᠎ᠠ ᠲᠠᠢ᠃ ᠮᠦᠨ ᠴᠤ᠌ ᠠᠷᠭᠠᠯ ᠬᠦᠷᠵᠡᠡᠭ ᠢ᠋ ᠪᠣᠷᠲᠣᠭᠣᠷ ᠪᠣᠯᠭᠠᠨ ᠠᠱᠢᠭ᠍ᠯᠠᠵᠤ ᠬᠦᠷᠦᠰᠦᠨ ᠤ᠋ ᠱᠢᠮ᠎ᠡ ᠢ᠋ᠢ ᠨᠡᠮᠡᠭᠳᠡᠭᠦᠯᠤᠨ ᠲᠡᠵᠢᠭᠡᠯ ᠡᠪᠡᠰᠤᠨ ᠳ᠋ᠡᠬᠢ ᠬᠢᠮᠢ ᠢ᠋ᠢᠨ ᠪᠣᠷᠲᠣᠭᠣᠷ ᠤ᠋ᠨ ᠣᠷᠣᠭᠤᠯᠤᠯᠲᠠ ᠢ᠋ᠢ ᠪᠠᠭᠠᠰᠬᠠᠬᠰᠠᠨ ᠲᠠᠢ ᠬᠤᠯᠪᠤᠭ᠎ᠠ ᠲᠠᠢ ᠶᠤᠮ᠃ ᠮᠢᠨᠤ ᠲᠠᠷᠢᠬᠰᠠᠨ ᠲᠡᠵᠢᠭᠡᠯ ᠡᠪᠡᠰᠤᠨ ᠤ᠋ ᠵᠢᠯ ᠤ᠋ᠨ ᠤᠨᠠᠯᠲᠠ 328.6 ᠲᠣᠨ ᠳ᠋ᠤ ᠬᠦᠷᠴᠦ᠍᠂ ᠡᠪᠡᠰᠦᠨ ᠤ᠋ ᠬᠡᠷᠡᠭ᠌ᠴᠡᠭᠡ ᠪᠠᠨ ᠭᠦᠢᠴᠡᠳ ᠬᠠᠩᠭᠠᠵᠤ ᠪᠠᠢᠨ᠎ᠠ》 ᠬᠡᠵᠤ ᠮᠠᠯᠵᠢᠯ ᠤ᠋ᠨ ᠠᠷᠭ᠎ᠠ ᠪᠠᠨ ᠨᠢᠭᠤᠯᠳᠠ ᠦᠬᠡᠢ ᠲᠠᠨᠢᠯᠴᠠᠭᠤᠯᠤᠯ᠎ᠠ᠃
ᠱᠤᠸᠠᠩ ᠵᠢᠨ ᠯᠦᠩ ᠤ᠋ᠨ ᠰᠢᠨᠵᠢᠯᠡᠬᠦ ᠤᠬᠠᠭᠠᠴᠢ ᠮᠠᠯᠵᠢᠯ ᠤ᠋ᠨ ᠠᠷᠭ᠎ᠠ ᠤᠳᠤ ᠠᠷᠤ ᠬᠣᠷᠴᠢᠨ ᠬᠣᠱᠢᠭᠤᠨ ᠳ᠋ᠤ ᠦᠯᠢᠭᠡᠷ ᠵᠢᠱ᠌ᠢᠶᠠ ᠪᠤᠯᠵᠤ ᠳᠡᠯᠭᠡᠷᠡᠵᠡᠢ᠃ ᠲᠤᠰ ᠬᠣᠱᠢᠭᠤ ᠪᠣᠳᠠᠲᠤ ᠪᠠᠢᠳᠠᠯ ᠲᠠᠢ ᠪᠡᠨ ᠤᠶᠠᠯᠳᠤᠭᠤᠯᠤᠨ《ᠳᠠᠷᠢᠵᠤ ᠲᠡᠵᠢᠭᠡᠬᠦ᠌ ᠢ᠋ᠢ ᠤᠶᠠᠯᠳᠤᠭᠤᠯᠬᠤ᠂ ᠴᠦᠬᠡᠨ ᠲᠠᠵᠢᠬᠡᠵᠤ ᠴᠢᠨᠠᠷᠯᠢᠭ ᠮᠠᠯᠵᠢᠬᠤ᠂ ᠪᠣᠬᠢᠷᠲᠤᠯ ᠥᠬᠡᠶ ᠪᠡᠷ ᠬᠦᠭᠵᠢᠭᠦᠯᠬᠦ》ᠠᠷᠭ᠎ᠠ ᠢ᠋ᠢ ᠬᠡᠷᠡᠭᠵᠢᠭᠦᠯᠵᠤ᠂ ᠱᠤᠸᠠᠩ ᠵᠢᠨ ᠯᠦᠩ ᠤ᠋ᠨ ᠬᠡᠷ ᠪᠦᠯᠢ ᠢ᠋ᠢᠨ ᠮᠠᠯᠵᠢᠯ ᠤ᠋ᠨ ᠲᠠᠯᠠᠪᠠᠶ ᠢ᠋ᠢᠨ ᠠᠷᠭ᠎ᠠ ᠬᠡᠯᠪᠡᠷᠢ ᠵᠢ ᠪᠥᠬᠥ᠌ ᠬᠣᠱᠢᠭᠤᠨ ᠳ᠋ᠤ ᠳᠡᠯᠭᠡᠷᠡᠭᠦᠯᠵᠤ᠂ ᠮᠠᠰᠢ ᠣᠯᠠᠨ ᠬᠡᠷ ᠪᠦᠯᠢ ᠢ᠋ᠢᠨ ᠮᠠᠯᠵᠢᠯ ᠤ᠋ᠨ ᠲᠠᠯᠠᠪᠠᠶ ᠪᠤᠯᠤᠨ ᠠᠢᠯ ᠡᠷᠦᠭᠡ ᠪᠦᠷ ᠮᠢᠬᠠᠨ ᠤ᠋ ᠦᠬᠡᠷ ᠵᠢᠨᠨ ᠱᠢᠨᠵᠢᠯᠡᠬᠦ᠌ ᠤᠬᠠᠭᠠᠨᠴᠢ ᠪᠡᠷ ᠮᠠᠯᠵᠢᠬᠤ ᠪᠤᠯᠵᠡᠢ᠃
ᠪᠠᠷᠠᠭᠤᠨ ᠦᠵᠦᠮᠦᠴᠢᠨ ᠬᠤᠰᠢᠭᠤᠨ ᠤ᠋ ᠪᠠᠶᠠᠨᠬᠤᠰᠢᠭᠤ ᠰᠤᠮᠤ ᠵᠢᠨ ᠬᠦᠷᠡᠯᠲᠤ ᠭᠠᠴᠠᠭᠠᠨ ᠤ᠋ ᠭᠤᠤᠯᠳᠡᠮᠤᠷ ᠤ᠋ᠨ ᠬᠢ ᠴᠤ᠌ 《ᠴᠦᠭᠡᠨ ᠲᠡᠵᠢᠭᠡᠵᠤ ᠴᠢᠨᠠᠷᠯᠢᠭ ᠮᠠᠯᠵᠢᠬᠤ》 ᠬᠡᠯᠪᠡᠷᠢ ᠢ᠋ᠢᠨ ᠭᠡᠷ ᠪᠦᠯᠢ ᠢ᠋ᠢᠨ ᠮᠠᠯᠵᠢᠯ ᠤ᠋ᠨ ᠲᠠᠯᠠᠪᠠᠢ ᠵᠢ ᠡᠷᠬᠢᠯᠡᠨ ᠰᠢᠯᠢᠳᠡᠭ ᠡᠭᠦᠯᠳᠡᠷ ᠤ᠋ᠨ ᠱᠢᠮᠧᠨ᠋ᠳ᠋ᠡᠷ ᠦᠭᠡᠷ ᠮᠠᠯᠵᠢᠵᠤ ᠪᠠᠢᠭ᠎ᠠ ᠶᠤᠮ᠃
《ᠪᠢ ᠦᠬᠡᠷ ᠤ᠋ᠨ ᠢ᠋ᠢᠡᠨ ᠡᠭᠦᠯᠳᠡᠷ ᠴᠢᠨᠠᠷ ᠢ᠋ ᠪᠠᠲᠤᠯᠠᠬᠤ ᠢ᠋ᠢᠨ ᠲᠦᠯᠦᠭᠡ ᠬᠡᠬᠡᠯᠳᠦᠬᠦᠯᠭᠡ ᠢ᠋ᠢᠨ ᠮᠡᠷᠭᠡᠵᠢᠯ ᠢ᠋ ᠰᠤᠷᠤᠯ᠎ᠠ᠂ ᠱᠢᠮᠧᠨ᠋ᠳ᠋ᠡᠷ ᠦᠭᠡᠷ ᠮᠠᠯᠵᠢᠬᠤ ᠳ᠋ᠤ ᠠᠷᠠᠴᠢᠯᠠᠭ᠎ᠠ ᠢ᠋ᠢ ᠠᠡᠭᠬᠠᠷᠴᠦ᠂ ᠲᠠᠵᠢᠬᠡᠯ ᠡᠪᠡᠰᠤ ᠪᠤᠷᠳᠤᠭ᠎ᠠ ᠢ᠋ᠢ ᠲᠡᠡᠭᠴᠡᠪᠦᠷᠢᠲᠡᠢ ᠲᠤᠬᠢᠷᠠᠭᠤᠯᠤᠨ᠂ ᠬᠡᠪᠲᠡᠯᠭᠡ ᠢ᠋ᠢ ᠨᠢ ᠴᠠᠭ ᠲᠤᠬᠠᠢ ᠳ᠋ᠤᠨᠢ ᠴᠡᠪᠡᠷᠯᠡᠬᠦ ᠴᠢᠬᠤᠯᠠᠳᠠᠢ᠃ ᠪᠢ ᠨᠢᠭᠡ ᠦᠬᠡᠷ ᠲᠤ᠌ ᠡᠳᠦᠷ ᠤ᠋ᠨ 23 ᠵᠢᠡᠭ ᠡᠪᠡᠰᠤ᠂ 3 ᠵᠢᠡᠭ ᠪᠤᠷᠳᠤᠭ᠎ᠠ ᠦᠭᠴᠤ᠂ ᠲᠤᠭᠤᠯᠯᠠᠭᠰᠠᠨ ᠦᠨᠢᠶ᠎ᠠ ᠳ᠋ᠤ 5 ᠵᠢᠡᠭ ᠪᠤᠷᠳᠤᠭ᠎ᠠ ᠦᠭᠳᠡᠭ᠃ ᠤᠢᠷ᠎ᠠ ᠢ᠋ᠢᠨ ᠬᠤᠶᠠᠷ ᠵᠢᠯ ᠦᠬᠡᠷ ᠤ᠋ᠨ ᠦᠨ᠎ᠠ ᠬᠠᠡᠭᠰᠢ ᠪᠠᠭᠤᠷᠠᠭᠰᠠᠨ ᠴᠤ᠌ ᠮᠠᠨ ᠤ᠋ ᠲᠤᠭᠤᠯ ᠳᠡᠭᠰᠢᠳᠬᠡᠭᠡᠳ ᠲᠦᠮᠡᠨ ᠲᠦᠬᠦᠷᠢᠭ ᠲᠤ᠌ ᠬᠦᠷᠴᠤ᠂ ᠡᠩ ᠤ᠋ᠨ ᠡᠭᠦᠯᠳᠡᠷ ᠤ᠋ᠨ ᠲᠤᠭᠤᠯ ᠲᠠᠢ ᠬᠠᠷᠢᠴᠠᠭᠤᠯᠪᠠᠯ ᠪᠡᠶ᠎ᠠ ᠨᠢ ᠪᠦᠲᠦᠭᠦᠨ ᠪᠤᠯᠬᠤᠷ ᠨᠢᠭᠡ ᠲᠤᠭᠤᠯ ᠡᠴᠡ ᠪᠠᠷᠤᠭ 2000 — 3000 ᠲᠦᠬᠦᠷᠢᠭ ᠤ᠋ᠨ ᠢᠯᠡᠭᠦᠤ ᠤᠷᠤᠯᠭ᠎ᠠ ᠲᠠᠢ ᠶᠤᠮ》 ᠭᠡᠵᠤ ᠭᠤᠤᠯᠳᠡᠮᠤᠷ ᠴᠢᠨᠠᠷᠯᠢᠭ ᠮᠠᠯᠵᠢᠬᠤ ᠵᠢᠨ ᠠᠴᠢ ᠦᠢᠯᠡᠳᠤᠯ ᠢ᠋ ᠶᠠᠷᠢᠨ᠎ᠠ᠃
ᠭᠤᠤᠯᠳᠡᠮᠤᠷ ᠤ᠋ᠨ ᠬᠢᠨ ᠵᠤᠨ ᠳ᠋ᠠᠭᠠᠨ 200 ᠭᠠᠷᠤᠢ ᠱᠢᠮᠧᠨ᠋ᠳ᠋ᠡᠷ ᠦᠭᠡᠷ ᠮᠠᠯᠵᠢᠵᠤ᠂ ᠡᠪᠦᠯ ᠳ᠋ᠡᠭᠡᠨ ᠪᠤᠯ 100 ᠭᠠᠷᠤᠢ ᠦᠨᠢᠶ᠎ᠠ ᠯᠡ ᠦᠯᠡᠳᠡᠭᠡᠳᠡᠭ᠃ ᠲᠡᠳᠡᠨ ᠤ᠋ ᠱᠢᠮᠧᠨ᠋ᠳ᠋ᠡᠷ ᠦᠬᠡᠷ ᠰᠢᠯᠢ ᠢ᠋ᠢᠨ ᠭᠤᠤᠯ ᠠᠢᠮᠠᠭ ᠤ᠋ᠨ ᠮᠢᠬᠠᠨ ᠤ᠋ ᠦᠬᠡᠷ ᠤ᠋ᠨ ᠭᠤᠤᠯᠳᠠᠯᠭᠠᠲᠤ ᠰᠦᠷᠦᠭ ᠢ᠋ᠢᠡᠷ ᠲᠤᠭᠲᠠᠭᠠᠬᠳᠠᠵᠤ ᠪᠠᠢᠭᠰᠠᠨ ᠪᠦᠭᠡᠳ ᠱᠢᠮᠧᠨ᠋ᠳ᠋ᠡᠷ ᠲᠤᠭᠤᠯ ᠨᠢ ᠪᠠᠷᠠᠭᠤᠨ ᠦᠵᠦᠮᠦᠴᠢᠨ ᠬᠤᠰᠢᠭᠤᠨ ᠤ᠋ ᠰᠢᠯᠢᠳᠡᠭ ᠡᠭᠦᠯᠳᠡᠷ ᠤ᠋ᠨ ᠮᠢᠬᠠᠨ ᠤ᠋ ᠦᠬᠡᠷ ᠤ᠋ᠨ ᠰᠢᠯᠭᠠᠷᠠᠭᠤᠯᠤᠯᠲᠠ ᠪᠤᠯᠤᠨ ᠦᠨᠢᠷ ᠰᠦᠷᠦᠭ ᠤ᠋ᠨ ᠰᠢᠯᠭᠠᠷᠠᠭᠤᠯᠤᠯᠲᠠ ᠳ᠋ᠤ ᠲᠤᠰ ᠲᠤᠰ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠲᠤ᠌ ᠲᠤᠳᠤᠷᠠᠵᠤ ᠦᠡᠭᠭᠡᠷᠡᠭᠰᠡᠨ ᠶᠤᠮ᠃
ᠤᠯᠠᠮᠵᠢᠯᠠᠯᠲᠤ ᠮᠠᠯᠵᠢᠯ ᠤ᠋ᠨ ᠬᠡᠯᠪᠡᠷᠢ ᠡᠢᠨ ᠬᠦ᠌ 《ᠲᠣᠭ᠎ᠠ ᠬᠡᠮᠵᠢᠶ᠎ᠡ ᠢ᠋ᠢ ᠴᠦᠬᠡᠳᠬᠡᠬᠦ᠂ ᠶᠠᠰᠤ ᠴᠢᠨᠠᠷ ᠢ᠋ ᠲᠠᠬᠡᠭᠰᠢᠯᠡᠬᠦᠯᠬᠦ᠂ ᠪᠤᠳᠠᠭᠠᠯᠢ ᠪᠠᠶ᠎ᠠ ᠵᠢᠨ ᠠᠰᠢᠭ ᠰᠢᠮ᠎ᠠ ᠵᠢᠨ ᠭᠠᠷᠤᠯᠳᠠ ᠵᠢ ᠨᠡᠮᠡᠭ᠌ᠳᠡᠭᠦᠯᠬᠦ᠌》 ᠰᠢᠨᠵᠢᠯᠡᠬᠦ ᠤᠬᠠᠭᠠᠨᠴᠢ ᠮᠠᠯᠵᠢᠯ ᠤ᠋ᠨ ᠱᠢᠨ᠎ᠡ ᠬᠡᠯᠪᠡᠷᠢ ᠪᠡᠷ ᠤᠷᠤᠯᠠᠭᠳᠠᠵᠤ ᠪᠠᠢᠭ᠎ᠠ ᠠᠵᠢ᠃ ᠴᠠᠬᠠᠷ ᠪᠠᠷᠠᠭᠤᠨ ᠭᠠᠷᠤᠨ ᠬᠤᠢᠳᠤ ᠬᠤᠰᠢᠭᠤ ᠪᠤᠳᠠᠳᠤ ᠪᠠᠢᠳᠠᠯ ᠳ᠋ᠠᠭᠠᠨ ᠲᠤᠬᠢᠷᠠᠭᠤᠯᠤᠨ 《ᠬᠠᠱᠢᠶᠠᠯᠠᠨ ᠲᠡᠵᠢᠭᠡᠬᠦ᠌ + ᠲᠥᠪᠯᠡᠷᠡᠭᠦᠯᠦᠨ ᠲᠡᠵᠢᠭᠡᠬᠦ》 ᠠᠷᠭ᠎ᠠ ᠬᠡᠯᠪᠡᠷᠢ ᠢ᠋ᠢ ᠲᠦᠬᠡᠮᠡᠯᠵᠢᠬᠦᠯᠵᠤ᠂ 2024 ᠣᠨ ᠳ᠋ᠤ 24.29 ᠲᠦᠮᠡᠨ ᠬᠣᠨᠢ ᠢ᠋ᠢ ᠬᠠᠱᠢᠶᠠᠯᠠᠨ ᠲᠡᠵᠢᠭᠡᠵᠦ᠍᠂ 2.3 ᠲᠦᠮᠡᠨ ᠬᠣᠨᠢ ᠶ᠋ᠢ ᠲᠥᠪᠯᠡᠷᠡᠭᠦᠯᠦᠨ ᠲᠡᠵᠢᠭᠡᠵᠤ᠂ ᠮᠠᠯᠴᠢᠳ ᠤ᠋ᠨ ᠲᠡᠵᠢᠭᠡᠨ ᠦᠷᠡᠵᠢᠭᠦᠯᠬᠦ᠌ ᠥᠪᠡᠷ ᠤ᠋ᠨ ᠥᠷᠲᠡᠭ ᠢ᠋ ᠪᠠᠭᠤᠷᠠᠭᠤᠯᠤᠨ ᠦᠷ᠎ᠠ ᠠᠰᠢᠭ ᠢ᠋ ᠨᠡᠮᠡᠭᠳᠡᠭᠦᠯᠵᠡᠢ᠃
ᠵᠠᠡᠭᠭᠢᠯᠠᠭᠠ ᠢ᠋ᠢᠨ ᠦᠭᠡ᠄ ᠰᠢᠯᠢᠳᠡᠭ ᠡᠭᠦᠯᠳᠡᠷ
《ᠮᠠᠨ ᠤ᠋ ᠬᠢᠨ ᠣᠬᠣᠷ ᠰᠡᠭᠦᠯᠲᠦ ᠦᠯᠴᠢᠷ ᠬᠣᠨᠢ ᠵᠢ ᠠᠦ᠋ᠰᠲ᠋ᠷᠠᠯᠢᠶ᠎ᠠ ᠢ᠋ᠢᠨ ᠴᠠᠭᠠᠨ ᠨᠤᠤᠰᠤᠲᠤ ᠬᠣᠨᠢ ᠲᠠᠢ ᠡᠷᠯᠢᠰᠡᠵᠢᠭᠦᠯᠤᠨ ᠡᠬᠦᠯᠳᠡᠷ ᠰᠠᠢᠵᠢᠷᠠᠭᠤᠯᠵᠤ᠂ ᠤᠳᠤ ᠡᠬᠦᠯᠳᠡᠷ ᠰᠠᠢᠵᠢᠷᠠᠭᠤᠯᠤᠭᠰᠠᠨ 180 ᠭᠠᠷᠤᠢ ᠲᠦᠯᠯᠡᠬᠦ ᠨᠠᠰᠤᠨ ᠤ᠋ ᠦᠯᠴᠢᠷ ᠬᠣᠨᠢ ᠮᠠᠯᠵᠢᠵᠤ ᠪᠠᠢᠨ᠎ᠠ》 ᠭᠡᠵᠤ ᠠᠷᠤ ᠬᠤᠷᠴᠢᠨ ᠬᠤᠰᠢᠭᠤᠨ ᠤ᠋ ᠬᠠᠨᠰᠦ᠋ᠮ᠎ᠠ ᠰᠤᠮᠤ ᠢ᠋ᠢᠨ ᠵᠢᠷᠦᠬᠡ ᠭᠠᠴᠠᠭᠠᠨ ᠤ᠋ ᠮᠠᠯᠴᠢᠨ ᠠᠮᠢᠠᠠᠤᠷᠲᠤ ᠡᠭᠦᠯᠳᠡᠷ ᠰᠠᠢᠵᠢᠷᠠᠭᠤᠯᠤᠬᠰᠠᠨ ᠶᠠᠪᠤᠴᠠ ᠪᠠᠨ ᠡᠷᠭᠢᠴᠡᠭᠦᠯᠦᠨᠠ᠃
《ᠮᠠᠨ ᠤ᠋ ᠡᠬᠦᠯᠳᠡᠷ ᠰᠠᠢᠵᠢᠷᠠᠭᠤᠯᠤᠭᠰᠠᠨ ᠦᠯᠴᠢᠷ ᠬᠤᠨᠢ ᠬᠣᠶᠠᠷ ᠵᠢᠯ ᠳ᠋ᠤ 3 ᠤᠳᠠᠭ᠎ᠠ ᠭᠡᠭᠡᠯ ᠲᠤᠭᠲᠠᠵᠤ᠂ ᠵᠢᠯ ᠪᠦᠷᠢ ᠳᠤᠮᠳᠠᠴᠢ ᠪᠡᠷ 3 — 5 ᠬᠤᠷᠠᠭ᠎ᠠ ᠲᠤᠰᠳᠠᠭ᠃ ᠢᠯᠠᠩᠭᠤᠶ᠎ᠠ ᠡᠨᠡ ᠬᠤᠷᠠᠭ᠎ᠠ ᠵᠢᠨ ᠦᠰᠦᠯᠳᠡ ᠮᠠᠰᠢ ᠲᠦᠷᠬᠡᠨ ᠪᠠᠢᠵᠤ᠂ 2 ᠰᠠᠷ᠎ᠠ ᠲᠠᠵᠢᠬᠡᠪᠡᠯ 30 ᠵᠢᠩ ᠢ᠋ ᠳᠠᠪᠠᠨ ᠭᠠᠷᠭᠠᠯᠳᠠ ᠳ᠋ᠤ ᠤᠷᠤᠵᠤ᠂ ᠵᠢᠩ ᠳ᠋ᠡᠭᠡᠨ 20 ᠲᠥᠭᠥᠷᠢᠭ ᠲᠦ᠍ ᠬᠦᠷᠳᠡᠭ᠃ 180 ᠡᠮ᠎ᠠ ᠬᠤᠨᠢ ᠡᠴᠡ ᠪᠠᠨ ᠵᠢᠯ ᠳ᠋ᠤ ᠪᠠᠷᠤᠭ 20 ᠲᠦᠮᠡᠨ ᠲᠥᠭᠥᠷᠢᠭ ᠤ᠋ᠨ ᠤᠷᠤᠯᠭ᠎ᠠ ᠤᠯᠴᠢᠬᠠᠨ᠎ᠠ》 ᠭᠡᠵᠤ ᠠᠮᠢᠠᠠᠤᠷᠲᠤ ᠳᠠᠡᠭᠰᠠ ᠪᠤᠳᠤᠵᠤ ᠰᠠᠭᠤᠨ᠎ᠠ᠃ ᠨᠢᠳᠤᠯᠭᠠᠨ ᠤ᠋ ᠨᠤᠷᠮ᠎ᠠ ᠪᠡᠷ ᠦᠨᠳᠤᠷ᠂ ᠭᠠᠷᠭᠠᠯᠳᠠ ᠪᠡᠷ ᠲᠦᠷᠬᠡᠨ ᠰᠠᠢᠨ ᠡᠬᠦᠯᠳᠡᠷ ᠤ᠋ᠨ ᠮᠠᠯ ᠮᠠᠯᠵᠢᠬᠤ ᠨᠢ 《ᠮᠠᠯ ᠤ᠋ᠨ ᠲᠤᠭ᠎ᠠ ᠵᠢ ᠴᠦᠬᠡᠳᠬᠡᠭᠰᠡᠨ ᠴᠦ᠍ ᠮᠠᠯ ᠤ᠋ᠨ ᠠᠰᠢᠭ ᠰᠢᠮ᠎ᠠ ᠢ᠋ᠢᠨ ᠭᠠᠷᠤᠯᠲᠠ ᠢ᠋ᠢᠬᠠᠰᠤᠭ᠍ᠳᠠᠭᠤᠯᠬᠤ ᠥᠬᠡᠶ 》 ᠪᠠᠢᠬᠤ ᠢ᠋ᠢᠨ ᠨᠢᠬᠡᠨ ᠠᠰᠢᠳᠠᠢ ᠠᠷᠭ᠎ᠠ ᠵᠠᠮ ᠪᠤᠯᠬᠤ ᠵᠢ ᠠᠮᠢᠠᠠᠤᠷᠲᠤ ᠢ᠋ᠢᠨ ᠦᠢᠯᠡᠳᠦᠯᠭᠡ ᠭᠡᠷᠡᠴᠢᠯᠡᠵᠡᠢ᠃ ᠤᠢᠷ᠎ᠠ ᠢ᠋ᠢᠨ ᠵᠢᠯ ᠳ᠋ᠤ ᠠᠷᠤ ᠬᠣᠷᠴᠢᠨ ᠬᠣᠱᠢᠭᠤ ᠢᠴᠡᠭᠡᠯ ᠦᠷ᠎ᠡ ᠢ᠋ᠢᠨ ᠬᠡᠭᠡᠯᠲᠦᠭᠦᠯᠭᠡ ᠢ᠋ᠢᠨ ᠥᠷᠲᠡᠭᠡ ᠴᠡᠭ ᠢ᠋ ᠨᠡᠢᠳᠡᠮ ᠪᠥᠷᠬᠥᠭᠦᠯᠵᠤ᠂ ᠮᠢᠬᠠᠨ ᠤ᠋ ᠦᠬᠡᠷ ᠮᠢᠬᠠᠨ ᠤ᠋ ᠬᠣᠨᠢ ᠵᠢᠨ ᠰᠠᠢᠨ ᠡᠬᠦᠯᠳᠡᠷ ᠤ᠋ᠨ ᠪᠠ ᠡᠬᠦᠯᠳᠡᠷ ᠰᠠᠢᠵᠢᠷᠠᠭᠤᠯᠤᠭᠰᠠᠨ ᠨᠣᠷᠮ᠎ᠠ ᠢ᠋ᠢ 98% ᠡᠴᠡ ᠳᠡᠭᠡᠭ᠌ᠰᠢ ᠬᠦᠷᠭᠡᠵᠤ᠂ ᠦᠬᠡᠷ ᠬᠤᠨᠢ ᠵᠢᠨ ᠮᠢᠬᠠᠨ ᠤ᠋ ᠭᠠᠷᠤᠯᠳᠠ ᠵᠢ ᠶᠡᠬᠡᠬᠡᠨ ᠨᠡᠮᠡᠭᠳᠡᠬᠦᠯᠪᠡ᠃

ᠮᠠᠯᠴᠢᠨ ᠱᠤᠸᠠᠩ ᠵᠢᠨ ᠯᠦᠩ ᠤ᠋ᠨ ᠬᠠᠰᠢᠶᠠᠯᠠᠨ ᠲᠠᠵᠢᠬᠡᠵᠤ ᠪᠠᠢᠭ᠎ᠠ ᠰᠠᠢᠨ ᠡᠬᠦᠯᠳᠡᠷ ᠤ᠋ᠨ ᠰᠢᠮᠸᠨ᠋ᠳᠠᠷ ᠦᠬᠡᠷ
ᠡᠬᠡ ᠮᠠᠯ ᠪᠤᠯᠭᠠᠨ ᠳ᠋ᠤ 15 ᠲᠥᠭᠥᠷᠢᠭ ᠤ᠋ᠨ ᠢᠴᠡᠭᠡᠯ ᠦᠷ᠎ᠡ ᠢ᠋ᠢᠨ ᠨᠥᠬᠥᠪᠥᠷᠢ ᠣᠯᠭᠤᠵᠤ ᠪᠠᠢᠨ᠎ᠠ᠂ ᠡᠭᠦᠯᠳᠡᠷ ᠰᠠᠢᠵᠢᠷᠠᠭᠤᠯᠤᠭ᠍ᠰᠠᠨ ᠱᠢᠮᠧᠨ᠋ᠳᠡᠷ ᠦᠬᠡᠷ ᠤ᠋ᠨ ᠦᠰᠦᠯᠲᠠ ᠨᠢ ᠲᠦᠷᠭᠡᠨ᠂ ᠪᠡᠶ᠎ᠠ ᠨᠢ ᠲᠤᠮᠤ᠂ ᠦᠨ᠎ᠡ ᠨᠢ ᠥᠨᠳᠥᠷ ᠪᠠᠢᠳᠠᠭ; ᠣᠲᠣ 1000 ᠬᠣᠨᠢ ᠬᠠᠱᠢᠶᠠᠯᠠᠨ ᠲᠡᠵᠢᠭᠡᠬᠦ᠌ ᠳ᠋ᠤ ᠬᠤᠶᠠᠷᠬᠠᠨ ᠬᠦᠮᠦᠨ ᠲᠠᠢ ᠪᠤᠯ ᠪᠤᠯᠴᠢᠬᠠᠨ᠎ᠠ᠂ ᠨᠢᠳᠤᠨᠤᠨ 5100 ᠬᠣᠨᠢ ᠬᠤᠳᠠᠯᠳᠤᠭᠠᠳ 50 ᠲᠦᠮᠡᠨ ᠲᠦᠬᠦᠷᠢᠭ ᠤ᠋ᠨ ᠤᠷᠤᠯᠭ᠎ᠠ ᠤᠯᠪᠠ ᠁ ᠴᠠᠬᠠᠷ ᠪᠠᠷᠠᠭᠤᠨ ᠭᠠᠷᠤᠨ ᠬᠤᠢᠳᠤ ᠬᠤᠰᠢᠭᠤᠨ ᠤ᠋ ᠲᠡᠵᠢᠭᠡᠨ ᠦᠷᠡᠵᠢᠭᠦᠯᠬᠦ ᠲᠠᠯᠠᠪᠠᠢ ᠡᠴᠡ ᠦᠨᠢᠷ ᠦᠰᠦᠯᠳᠠ ᠦᠨᠳᠦᠷ ᠠᠮᠵᠢᠯᠲᠠ ᠢ᠋ᠢᠨ ᠴᠢᠮᠡᠭᠡ ᠳᠤᠭᠤᠯᠳᠠᠨ᠎ᠠ᠃
ᠴᠠᠬᠠᠷ ᠪᠠᠷᠠᠭᠤᠨ ᠭᠠᠷᠤᠨ ᠬᠣᠢᠲᠤ ᠬᠣᠱᠢᠭᠤ《ᠴᠥᠭᠡᠨ ᠲᠡᠵᠢᠭᠡᠵᠦ᠍ ᠴᠢᠨᠠᠷᠯᠢᠭ ᠮᠠᠯᠵᠢᠬᠤ》 ᠪᠠᠷ ᠱᠢᠪᠲᠤᠯᠤᠯᠲᠠ ᠪᠤᠯᠭᠠᠨ ᠡᠭᠦᠯᠳᠡᠷ ᠰᠠᠢᠵᠢᠷᠠᠭᠤᠯᠬᠤ᠂ ᠲᠥᠷᠥ ᠢ᠋ᠢᠨ ᠪᠣᠳᠣᠯᠭ᠎ᠠ ᠪᠠᠷ ᠲᠡᠳᠬᠦᠬᠦ᠌᠂ ᠠᠷᠭ᠎ᠠ ᠬᠡᠯᠪᠡᠷᠢ ᠢ᠋ᠢᠨ ᠱᠢᠨ᠎ᠡ ᠢ᠋ᠢ ᠡᠭᠦᠳᠬᠦ᠌ ᠭᠤᠷᠪᠠᠨ ᠲᠠᠯ᠎ᠠ ᠪᠡᠷ ᠬᠦᠴᠦᠯᠡᠵᠤ᠂ ᠨᠢᠳᠤᠨᠤᠨ 300 ᠲᠦᠮᠡᠨ ᠲᠥᠭᠥᠷᠢᠭ ᠤ᠋ᠨ ᠲᠤᠰᠭᠠᠶ ᠪᠠᠯᠠ ᠮᠥᠩᠭᠥ᠌ ᠲᠣᠬᠢᠷᠠᠭᠤᠯᠤᠨ᠂ ᠲᠡᠵᠢᠭᠡᠨ ᠦᠷᠡᠵᠢᠭᠦᠯᠬᠦ᠌ ᠲᠡᠯᠡᠪᠡᠢ ᠢ᠋ᠢᠨ ᠠᠡᠭᠭᠢᠰ᠂ ᠱᠢᠮᠧᠨ᠋ᠳ᠋ᠡᠷ ᠵᠡᠷᠭᠡ ᠰᠢᠯᠢᠳᠡᠭ ᠡᠬᠦᠯᠳᠡᠷ ᠤ᠋ᠨ ᠮᠢᠬᠠᠨ ᠤ᠋ ᠦᠬᠡᠷ ᠤ᠋ᠨ ᠢᠴᠡᠭᠡᠯ ᠦᠷ᠎ᠡ ᠬᠤᠳᠠᠯᠳᠤᠨ ᠠᠪᠬᠤ ᠳ᠋ᠤ ᠳᠡᠮᠵᠢᠯᠭᠡ ᠬᠠᠩᠭᠠᠵᠤ᠂ 2 ᠲᠦᠮᠡ ᠭᠠᠷᠤᠢ ᠦᠬᠡᠷ ᠤ᠋ᠨ ᠡᠭᠦᠯᠳᠡᠷ ᠢ᠋ ᠰᠠᠢᠵᠢᠷᠠᠭᠤᠯᠤᠨ᠂ ᠤᠳᠤ ᠮᠢᠬᠠᠨ ᠤ᠋ ᠦᠬᠡᠷ ᠨᠢ 8.95 ᠲᠦᠮᠡ ᠳ᠋ᠤ ᠬᠦᠷᠴᠦ᠍᠂ 100 ᠡᠴᠡ ᠲᠡᠬᠡᠭᠰᠢ ᠦᠬᠡᠷ ᠮᠠᠯᠵᠢᠵᠤ ᠪᠠᠢᠭ᠎ᠠ 42 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ᠌ ᠲᠠᠯᠠᠪᠠᠶ ᠲᠠᠢ ᠪᠣᠯᠵᠡᠢ᠃ ᠡᠬᠦᠨ ᠤ᠋ ᠬᠠᠮᠳᠤ《ᠪᠠᠭᠤᠷᠠᠢ ᠢ᠋ᠢ ᠬᠠᠰᠤᠵᠤ ᠰᠢᠯᠢᠳᠡᠭ ᠢ᠋ ᠨᠡᠮᠡᠭ᠌ᠳᠡᠭᠦᠯᠬᠦ᠌》 ᠵᠠᠷᠴᠢᠮ ᠢ᠋ᠢᠡᠷ ᠬᠠᠱᠢᠶᠠᠯᠠᠨ ᠲᠡᠵᠢᠭᠡᠬᠦ ᠳ᠋ᠤ ᠲᠣᠬᠢᠷᠠᠮᠵᠢᠲᠠᠶ 2 ᠲᠦᠮᠡᠨ ᠰᠢᠯᠢᠳᠡᠭ ᠡᠭᠦᠯᠳᠡᠷ ᠤ᠋ᠨ ᠡᠮ᠎ᠡ ᠬᠣᠨᠢ ᠣᠷᠣᠭᠤᠯᠵᠤ᠂ ᠲᠡᠵᠢᠭᠡᠨ ᠦᠷᠡᠵᠢᠭᠦᠯᠬᠦ᠌ ᠦᠷ᠎ᠡ ᠠᠱᠢᠭ ᠢ᠋ ᠳᠡᠭᠡᠭ᠌ᠰᠢᠯᠡᠭᠦᠯᠵᠤ ᠪᠠᠢᠨ᠎ᠠ᠃
ᠦᠵᠦᠮᠦᠴᠢᠨ ᠤ᠋ ᠨᠤᠤᠯᠤᠭᠤᠷ ᠤ᠋ᠨ ᠴᠠᠭᠠᠨ ᠢᠮᠠᠭ᠎ᠠ ᠪᠣᠯ ᠮᠠᠨ ᠤ᠋ ᠤᠷᠤᠨ ᠤ᠋ ᠪᠤᠢᠵᠢᠭᠤᠯᠤᠭᠰᠠᠨ ᠨᠤᠤᠯᠤᠭᠤᠷ ᠤ᠋ᠨ ᠢᠮᠠᠭᠠᠨ ᠤ᠋ 3 ᠰᠠᠢᠨ ᠡᠭᠦᠯᠳᠡᠷ ᠤ᠋ᠨ ᠨᠢᠭᠡ ᠶᠤᠮ᠃ ᠪᠠᠷᠠᠭᠤᠨ ᠦᠵᠦᠮᠦᠴᠢᠨ ᠬᠤᠰᠢᠭᠤᠨ ᠤ᠋ ᠬᠤᠭᠤᠯᠠᠳᠤ ᠢ᠋ᠢᠨ ᠭᠣᠣᠯ ᠪᠠᠯᠭᠠᠰᠤᠨ ᠤ᠋ ᠱᠢᠨᠡᠪᠤᠯᠠᠭ ᠭᠠᠴᠠᠭ᠎ᠠ ᠡᠭᠦᠯᠳᠡᠷ ᠤ᠋ᠨ ᠡᠬᠢ ᠪᠠᠶᠠᠯᠢᠭ ᠢ᠋ᠢᠡᠨ ᠬᠠᠮᠠᠭᠠᠯᠠᠬᠤ ᠢ᠋ᠢᠨ ᠲᠥᠯᠥᠭᠡ ᠦᠵᠦᠮᠦᠴᠢᠨ ᠤ᠋ ᠨᠤᠤᠯᠤᠭᠤᠷ ᠤ᠋ᠨ ᠴᠠᠭᠠᠨ ᠢᠮᠠᠭ᠎ᠠ ᠢ᠋ᠢ ᠬᠠᠮᠠᠭᠠᠯᠠᠬᠤ ᠠᠵᠢᠯ ᠢ᠋ ᠭᠤᠤᠯᠳᠠᠯᠭ᠎ᠠ ᠲᠠᠢ ᠠᠳᠬᠤᠵᠤ᠂《ᠡᠭᠦᠯᠳᠡᠷ ᠢ᠋ ᠪᠠᠲᠤᠯᠠᠬᠤ + ᠴᠢᠨᠠᠷ ᠢ᠋ ᠳᠡᠭᠡᠭ᠌ᠰᠢᠯᠡᠭᠦᠯᠬᠦ᠌ + ᠣᠷᠣᠯᠭ᠎ᠠ ᠢ᠋ᠢ ᠨᠡᠮᠡᠭ᠌ᠳᠡᠭᠦᠯᠬᠦ᠌》 ᠠᠷᠭ᠎ᠠ ᠬᠡᠯᠪᠡᠷᠢ ᠪᠡᠷ ᠣᠳᠣᠬᠠᠨ ᠳ᠋ᠤ 300 ᠭᠠᠷᠤᠶ ᠦᠵᠦᠮᠦᠴᠢᠨ ᠤ᠋ ᠨᠤᠤᠯᠤᠭᠤᠷ ᠤ᠋ᠨ ᠴᠠᠭᠠᠨ ᠢᠮᠠᠭ᠎ᠠ ᠵᠢ ᠵᠢᠱ᠌ᠢᠶᠠ ᠦᠵᠡᠬᠦᠯᠦᠨ ᠬᠠᠰᠢᠶᠠᠯᠠᠨ ᠲᠡᠵᠢᠭᠡᠵᠦ᠍᠂ ᠢᠮᠠᠭ᠎ᠠ ᠪᠦᠷᠢ ᠡᠴᠡ ᠵᠢᠯ ᠳ᠋ᠤ 0.6 — 0.7 ᠵᠢᠩ ᠨᠣᠤᠯᠤᠭᠤᠷ ᠰᠠᠮᠨᠠᠵᠤ ᠪᠠᠢᠨ᠎ᠠ᠃
《ᠮᠠᠨ ᠤ᠋ ᠬᠤᠰᠢᠭᠤ ᠣᠷᠣᠨ ᠨᠤᠲᠤᠭ ᠤ᠋ᠨ ᠰᠢᠯᠢᠳᠡᠭ ᠡᠭᠦᠯᠳᠡᠷ ᠤ᠋ᠨ ᠡᠬᠢ ᠪᠠᠶᠠᠯᠢᠭ ᠵᠢᠡᠨ ᠬᠠᠮᠠᠭᠠᠯᠠᠬᠤ ᠠᠵᠢᠯ ᠢ᠋ ᠴᠢᠩᠭᠠᠳᠬᠠᠨ᠂ ᠦᠵᠦᠮᠦᠴᠢᠨ ᠬᠣᠨᠢ ᠵᠢᠨ ᠲᠣᠭᠠᠴᠢᠯᠠᠭ᠍ᠰᠠᠨ ᠡᠭᠦᠯᠳᠡᠷ ᠪᠣᠢᠵᠢᠭᠤᠯᠬᠤ ᠱᠢᠰᠲ᠋ᠧᠮ ᠢ᠋ ᠪᠠᠢᠭᠤᠯᠤᠭᠰᠠᠨ ᠪᠦᠬᠡᠳ ᠮᠢᠬᠠᠨ ᠤ᠋ ᠦᠬᠡᠷ ᠤ᠋ᠨ ᠰᠢᠯᠢᠳᠡᠭ ᠡᠭᠦᠯᠳᠡᠷ ᠢ᠋ ᠦᠷᠡᠵᠢᠬᠦᠯᠦᠨ ᠪᠣᠢᠵᠢᠭᠤᠯᠬᠤ ᠠᠵᠢᠯ ᠢ᠋ ᠠᠬᠢᠭᠤᠯᠤᠨ᠂ ᠢᠴᠡᠭᠡᠯ ᠦᠷ᠎ᠡ ᠢ᠋ᠢᠨ ᠬᠡᠭᠡᠯᠲᠦᠭᠦᠯᠭᠡ ᠢ᠋ᠢᠨ ᠥᠷᠲᠡᠭᠡ ᠴᠡᠭ ᠢ᠋ ᠱᠢᠯᠢᠳᠡᠭ᠌ᠵᠢᠭᠦᠯᠪᠠ》 ᠬᠡᠵᠤ ᠪᠠᠷᠠᠭᠤᠨ ᠦᠵᠦᠮᠦᠴᠢᠨ ᠬᠤᠰᠢᠭᠤᠨ ᠤ᠋ ᠮᠠᠯ ᠠᠵᠤ ᠠᠬᠤᠢ ᠢ᠋ᠢᠨ ᠠᠵᠢᠯ ᠤ᠋ᠨ ᠦᠷᠲᠡᠭᠡ ᠢ᠋ᠢᠨ ᠳᠠᠷᠤᠭ᠎ᠠ ᠨᠠᠰᠤᠨᠪᠠᠶᠠᠷ ᠬᠡᠯᠡᠨ᠎ᠠ᠃ ᠲᠡᠬᠦᠨ ᠤ᠋ ᠲᠠᠨᠢᠯᠴᠠᠭᠤᠯᠤᠭᠰᠠᠨ ᠵᠢᠡᠷ᠂ ᠲᠤᠰ ᠬᠤᠰᠢᠭᠤ 《ᠦᠷ᠎ᠡ ᠢ᠋ᠢᠨ ᠮᠠᠯ ᠤ᠋ᠨ ᠲᠠᠯᠠᠪᠠᠢ + ᠥᠷᠭᠡᠳᠭᠡᠨ ᠦᠷᠡᠵᠢᠭᠦᠯᠬᠦ᠌ ᠲᠠᠯᠠᠪᠠᠢ + ᠭᠣᠣᠯᠳᠠᠯᠭᠠᠲᠤ ᠰᠦᠷᠦᠭ + ᠲᠡᠵᠢᠭᠡᠨ ᠦᠷᠡᠵᠢᠭᠦᠯᠬᠦ᠌ ᠡᠷᠦᠬᠡ》 ᠶ᠋ᠢᠨ ᠵᠠᠭᠪᠤᠷ ᠵᠢᠡᠷ ᠨᠢᠬᠡᠨᠳᠡ ᠲᠦᠮᠡᠨ ᠲᠣᠯᠣᠭᠠᠢ ᠵᠢᠨ ᠬᠡᠪᠴᠢᠶᠡᠵᠢᠭ᠌ᠰᠡᠨ ᠦᠵᠦᠮᠦᠴᠢᠨ ᠬᠣᠨᠢᠨ ᠤ᠋ ᠭᠧᠨ ᠤ᠋ ᠬᠥᠮᠥᠷᠭᠡ ᠢ᠋ᠢ ᠪᠠᠢᠭᠤᠯᠵᠤ᠂ 18 ᠥᠷᠭᠡᠳᠭᠡᠨ ᠦᠷᠡᠵᠢᠭᠦᠯᠬᠦ᠌ ᠲᠠᠯᠠᠪᠠᠢ ᠭᠠᠷᠭᠠᠨ᠂ ᠰᠠᠢᠨ ᠡᠬᠦᠯᠳᠡᠷ ᠤ᠋ᠨ 2934 ᠬᠤᠴᠠ ᠪᠤᠢᠵᠢᠭᠤᠯᠪᠠ; ᠠᠢᠮᠠᠭ ᠤ᠋ᠨ ᠲᠡᠰ ᠤ᠋ᠨ ᠪᠤᠬ᠎ᠠ ᠲᠠᠵᠢᠬᠡᠬᠦ ᠲᠠᠯᠠᠪᠠᠢ ᠵᠢ 2᠂ ᠮᠢᠬᠠᠨ ᠤ᠋ ᠦᠬᠡᠷ ᠤ᠋ᠨ ᠭᠣᠣᠯᠳᠠᠯᠭᠠᠲᠤ ᠰᠦᠷᠦᠭ ᠢ᠋ 43 ᠪᠠᠢᠭᠤᠯᠵᠤ᠂ ᠨᠡᠢᠲᠡ 701 ᠲᠦᠮᠡᠨ ᠲᠥᠭᠥᠷᠢᠭ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠨᠥᠬᠥᠪᠥᠷᠢ ᠪᠤᠯᠤᠨ 3995.97 ᠲᠦᠮᠡᠨ ᠲᠥᠭᠥᠷᠢᠭ ᠤ᠋ᠨ ᠦᠵᠦᠮᠦᠴᠢᠨ ᠬᠣᠨᠢ ᠵᠢᠨ ᠠᠵᠤ ᠦᠶ᠋ᠯᠡᠰ ᠤ᠋ᠨ ᠨᠥᠬᠥᠪᠥᠷᠢ ᠪᠠᠭᠤᠯᠭᠠᠨ᠂ ᠮᠠᠯᠴᠢᠨ ᠲᠦᠮᠡᠨ ᠤ᠋ ᠡᠭᠦᠯᠳᠡᠷ ᠰᠠᠢᠵᠢᠷᠠᠭᠤᠯᠬᠤ ᠢᠳᠡᠪᠬᠢᠵᠢᠯ ᠢ᠋ ᠬᠥᠭ᠌ᠵᠢᠭᠡᠵᠤ᠂ ᠤᠳᠤ ᠪᠦᠬᠦ ᠬᠤᠰᠢᠭᠤᠨ ᠤ᠋ ᠮᠠᠯ ᠤᠨᠤᠭ᠎ᠠ ᠵᠢᠨ ᠰᠠᠢᠨ ᠡᠭᠦᠯᠳᠡᠷ ᠤ᠋ᠨ ᠪᠠ ᠡᠬᠦᠯᠳᠡᠷ ᠰᠠᠢᠵᠢᠷᠠᠭᠤᠯᠤᠭ᠍ᠰᠠᠨ ᠨᠤᠷᠮ᠎ᠠ 97% ᠳ᠋ᠤ ᠬᠦᠷᠴᠠᠢ᠃
ᠰᠢᠯᠢᠳᠡᠭ ᠰᠠᠢᠨ ᠡᠭᠦᠯᠳᠡᠷ ᠤ᠋ᠨ ᠮᠠᠯ ᠪᠤᠯ ᠠᠰᠢᠭ ᠰᠢᠮ᠎ᠠ ᠵᠢᠨ ᠭᠠᠷᠤᠯᠲᠠ ᠢ᠋ᠢ ᠲᠠᠬᠡᠭᠰᠢᠯᠡᠬᠦᠯᠦᠨ ᠠᠰᠢᠭ ᠣᠷᠣᠯᠭ᠎ᠠ ᠢ᠋ᠢ ᠨᠡᠮᠡᠭ᠌ᠳᠡᠭᠦᠯᠬᠦ᠌《ᠭᠤᠤᠯ ᠬᠦᠴᠦᠨ》 ᠮᠦᠨ᠃ ᠠᠷᠤ ᠬᠣᠷᠴᠢᠨ ᠬᠣᠱᠢᠭᠤ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤ᠂ ᠪᠠᠷᠠᠭᠤᠨ ᠦᠵᠦᠮᠦᠴᠢᠨ ᠬᠣᠱᠢᠭᠤ 《ᠱᠢᠯᠢᠳᠡᠭ ᠡᠭᠦᠯᠳᠡᠷ ᠢ᠋ ᠣᠷᠣᠭᠤᠯᠤᠨ ᠠᠪᠴᠢᠷᠠᠬᠤ᠂ ᠰᠢᠯᠢᠳᠡᠭ ᠡᠭᠦᠯᠳᠡᠷ ᠢ᠋ ᠪᠣᠢᠵᠢᠭᠤᠯᠬᠤ᠂ ᠰᠢᠯᠢᠳᠡᠭ ᠡᠭᠦᠯᠳᠡᠷ ᠢ᠋ ᠳᠡᠯᠭᠡᠷᠡᠭᠦᠯᠬᠦ᠌ 》 ᠢ᠋ᠢ ᠪᠡᠯᠴᠢᠬᠡᠷ ᠤ᠋ᠨ ᠮᠠᠯ ᠠᠵᠤ ᠠᠬᠤᠶ ᠢ᠋ᠢᠨ ᠬᠡᠯᠪᠡᠷᠢ ᠢ᠋ᠢ ᠬᠤᠪᠢᠷᠠᠭᠤᠯᠵᠤ ᠲᠠᠰ ᠳᠡᠪᠱᠢᠭᠦᠯᠬᠦ᠌ ᠰᠠᠭᠤᠷᠢ ᠴᠢᠨᠠᠷᠲᠠᠶ᠂ ᠪᠠᠢᠯᠳᠤᠬᠤ ᠪᠣᠳᠣᠯᠭ᠎ᠠ ᠢ᠋ᠢᠨ ᠴᠢᠨᠠᠷᠲᠠᠶ ᠢᠨᠵᠧᠨᠧᠷᠢᠩ ᠪᠣᠯᠭᠠᠨ ᠠᠳᠭᠤᠵᠤ᠂ ᠮᠠᠯ ᠠᠵᠤ ᠠᠬᠤᠶ ᠢ᠋ᠢᠨ ᠴᠢᠨᠠᠷ ᠰᠠᠢᠲᠠᠢ ᠬᠦᠭᠵᠢᠯᠲᠡ ᠢ᠋ᠢ ᠬᠦᠴᠦᠯᠡᠨ ᠠᠬᠢᠭᠤᠯᠵᠤ ᠪᠠᠢᠨ᠎ᠠ᠃
ᠵᠠᠡᠭᠭᠢᠯᠠᠭᠠ ᠢ᠋ᠢᠨ ᠦᠭᠡ᠄ ᠰᠢᠮᠡᠳᠤ ᠲᠠᠵᠢᠬᠡᠯ
《ᠪᠦᠬᠦᠯᠢ ᠡᠳᠦᠷ ᠤ᠋ᠨ ᠬᠣᠯᠢᠮᠠᠭ ᠪᠤᠷᠳᠤᠭ᠎ᠠ ᠪᠣᠯ ᠰᠦᠯ ᠰᠠᠢᠲᠠᠶ ᠨᠣᠬᠠᠶ ᠢ᠋ᠢᠨ ᠬᠣᠱᠢᠭᠤ᠂ ᠴᠠᠷᠭᠠᠰᠤ᠂ ᠬᠠᠭᠤᠷᠠᠶ ᠡᠪᠡᠰᠦ ᠪᠤᠯᠤᠨ ᠡᠷᠳᠡᠨᠢ ᠱᠢᠰᠢ ᠪᠠ ᠪᠣᠭᠣᠳᠠᠶ ᠢ᠋ᠢᠨ ᠡᠰᠢ ᠰᠦᠷᠡᠯ᠂ ᠠᠱᠢᠭ᠍ᠲᠤ ᠪᠠᠺᠲ᠋ᠧᠷᠢ ᠵᠡᠷᠭᠡ ᠢ᠋ᠢ ᠱᠢᠨᠵᠢᠯᠡᠬᠦ᠌ ᠤᠬᠠᠭᠠᠨᠴᠢ ᠬᠠᠷᠢᠴᠠᠯ ᠢ᠋ᠢᠡᠷ ᠨᠠᠢᠷᠠᠭᠤᠯᠵᠤ᠂ ᠵᠢᠭᠤᠷᠠᠬᠤ᠂ ᠳᠠᠷᠤᠬᠤ᠂ ᠪᠣᠭᠣᠳᠠᠯᠯᠠᠬᠤ᠂ ᠢᠰᠭᠡᠬᠦ ᠠᠷᠭ᠎ᠠ ᠪᠡᠷ ᠪᠤᠯᠪᠠᠰᠤᠷᠠᠭᠤᠯᠤᠭᠰᠠᠨ ᠨᠠᠷᠢᠯᠢᠭ ᠪᠦᠳᠦᠭᠦᠯᠢᠭ ᠤ᠋ᠨ ᠬᠠᠷᠢᠴᠠᠯ ᠨᠢ ᠲᠡᠭᠰᠢ᠂ ᠱᠢᠮ᠎ᠡ ᠲᠡᠵᠢᠭᠡᠯ ᠤ᠋ᠨ ᠭᠡᠮᠵᠢᠶ᠎ᠡ ᠨᠢ ᠨᠢᠭᠡᠳᠦᠯᠲᠡᠶ ᠪᠠᠢᠳᠠᠭ ᠲᠡᠵᠢᠭᠡᠯ ᠪᠤᠷᠳᠤᠭ᠎ᠠ ᠶᠤᠮ》 ᠭᠡᠵᠤ ᠪᠠᠷᠠᠭᠤᠨ ᠦᠵᠦᠮᠦᠴᠢᠨ ᠬᠤᠰᠢᠭᠤᠨ ᠤ᠋ ᠬᠤᠭᠤᠯᠠᠲᠤ ᠢ᠋ᠢᠨ ᠭᠤᠤᠯ ᠪᠠᠯᠭᠠᠰᠤᠨ ᠤ᠋ ᠪᠠᠶᠠᠨᠪᠤᠯᠠᠭ ᠭᠠᠴᠠᠭ᠎ᠠ ᠢ᠋ᠢᠨ ᠳᠠᠷᠤᠭ᠎ᠠ ᠨᠠᠰᠤᠨᠵᠢᠷᠭᠠᠯ ᠬᠡᠯᠡᠨ᠎ᠠ᠃ ᠲᠤᠰ ᠭᠠᠴᠠᠭ᠎ᠠ ᠨᠢᠳᠤᠨᠤᠨ ᠤ᠋ 4 ᠰᠠᠷ᠎ᠠ ᠳ᠋ᠤ 《ᠰᠢᠮ᠎ᠠ 》 ᠡᠪᠡᠰᠦᠨ ᠤ᠋ ᠦᠶ᠋ᠯᠡᠰ ᠤ᠋ᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠬᠤᠯᠢᠮᠠᠭ ᠪᠣᠷᠳᠣᠭ᠎ᠠ ᠢ᠋ᠢᠨ ᠦᠶ᠋ᠯᠡᠳᠪᠦᠷᠢ ᠪᠠᠢᠭᠤᠯᠵᠤ᠂ ᠭᠠᠴᠠᠭᠠᠨ ᠤ᠋ ᠮᠠᠯᠴᠢᠳ ᠤ᠋ᠨ ᠲᠡᠵᠢᠭᠡᠯ ᠪᠤᠷᠳᠤᠭᠠᠨ ᠤ᠋ ᠬᠡᠷᠡᠭᠴᠡᠭᠡ ᠢ᠋ᠢ ᠬᠠᠡᠭᠭᠠᠵᠤ ᠪᠠᠢᠨ᠎ᠠ᠃
ᠰᠦᠯ ᠰᠠᠢᠲᠠᠢ ᠲᠡᠵᠢᠭᠡᠯ ᠪᠤᠷᠳᠤᠭ᠎ᠠ ᠨᠢ ᠮᠠᠯ ᠰᠦᠷᠦᠭ ᠤ᠋ᠨ ᠰᠢᠮ᠎ᠠ ᠲᠡᠵᠢᠭᠡᠯ ᠤ᠋ᠨ ᠬᠡᠷᠡᠭᠴᠡᠭᠡ ᠢ᠋ᠢ ᠲᠡᠡᠭᠴᠡᠪᠦᠷᠢᠲᠡᠢ ᠬᠠᠡᠭᠭᠠᠨ ᠦᠰᠦᠯᠲᠡ ᠢ᠋ᠢ ᠲᠦᠷᠭᠡᠳᠬᠡᠬᠦ ᠵᠢᠨ ᠤᠯᠠᠮ ᠵᠢᠡᠷ ᠠᠰᠢᠭ ᠰᠢᠮ᠎ᠠ ᠢ᠋ᠢᠨ ᠭᠠᠷᠤᠯᠲᠠ ᠢ᠋ᠢ ᠨᠡᠮᠡᠭᠳᠡᠭᠦᠯᠳᠡᠭ᠃ ᠤᠢᠷ᠎ᠠ ᠢ᠋ᠢᠨ ᠬᠤᠶᠠᠷ ᠵᠢᠯ ᠳ᠋ᠤ ᠪᠠᠷᠠᠭᠤᠨ ᠦᠵᠦᠮᠦᠴᠢᠨ ᠬᠤᠰᠢᠭᠤ ᠲᠡᠵᠢᠭᠡᠯ ᠪᠣᠷᠳᠣᠭᠠᠨ ᠤ᠋ ᠠᠵᠢᠯ ᠢ᠋ ᠲᠤᠢᠯ ᠵᠢᠡᠷ ᠴᠢᠬᠤᠯᠠᠴᠢᠯᠠᠵᠤ᠂ ᠭᠠᠴᠠᠭᠠᠨ ᠤ᠋ ᠱᠠᠲᠤᠨ ᠤ᠋ ᠬᠤᠯᠢᠮᠠᠭ ᠪᠤᠷᠳᠤᠭ᠎ᠠ ᠢ᠋ᠢᠨ ᠦᠶ᠋ᠯᠡᠳᠪᠦᠷᠢ ᠢ᠋ᠢ 3 ᠪᠠᠢᠭᠤᠯᠤᠨ᠂ ᠰᠦᠯ ᠰᠠᠢᠲᠠᠶ ᠲᠡᠵᠢᠭᠡᠯ ᠡᠪᠡᠰᠦ ᠳᠠᠷᠢᠬᠤ ᠲᠠᠯᠠᠪᠠᠶ ᠢ᠋ᠢ 4.5 ᠲᠦᠮᠡᠨ ᠮᠤ᠌ ᠳ᠋ᠤ ᠬᠦᠷᠭᠡᠨ ᠂ ᠪᠥᠬᠥ᠌ ᠵᠢᠯ ᠳ᠋ᠤ ᠪᠠᠢᠭᠠᠯᠢ ᠵᠢᠨ ᠡᠪᠡᠰᠦ᠂ ᠲᠠᠷᠢᠮᠠᠯ ᠡᠪᠡᠰᠦ ᠵᠡᠷᠭᠡ ᠡᠪᠡᠰᠦ ᠪᠤᠷᠳᠤᠭᠠᠨ ᠤ᠋ ᠬᠠᠩᠭᠠᠯᠭ᠎ᠠ ᠢ᠋ᠢᠨ ᠴᠢᠳᠠᠪᠤᠷᠢ ᠢ᠋ᠢ 70 ᠲᠦᠮᠡᠨ ᠲᠣᠨ ᠡᠴᠡ ᠳᠡᠭᠡᠭ᠌ᠰᠢ ᠪᠠᠢᠯᠭᠠᠬᠤ ᠢ᠋ᠢ ᠪᠠᠲᠤᠯᠠᠵᠤ᠂ ᠪᠠᠰᠠ《ᠳᠠᠷᠢᠬᠤ + ᠬᠣᠷᠢᠶᠠᠬᠤ + ᠨᠥᠭᠡᠴᠡᠯᠡᠬᠦ᠌》 ᠭᠤᠷᠪᠠᠨ ᠲᠠᠯ᠎ᠠ ᠪᠡᠷ ᠬᠦᠴᠦᠯᠡᠨ᠂ ᠣᠳᠣ ᠪᠥᠬᠥ᠌ ᠬᠣᠱᠢᠭᠤᠨ ᠤ᠋ ᠡᠪᠡᠰᠦ ᠪᠣᠷᠳᠣᠭ᠎ᠠ ᠨᠥᠭᠡᠴᠡᠯᠡᠭᠰᠡᠨ ᠶᠡᠷᠦᠩᠬᠡᠶ ᠬᠡᠮᠵᠢᠶ᠎ᠡ 82.6 ᠲᠦᠮᠡᠨ ᠲᠣᠨ ᠳ᠋ᠤ ᠬᠦᠷᠴᠠᠢ᠃ ᠠᠷᠤ ᠬᠤᠷᠴᠢᠨ ᠬᠤᠰᠢᠭᠤ 《ᠴᠠᠭ ᠠᠭᠤᠷ + ᠮᠠᠯ ᠠᠵᠤ ᠠᠬᠤᠶ》 ᠤᠶᠤᠨᠲᠤ ᠱᠢᠰᠲ᠋ᠧᠮ᠂ ᠳᠣᠬᠢᠭᠤᠷ ᠲᠤᠯᠤᠭᠠᠨ ᠣᠲᠣ ᠵᠠᠮᠴᠢᠯᠠᠬᠤ ᠮᠠᠱᠢᠨ ᠮᠡᠳᠤ ᠵᠢᠨ ᠰᠢᠨ᠎ᠠ ᠲᠸᠭᠨᠢᠭ ᠮᠡᠷᠭᠡᠵᠢᠯ᠂ ᠲᠡᠷᠢᠬᠦᠨ ᠤ᠋ ᠲᠤᠨᠤᠭ ᠲᠦᠬᠦᠬᠡᠷᠦᠮᠵᠢ ᠵᠢ ᠠᠰᠢᠬᠯᠠᠨ ᠰᠦᠯ ᠰᠠᠢᠲᠠᠶ ᠲᠡᠵᠢᠭᠡᠯ ᠡᠪᠡᠰᠦ ᠲᠠᠷᠢᠬᠤ ᠲᠠᠯᠠᠪᠠᠢ ᠢ᠋ᠢ 68 ᠲᠦᠮᠡᠨ ᠮᠥ᠍ ᠳ᠋ᠤ ᠬᠦᠷᠭᠡᠵᠤ᠂ ᠵᠢᠯ ᠳ᠋ᠤ 65 ᠲᠦᠮᠡᠨ ᠲᠣᠨ ᠤ᠋ ᠤᠨᠠᠯᠲᠠ ᠢ᠋ᠢ ᠪᠠᠲᠤᠯᠠᠨ᠂ 《ᠴᠥᠭᠡᠨ ᠲᠡᠵᠢᠭᠡᠵᠤ ᠴᠢᠨᠠᠷᠯᠢᠭ ᠮᠠᠯᠵᠢᠬᠤ 》 ᠳ᠋ᠤ ᠡᠪᠡᠰᠦ ᠪᠣᠷᠳᠣᠭᠠᠨ ᠤ᠋ ᠪᠠᠲᠤᠯᠠᠭ᠎ᠠ ᠬᠠᠡᠭᠭᠠᠵᠤ ᠪᠠᠢᠭ᠎ᠠ ᠶᠤᠮ᠃
《ᠮᠠᠨ ᠤ᠋ ᠭᠠᠴᠠᠭ᠎ᠠ ᠣᠳᠣᠬᠢᠴᠢᠯᠠᠭ᠍ᠰᠠᠨ ᠬᠡᠪᠴᠢᠶᠡᠵᠢᠭ᠌ᠰᠡᠨ ᠪᠠᠷᠢᠮᠵᠢᠶᠠᠵᠢᠭ᠍ᠰᠠᠨ ᠡᠪᠡᠰᠦ ᠪᠣᠷᠳᠣᠭ᠎ᠠ ᠪᠤᠯᠪᠠᠰᠤᠷᠠᠭᠤᠯᠬᠤ ᠲᠥᠷᠥᠯ ᠵᠦᠶ᠋ᠯ ᠢ᠋ ᠢᠳᠡᠪᠬᠢᠲᠡᠶ ᠠᠬᠢᠭᠤᠯᠵᠤ᠂ ᠮᠠᠯᠴᠢᠳ ᠲᠦ᠍ ᠵᠠᠬ᠎ᠠ ᠳᠡᠯᠭᠡᠭᠦᠷ ᠤ᠋ᠨ ᠦᠨ᠎ᠡ ᠬᠠᠩᠰᠢ ᠡᠴᠡ ᠬᠢᠮᠳᠠᠬᠠᠨ ᠲᠡᠵᠢᠭᠡᠯ ᠪᠤᠷᠳᠤᠭ᠎ᠠ ᠬᠠᠡᠭᠭᠠᠵᠤ᠂ ᠲᠡᠵᠢᠭᠡᠨ ᠦᠷᠡᠵᠢᠭᠦᠯᠬᠦ᠌ ᠦᠷ᠎ᠡ ᠠᠱᠢᠭ ᠢ᠋ ᠨᠢ ᠪᠦᠲᠦᠮᠵᠢᠲᠡᠶ ᠳᠡᠭᠡᠭ᠌ᠰᠢᠯᠡᠭᠦᠯᠪᠠ 》 ᠭᠡᠵᠤ ᠠᠷᠤ ᠬᠤᠷᠴᠢᠨ ᠬᠤᠰᠢᠭᠤᠨ ᠤ᠋ ᠱᠤᠤ ᠪᠠᠯᠭᠠᠰᠤ ᠵᠢᠨ ᠠᠮᠢᠡᠡᠦ᠋ᠨᠳᠦᠷ ᠭᠠᠴᠠᠭ᠎ᠠ ᠢ᠋ᠢᠨ ᠱᠦᠵᠢ ᠪᠠᠶᠠᠰᠬᠤᠯᠠᠡᠭ ᠶᠠᠷᠢᠵᠤ ᠪᠠᠢᠯ᠎ᠠ᠃
《ᠴᠦᠭᠡᠨ ᠲᠡᠵᠢᠭᠡᠵᠤ ᠴᠢᠨᠠᠷᠯᠢᠬ ᠮᠠᠯᠵᠢᠬᠤ》 ᠳ᠋ᠦ ᠲᠸᠭᠨᠢᠭ ᠮᠡᠷᠭᠡᠵᠢᠯ ᠢ᠋ ᠤᠮᠳᠤᠭᠠᠢᠯᠠᠵᠤ ᠪᠤᠯᠤᠰᠢ ᠦᠬᠡᠢ ᠶᠤᠮ᠃ ᠪᠠᠷᠠᠭᠤᠨ ᠦᠵᠦᠮᠦᠴᠢᠨ ᠬᠤᠰᠢᠭᠤᠨ ᠤ᠋ ᠪᠠᠶᠠᠨᠬᠤᠰᠢᠭᠤ ᠰᠤᠮᠤ ᠮᠠᠯ ᠤ᠋ᠨ ᠡᠮᠴᠢ ᠢ᠋ᠢᠨ ᠡᠡᠭᠨᠡᠭᠡ ᠪᠠᠢᠭᠤᠯᠤᠨ᠂ ᠮᠠᠯ ᠡᠮᠨᠡᠯᠭᠡ ᠢ᠋ᠢᠨ ᠲᠤᠰᠬᠠᠢ ᠲᠠᠰᠤᠭ ᠭᠠᠷᠭᠠᠬᠰᠠᠨ ᠢ᠋ᠢᠡᠷ ᠪᠠᠷᠠᠬᠤ ᠦᠭᠡᠢ ᠪᠠᠰᠠ ᠨᠡᠭᠦᠳᠡᠯ ᠣᠨᠣᠱᠢᠯᠠᠨ ᠡᠮᠨᠡᠬᠦ᠌ ᠲᠡᠷᠭᠡ ᠲᠤᠬᠢᠷᠠᠭᠤᠯᠵᠤ᠂ ᠢᠴᠡᠭᠡᠯ ᠦᠷ᠎ᠠ ᠢ᠋ᠢᠨ ᠬᠡᠬᠡᠯᠳᠦᠬᠦᠯᠭᠡ ᠬᠢᠬᠦ᠂ ᠲᠠᠷᠢᠯᠭ᠎ᠠ ᠲᠠᠷᠢᠬᠤ᠂ ᠬᠤᠷᠤᠬᠠᠢ ᠲᠠᠭᠤᠬᠤ᠂ ᠡᠮ ᠴᠢᠳᠬᠤᠬᠤ᠂ ᠬᠡᠮ ᠬᠢᠵᠢᠭ ᠢ᠋ ᠰᠡᠷᠭᠡᠢᠯᠡᠬᠦ᠂ ᠲᠦᠯ ᠲᠤᠰᠬᠤ ᠵᠡᠷᠭᠡ ᠡᠮᠴᠢᠯᠡᠭᠡ ᠬᠠᠡᠭᠭᠠᠵᠤ ᠪᠠᠢᠨ᠎ᠠ᠃
《ᠪᠢᠳᠡ ᠠᠮᠢᠲᠠᠨ ᠤ᠋ ᠡᠮᠨᠡᠯᠭᠡ ᠢ᠋ᠢᠨ ᠲᠠᠰᠤᠭ ᠲᠠᠭᠠᠨ ᠣᠨᠣᠱᠢᠯᠠᠨ ᠡᠮᠨᠡᠬᠦ᠌᠂ ᠱᠢᠨᠵᠢᠯᠡᠨ ᠪᠠᠢᠴᠠᠭᠠᠬᠤ᠂ ᠮᠡᠰᠡ ᠵᠠᠰᠠᠯ ᠬᠢᠬᠦ ᠵᠡᠷᠭᠡ ᠲᠡᠷᠢᠭᠦᠨ ᠤ᠋ ᠮᠡᠷᠭᠡᠵᠢᠯ ᠲᠦᠬᠦᠭᠡᠷᠦᠮᠵᠢ ᠢ᠋ᠢ ᠤᠷᠤᠭᠤᠯᠤᠨ ᠠᠪᠴᠢᠷᠠᠵᠤ᠂ ᠮᠠᠯ ᠤ᠋ᠨ ᠭᠦᠷᠪᠡᠯᠵᠡᠭᠦᠷ ᠬᠤᠷᠤᠬᠠᠢ ᠢ᠋ᠢᠨ ᠪᠠᠢᠴᠠᠭᠠᠯᠲᠠ᠂ ᠪᠷᠦ᠋ᠽᠸᠯ ᠡᠪᠡᠳᠴᠢᠨ ᠤ᠋ ᠪᠠᠢᠴᠠᠭᠠᠯᠲᠠ᠂ B ᠬᠡᠯᠪᠡᠷᠢ ᠢ᠋ᠢᠨ ᠬᠡᠳᠤ ᠳᠤᠯᠭᠢᠶᠠᠨ ᠤ᠋ ᠪᠠᠢᠴᠠᠭᠠᠯᠲᠠ ᠵᠡᠷᠭᠡ ᠢ᠋ᠢ ᠬᠢᠵᠤ᠂ ᠦᠬᠡᠷ ᠬᠤᠨᠢ ᠠᠳᠤᠭᠤ ᠳ᠋ᠤ ᠪᠠᠢᠡᠭᠭᠤ ᠲᠤᠬᠢᠶᠠᠯᠳᠤᠬᠤ ᠮᠠᠰᠠ ᠵᠠᠰᠠᠯ ᠢ᠋ ᠴᠤ᠌ ᠬᠢᠵᠤ ᠪᠠᠢᠨ᠎ᠠ》 ᠭᠡᠵᠤ ᠪᠠᠶᠠᠨᠬᠤᠰᠢᠭᠤ ᠰᠤᠮᠤ ᠢ᠋ᠢᠨ ᠰᠤᠮᠤᠨ ᠳᠠᠷᠤᠭ᠎ᠠ ᠴᠡᠡᠭᠭᠡᠯᠲᠤ ᠠᠮᠢᠲᠠᠨ ᠤ᠋ ᠡᠮᠨᠡᠯᠭᠡ ᠢ᠋ᠢᠨ ᠲᠠᠰᠤᠭ ᠢ᠋ᠢᠡᠨ ᠲᠠᠨᠢᠯᠴᠠᠭᠤᠯᠵᠤ ᠭᠠᠷᠤᠯ᠎ᠠ᠃
ᠪᠠᠷᠠᠭᠤᠨ ᠦᠵᠦᠮᠦᠴᠢᠨ ᠬᠤᠰᠢᠭᠤ ᠮᠠᠯ ᠡᠮᠨᠡᠯᠭᠡ ᠢ᠋ᠢᠨ ᠮᠡᠷᠭᠡᠵᠢᠯ ᠤ᠋ᠨ ᠳᠡᠰ ᠳᠠᠪᠰᠢᠯᠲᠠ ᠢ᠋ᠢ ᠠᠬᠢᠭᠤᠯᠤᠨ᠂ ᠠᠮᠢᠲᠠᠨ ᠤ᠋ ᠬᠡᠮ ᠬᠢᠵᠢᠭ ᠢ᠋ ᠰᠡᠷᠭᠡᠢᠯᠡᠨ ᠡᠵᠡᠮᠳᠡᠬᠦ ᠲᠥᠪ ᠤ᠋ᠨ ᠲᠤᠷᠱᠢᠯᠲᠠ ᠢ᠋ᠢᠨ ᠲᠠᠰᠤᠭ ᠵᠢᠡᠨ PCR ᠲᠤᠷᠱᠢᠯᠲᠠ ᠢ᠋ᠢᠨ ᠲᠠᠰᠤᠭ ᠪᠣᠯᠭᠠᠨ ᠥᠭᠡᠷᠡᠴᠢᠯᠡᠨ ᠪᠠᠢᠭᠤᠯᠵᠤ᠂ ᠲᠤᠷᠱᠢᠯᠲᠠ ᠢ᠋ᠢᠨ ᠲᠠᠰᠤᠭ ᠤ᠋ᠨ ᠱᠢᠯᠭᠠᠨ ᠪᠠᠢᠴᠠᠭᠠᠬᠤ ᠴᠢᠳᠠᠪᠤᠷᠢ ᠢ᠋ᠢ ᠳᠡᠭᠡᠭ᠌ᠰᠢᠯᠡᠬᠦᠯᠤᠨ᠂ ᠱᠢᠯᠭᠠᠨ ᠪᠠᠢᠴᠠᠭᠠᠵᠤ ᠲᠠᠢᠯᠬᠦ ᠮᠠᠯ ᠤ᠋ᠨ ᠬᠡᠮ ᠬᠢᠵᠢᠭ ᠤ᠋ᠨ ᠲᠦᠷᠦᠯ ᠵᠦᠢᠯ ᠢ᠋ ᠨᠡᠮᠡᠭᠳᠡᠭᠦᠯᠵᠤ᠂ ᠬᠡᠮ ᠬᠢᠵᠢᠭ ᠢ᠋ ᠱᠢᠨᠵᠢᠯᠡᠬᠦ᠌ ᠤᠬᠠᠭᠠᠨᠴᠢ ᠪᠡᠷ ᠰᠡᠷᠭᠡᠢᠯᠡᠨ ᠡᠵᠡᠮᠳᠡᠬᠦ ᠳ᠋ᠤ ᠴᠢᠡᠭᠭ᠎ᠠ ᠬᠦᠴᠦᠲᠡᠢ ᠮᠡᠷᠭᠡᠵᠢᠯ ᠤ᠋ᠨ ᠳᠡᠮᠵᠢᠯᠭᠡ ᠬᠠᠩᠭᠠᠪᠠ᠃ ᠡᠭᠦᠨ ᠤ᠋ ᠬᠠᠮᠲᠤ ᠬᠡᠮᠨᠡᠵᠤ ᠰᠤᠢᠳᠦᠭᠰᠡᠨ ᠮᠠᠯ ᠢ᠋ ᠬᠤᠤᠷ ᠦᠭᠡᠢᠳᠡᠭᠦᠯᠦᠨ ᠱᠢᠶ᠋ᠳᠪᠦᠷᠢᠯᠡᠬᠦ᠌ ᠦᠶ᠋ᠯᠡᠳᠪᠦᠷᠢ ᠵᠢᠴᠢ 3 ᠰᠤᠮᠤ ᠪᠠᠯᠭᠠᠰᠤᠨ ᠳ᠋ᠤ ᠬᠡᠮᠨᠡᠵᠤ ᠰᠤᠢᠳᠦᠭᠰᠡᠨ ᠮᠠᠯ ᠢ᠋ ᠲᠦᠷ ᠴᠠᠭ ᠬᠠᠳᠠᠭᠠᠯᠠᠬᠤ ᠴᠡᠭ ᠪᠠᠢᠭᠤᠯᠤᠨ᠂ ᠮᠠᠯ ᠤ᠋ᠨ ᠬᠡᠮ ᠬᠢᠵᠢᠭ ᠲᠠᠷᠬᠠᠬᠤ ᠲᠦᠭ᠌ᠰᠢᠭᠦᠷᠢ ᠢ᠋ᠢ ᠲᠠᠰᠤᠯᠵᠤ᠂ ᠮᠠᠯ ᠠᠵᠤ ᠠᠬᠤᠶ ᠢ᠋ᠢᠨ ᠡᠷᠡᠬᠦᠯ ᠲᠤᠭᠳᠠᠭᠤᠨ ᠬᠦᠭᠵᠢᠯᠳᠡ ᠪᠠ ᠮᠠᠯ ᠤ᠋ᠨ ᠠᠰᠢᠭ ᠰᠢᠮ᠎ᠠ ᠵᠢᠨ ᠠᠮᠤᠷ ᠲᠦᠪᠰᠢᠨ ᠤ᠋ ᠰᠠᠭᠤᠷᠢ ᠢ᠋ᠢ ᠪᠡᠬᠢᠵᠢᠭᠦᠯᠪᠡ᠃
ᠪᠢᠳᠡᠨ ᠤ᠋ ᠬᠦᠷᠴᠦ ᠰᠤᠷᠪᠤᠯᠵᠢᠯᠠᠭᠰᠠᠨ ᠡᠯ᠎ᠠ ᠬᠣᠱᠢᠭᠤ ᠨᠤᠲᠤᠭ ᠤ᠋ᠨ ᠬᠢᠨ ᠰᠢᠯᠢᠳᠡᠭ ᠰᠠᠢᠨ ᠡᠭᠦᠯᠳᠡᠷ ᠢ᠋ ᠪᠣᠢᠵᠢᠭᠤᠯᠬᠤ ᠡᠴᠡ ᠰᠦᠯ ᠰᠠᠢᠳᠠᠢ ᠲᠡᠵᠢᠭᠡᠯ ᠪᠣᠷᠳᠣᠭ᠎ᠠ ᠦᠢᠯᠡᠳᠪᠦᠷᠢᠯᠡᠬᠦ᠂ ᠬᠡᠮ ᠬᠢᠵᠢᠭ ᠢ᠋ ᠰᠡᠷᠭᠡᠢᠯᠡᠨ ᠵᠠᠰᠠᠬᠤ ᠬᠦᠷᠲᠡᠯᠡᠬᠢ ᠮᠠᠯ ᠠᠵᠤ ᠠᠬᠤᠢ ᠵᠢᠨ ᠦᠢᠯᠡᠳᠪᠤᠷᠢᠯᠡᠯ ᠤ᠋ᠨ ᠡᠯ᠎ᠠ ᠭᠤᠭᠴᠤᠭᠠᠨ ᠳ᠋ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠡᠷᠡᠭᠯᠡᠯᠲᠡ ᠢ᠋ᠢ ᠶᠡᠬᠡ ᠪᠡᠷ ᠠᠬᠢᠭᠤᠯᠵᠤ᠂ ᠮᠠᠯ ᠤ᠋ᠨ ᠠᠱᠢᠭ ᠱᠢᠮ᠎ᠡ ᠢ᠋ᠢᠨ ᠭᠠᠷᠤᠯᠲᠠ ᠢ᠋ᠢ ᠨᠡᠮᠡᠭᠳᠡᠭᠦᠯᠤᠨ᠂ ᠦᠢᠯᠡᠳᠪᠦᠷᠢᠯᠡᠯ ᠤ᠋ᠨ ᠦᠷ᠎ᠠ ᠪᠦᠲᠦᠮᠵᠢ ᠪᠠᠨ ᠦᠨᠡᠨ ᠬᠦ᠌ ᠲᠠᠬᠡᠭᠰᠢᠯᠡᠬᠦᠯᠵᠤ ᠪᠠᠢᠨ᠎ᠠ᠃
᠁
ᠰᠢᠨᠵᠢᠯᠡᠬᠦ ᠤᠬᠠᠭᠠᠠ ᠲᠸᠭᠨᠢᠭ ᠮᠡᠷᠭᠡᠵᠢᠯ ᠪᠤᠯ《ᠴᠦᠭᠡᠨ ᠲᠡᠵᠢᠭᠡᠵᠤ ᠴᠢᠨᠠᠷᠯᠢᠭ ᠮᠠᠯᠵᠢᠬᠤ》 ᠢ᠋ᠢᠨ ᠪᠠᠳᠤᠯᠠᠭ᠎ᠠ᠂ ᠮᠦᠨ ᠴᠤ᠌ ᠪᠡᠯᠴᠢᠭᠡᠷ ᠤ᠋ᠨ ᠮᠠᠯ ᠠᠵᠤ ᠠᠬᠤᠢ ᠢ᠋ᠢᠨ ᠬᠡᠯᠪᠡᠷᠢ ᠢ᠋ᠢ ᠬᠤᠪᠢᠷᠠᠭᠤᠯᠵᠤ ᠲᠡᠰ ᠳᠡᠪᠱᠢᠭᠦᠯᠬᠦ᠌ ᠢ᠋ᠢᠨ ᠬᠦᠴᠦᠷᠬᠡᠭ ᠶᠡᠬᠡ ᠬᠥᠳᠡᠯᠭᠡᠭᠦ ᠬᠦᠴᠦᠨ ᠶᠤᠮ᠃ ᠮᠠᠯ ᠤ᠋ᠨ ᠲᠤᠭ᠎ᠠ ᠪᠡᠷ ᠮᠠᠯ ᠠᠵᠤ ᠠᠬᠤᠢ ᠢ᠋ᠢᠨ ᠬᠦᠭᠵᠢᠯᠲᠡ ᠢ᠋ᠢ ᠪᠠᠷᠢᠮᠵᠢᠶᠠᠯᠠᠵᠤ ᠪᠠᠢᠭᠰᠠᠨ ᠴᠠᠭ ᠦᠶ᠎ᠠ ᠡᠷᠬᠢᠰᠢ ᠦᠬᠡᠢ ᠤᠳᠴᠤ᠂ ᠦᠪᠡᠷᠮᠢᠴᠠ ᠳᠠᠪᠠᠭᠤᠯᠢᠭ ᠢ᠋ᠢᠡᠨ ᠪᠠᠳᠠᠷᠠᠭᠤᠯᠤᠨ ᠤᠳᠤᠬᠢᠴᠢᠯᠠᠯᠲᠠ ᠢ᠋ᠢᠨ ᠠᠯᠬᠤᠭ᠎ᠠ ᠪᠡᠨ ᠲᠦᠷᠭᠡᠳᠬᠡᠬᠦ ᠨᠢ ᠤᠳᠤ ᠦᠶ᠎ᠠ ᠢ᠋ᠢᠨ ᠮᠠᠯ ᠠᠵᠤ ᠠᠬᠤᠢ ᠢ᠋ᠢᠨ ᠬᠦᠭᠵᠢᠯᠲᠡ ᠢ᠋ᠢᠨ ᠰᠢᠨ᠎ᠠ ᠴᠢᠭᠯᠡᠯ ᠪᠤᠯᠵᠠᠢ᠃ ᠠᠷᠤ ᠬᠣᠷᠴᠢᠨ ᠬᠣᠱᠢᠭᠤ ᠂ ᠪᠠᠷᠠᠭᠤᠨ ᠦᠵᠦᠮᠦᠴᠢᠨ ᠬᠤᠰᠢᠭᠤ᠂ ᠴᠠᠬᠠᠷ ᠪᠠᠷᠠᠭᠤᠨ ᠭᠠᠷᠤᠨ ᠬᠤᠢᠳᠤ ᠬᠤᠰᠢᠭᠤ ᠰᠢᠨᠵᠢᠯᠡᠬᠦ ᠤᠬᠠᠭᠠᠨᠴᠢ ᠮᠠᠯᠵᠢᠯ᠂ ᠰᠢᠯᠢᠳᠡᠭ ᠰᠠᠢᠨ ᠡᠭᠦᠯᠳᠡᠷ᠂ ᠰᠢᠨ᠎ᠠ ᠲᠸᠭᠨᠢᠭ ᠮᠡᠷᠭᠡᠵᠢᠯ ᠤ᠋ᠨ ᠲᠤᠯᠭᠠᠭᠤᠷᠢᠯᠡᠯ ᠳᠤᠤᠷ᠎ᠠ ᠦᠵᠡᠰᠬᠦᠯᠡᠩᠳᠤ ᠰᠠᠢᠬᠠᠨ ᠬᠢᠬᠡᠳ ᠦᠷᠨᠢᠩᠬᠦᠢ ᠬᠦᠭᠵᠢᠯᠳᠡ ᠵᠢᠨ ᠬᠤᠤᠰ ᠠᠰᠢᠭ ᠢ᠋ ᠤᠯᠬᠤ ᠪᠡᠷ ᠴᠢᠷᠮᠠᠢᠨ᠂ 《ᠮᠠᠯ ᠤ᠋ᠨ ᠲᠤᠭ᠎ᠠ ᠵᠢ ᠴᠦᠬᠡᠳᠬᠡᠭᠰᠡᠨ ᠴᠦ᠍ ᠮᠠᠯ ᠤ᠋ᠨ ᠠᠰᠢᠭ ᠰᠢᠮ᠎ᠠ ᠢ᠋ᠢᠨ ᠭᠠᠷᠤᠯᠲᠠ ᠢ᠋ᠢ ᠬᠠᠰᠤᠭ᠍ᠳᠠᠭᠤᠯᠬᠤ ᠥᠬᠡᠶ》 ᠪᠠᠢᠬᠤ ᠵᠢ ᠬᠦᠴᠦᠯᠡᠨ ᠪᠠᠳᠤᠯᠠᠵᠤ᠂ 《 ᠭᠠᠷᠤᠯᠳᠠ 》 ᠵᠢᠨ ᠠᠰᠠᠭᠤᠳᠠᠯ ᠢ᠋ ᠪᠦᠳᠦᠮᠵᠢᠳᠠᠢ ᠰᠢᠢᠳᠪᠤᠷᠢᠯᠡᠬᠦ ᠠᠷᠭ᠎ᠠ ᠵᠠᠮ ᠢ᠋ ᠦᠷᠬᠦᠯᠵᠢᠯᠡᠨ ᠬᠠᠢᠨ ᠰᠦᠪᠡᠭᠴᠢᠯᠡᠭᠰᠡᠬᠡᠷ ᠁