— ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠡᠮᠦᠨ᠎ᠡ ᠹᠷᠣᠨᠲ᠎ᠡᠴᠡ ᠦᠵᠡᠵᠦ ᠰᠤᠨᠤᠰᠤᠬᠰᠠᠨ ᠳᠡᠮᠳᠡᠭᠯᠡᠯ
ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ ᠶᠡᠷᠦᠩᠬᠡᠢᠯᠡᠭ᠌ᠰᠡᠨ ᠨᠡᠭᠡᠭᠡᠴᠡᠲᠡᠶ ᠷᠠᠳᠢᠣ᠋ ᠲᠤᠷᠠᠨ ᠢᠶᠠᠷ ᠰᠠᠨᠰᠠᠷ ᠣᠭ᠍ᠲᠠᠷᠭᠤᠢ ᠶ᠋ᠢ ᠠᠵᠢᠭ᠍ᠯᠠᠵᠤ᠂ ᠵᠢᠶᠠᠩᠮᠸᠨᠤ ᠨᠸᠦ᠋ᠲ᠋ᠷᠢᠨᠤ᠋ ᠲᠤᠷᠱᠢᠯᠲᠠ᠎ᠶ᠋ᠢᠨ ᠲᠤᠮᠤ ᠬᠥᠱᠢᠭᠡ ᠨᠡᠭᠡᠭᠡᠭ᠌ᠳᠡᠵᠦ᠍᠂ ᠺᠸᠠᠨ᠋ᠲ᠎ᠤᠨ ᠪᠤᠳᠤᠯᠭ᠎ᠠ᠎ᠶ᠋ᠢ ᠬᠤᠳᠠᠯᠳᠤᠭᠠᠴᠢᠯᠠᠠ ᠪᠤᠭᠤᠮᠲᠠ ᠰᠢᠪᠲᠤᠯᠤᠨ ᠤᠷᠤᠭ᠍ᠰᠢᠯᠠᠵᠤ᠂ ᠡᠯᠧᠺᠲ᠋ᠷᠣᠨ ᠴᠢᠮᠡᠭᠡ ᠬᠣᠯᠪᠣᠭ᠎ᠠ᠎ᠶ᠋ᠢᠨ ᠭᠡᠳᠤ ᠥᠨᠳᠥᠷ ᠬᠤᠷᠳᠤᠴᠠᠲᠤ ᠲᠤᠬᠢᠶ᠎ᠠ ᠪᠤᠯᠬᠤ 《ᠳᠤᠮᠳᠠᠳᠤ ᠤᠯᠤᠰ᠎ᠤᠨ ᠪᠠᠷᠢᠮᠵᠢᠶ᠎ᠡ᠎ᠲᠤ ᠱᠤᠭᠤᠮ》 ᠪᠦᠬᠦ᠌ ᠪᠥᠮᠪᠥᠷᠴᠡᠭ᠎ᠲᠦ ᠰᠡᠬᠦᠢᠨ ᠰᠦᠨᠳᠡᠷᠯᠡᠨ᠎ᠡ ᠁ 2025᠂ ᠱᠢᠨ᠎ᠡ᠎ᠶ᠋ᠢ ᠡᠭᠦᠳᠬᠦ᠌ ᠤᠷᠤᠰᠭᠠᠯ ᠣᠢᠯᠤᠨ ᠳᠠᠪᠠᠯᠭᠠᠯᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠪᠲᠤᠯᠤᠯᠲᠠ ᠪᠣᠯᠤᠨ ᠠᠵᠤ ᠦᠢᠯᠡᠰ ᠦᠨ ᠬᠤᠪᠢᠰᠤᠯᠲᠠ ᠰᠣᠯᠪᠢᠴᠠᠨ ᠬᠡᠷᠡᠯᠳᠦᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ ᠦᠨ ᠬᠦᠴᠦᠨ᠎ᠳᠦ ᠰᠦᠷ ᠳᠠᠯᠠᠢᠴᠠᠲᠠᠢ ᠬᠥᠳᠡᠯᠭᠡᠬᠦ᠌ ᠡᠨᠧᠷᠭᠢ ᠨᠡᠮᠡᠷᠢᠯᠡᠪᠡ᠃
ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠳᠦ ᠬᠦᠷᠬᠦ᠌ ᠵᠠᠢᠯᠠᠰᠢ ᠦᠭᠡᠢ ᠵᠠᠮ ᠮᠥᠨ᠃ ᠳᠡᠯᠡᠬᠡᠢ᠎ᠶ᠋ᠢᠨ ᠵᠠᠭᠤᠨ ᠵᠢᠯ᠎ᠳᠤ ᠲᠤᠬᠢᠶᠠᠯᠳᠤᠭ᠎ᠠ ᠦᠭᠡᠢ ᠬᠤᠪᠢᠰᠤᠯᠲᠠ᠎ᠶ᠋ᠢᠨ ᠣᠷᠣᠭ᠎ᠠ ᠪᠤᠰᠭᠠᠭ᠎ᠠ ᠪᠠᠢᠳᠠᠯ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶ᠋ᠢᠨ ᠲᠦᠷᠭᠡᠨ ᠬᠤᠪᠢᠰᠤᠯᠲᠠ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ ᠤᠨ ᠲᠥᠪ ᠬᠣᠷᠢᠢ᠎ᠠ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶ᠋ᠢ ᠨᠡᠩ ᠲᠤᠪᠤᠢ᠌ᠮ᠎ᠠ ᠪᠠᠢᠯᠳᠤᠬᠤ ᠪᠤᠳᠤᠯᠭ᠎ᠠ᠎ᠶ᠋ᠢᠨ ᠪᠠᠢᠷᠢᠨ᠎ᠳᠤ ᠲᠠᠯᠪᠢᠪᠠ᠃
ᠵᠢᠯ᠎ᠤᠨ ᠡᠬᠢᠨ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠦᠯᠦᠪᠯᠡᠵᠦ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠱᠢᠨ᠎ᠡ ᠵᠢ ᠡᠬᠦᠳᠬᠦᠲᠡᠢᠰᠢ ᠤᠷᠤᠭ᠍ᠰᠢᠯᠠᠬᠤ ᠵᠠᠮ ᠱᠤᠭᠤᠮ᠎ᠤᠨ ᠵᠢᠷᠤᠭ ᠨᠡᠩ ᠲᠣᠳᠣᠷᠬᠠᠢ ᠪᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ ᠲᠠᠰᠤᠷᠠᠯᠲᠠ ᠦᠭᠡᠢ ᠱᠢᠨ᠎ᠡ ᠠᠬᠢᠴᠠ᠎ᠲᠠᠶ ᠪᠤᠯᠵᠤ᠂ 《ᠱᠢᠨ᠎ᠡ》 ᠡᠴᠡ《ᠴᠢᠨᠠᠷ》 ᠢ᠋ ᠬᠥᠭᠡᠭᠡᠴᠡᠯᠳᠦᠬᠦ᠌ ᠨᠡᠩ ᠤᠯᠠᠨ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠢ ᠦᠷᠭᠦᠯᠵᠢᠯᠡᠨ ᠬᠥᠭ᠌ᠵᠢᠭᠡᠪᠡ᠃
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠵᠢᠯᠤᠭᠤᠳᠤᠮᠵᠢ ᠪᠤᠯᠭᠠᠵᠤ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠣᠭ᠍ᠲᠠᠭᠤᠨ᠎ᠢᠶᠠᠷ ᠬᠥᠭ᠌ᠵᠢᠭᠦᠯᠪᠡ
11 ᠰᠠᠷ᠎ᠠ᠎ᠳᠤ᠂ ᠭᠠᠨᠰᠦ᠎ᠶ᠋ᠢᠨ ᠮᠢᠨᠴᠢᠨᠳᠦ ᠪᠠᠢᠭ᠎ᠠ 2 ᠮᠧᠭ᠎ᠠ ᠸᠠᠲ᠎ᠶ᠋ᠢᠨ ᠱᠢᠩᠭᠡᠨ ᠲᠦᠯᠦᠪᠲᠦ ᠲᠦᠯᠡᠰᠢ᠎ᠶ᠋ᠢᠨ ᠲᠤᠷᠢ ᠪᠡᠷ ᠰᠠᠭᠤᠷᠢᠯᠠᠭᠰᠠᠨ ᠬᠠᠢᠯᠤᠮᠠᠯ ᠳᠠᠪᠤᠰᠤᠨ᠎ᠤ ᠲᠤᠷᠱᠢᠯᠲᠠ᠎ᠶ᠋ᠢᠨ ᠤᠪᠤᠭ᠎ᠠ ᠨᠢᠭᠡᠨᠲᠡ ᠳᠡᠯᠡᠬᠡᠢ᠎ᠶ᠋ᠢᠨ ᠠᠩᠬᠠᠳᠤᠭᠠᠷ ᠤᠳᠠᠭ᠎ᠠ᠎ᠶ᠋ᠢᠨ ᠲᠤᠷᠢ ᠦᠷᠡᠨᠦ ᠴᠥᠮ᠎ᠡ᠎ᠶ᠋ᠢᠨ ᠲᠦᠯᠡᠰᠢ᠎ᠶ᠋ᠢᠨ ᠰᠣᠯᠢᠭ᠍ᠳᠠᠯ᠎ᠢ ᠠᠮᠵᠢᠯᠲᠠ᠎ᠲᠠᠶ ᠪᠡᠶᠡᠯᠡᠭᠦᠯᠵᠦ᠍᠂ ᠣᠳᠣᠬᠠᠨ᠎ᠤ ᠳᠡᠯᠡᠬᠡᠢ ᠳᠡᠭᠡᠷᠡᠬᠢ ᠴᠤᠷ᠎ᠤᠨ ᠭᠠᠭ᠍ᠴᠠ ᠠᠵᠢᠯᠯᠠᠵᠤ ᠪᠠᠢᠭ᠎ᠠ ᠪᠥᠭᠡᠳ ᠲᠤᠷᠢ ᠵᠢᠨ ᠲᠦᠯᠡᠰᠢ᠎ᠶ᠋ᠢ ᠤᠪᠤᠭᠠᠨ᠎ᠳᠤ ᠣᠷᠣᠭᠤᠯᠬᠤ᠎ᠶ᠋ᠢ ᠪᠡᠶᠡᠯᠡᠭᠦᠯᠵᠦ᠍ ᠪᠠᠢᠭ᠎ᠠ ᠬᠠᠢᠯᠤᠮᠠᠯ ᠳᠠᠪᠤᠰᠤᠨ ᠤᠪᠤᠭ᠎ᠠ ᠪᠣᠯᠵᠠᠢ᠂ ᠡᠨᠡ ᠨᠢ ᠮᠠᠨ᠎ᠤ ᠤᠯᠤᠰ᠎ᠤᠨ ᠢᠷᠡᠭᠡᠳᠦᠢ᠎ᠶ᠋ᠢᠨ ᠲᠤᠷᠢ ᠵᠢᠨ ᠡᠬᠢ ᠪᠠᠶᠠᠯᠢᠭ᠎ᠢ ᠬᠡᠪᠴᠢᠶᠡᠵᠢᠭᠦᠯᠦᠨ ᠨᠡᠭᠡᠭᠡᠨ ᠠᠱᠢᠭ᠍ᠯᠠᠬᠤ᠂ ᠳᠥᠷᠪᠡᠳᠦᠭᠡᠷ ᠦᠶ᠎ᠡ ᠶ᠋ᠢᠨ ᠲᠡᠷᠢᠭᠦᠨ ᠦ ᠴᠥᠮ᠎ᠡ᠎ᠶ᠋ᠢᠨ ᠡᠨᠧᠷᠭᠢ᠎ᠶ᠋ᠢᠨ ᠱᠢᠰᠲ᠋ᠧᠮ ᠢ ᠬᠥᠭ᠌ᠵᠢᠭᠦᠯᠬᠦ᠌᠎ᠳᠦ ᠭᠣᠣᠯᠯᠠᠭ᠍ᠴᠢ ᠮᠡᠷᠭᠡᠵᠢᠯ᠎ᠦᠨ ᠲᠤᠯᠭᠠᠭᠤᠷᠢᠯᠠᠯ ᠪᠣᠯᠤᠨ ᠬᠡᠷᠡᠭ᠌ᠵᠢᠭᠦᠯᠵᠦ᠍ ᠪᠣᠯᠬᠤᠢᠴᠠ ᠲᠥᠰᠦᠯ ᠬᠠᠩᠭᠠᠭᠰᠠᠨ ᠪᠠᠢᠨ᠎ᠠ᠃
ᠱᠢᠨ᠎ᠡ᠎ᠶ᠋ᠢ ᠡᠭᠦᠳᠬᠦ᠌᠎ᠶ᠋ᠢᠨ ᠰᠠᠭᠤᠷᠢ᠎ᠶ᠋ᠢ ᠨᠡᠩ ᠪᠠᠲᠤ ᠪᠡᠬᠢ ᠲᠠᠯᠪᠢᠪᠠᠯ᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠴᠢᠨᠠᠷ ᠰᠠᠶᠢ ᠨᠡᠩ ᠬᠦᠴᠦᠷᠬᠡᠭ ᠪᠤᠯᠵᠤ ᠴᠢᠳᠠᠨ᠎ᠠ᠃ ᠱᠢᠨ᠎ᠡ᠎ᠶ᠋ᠢ ᠡᠭᠦᠳᠬᠦ᠌ ᠭᠡᠬᠦ ᠡᠨᠡ ᠬᠦ᠌ 《ᠵᠢᠯᠤᠭᠤ》 ᠶ᠋ᠢ ᠴᠢᠩᠭ᠎ᠠ ᠡᠵᠡᠮᠳᠡᠵᠦ᠂ ᠰᠠᠭᠤᠷᠢ ᠰᠤᠳᠤᠯᠭᠠᠨ᠂ ᠪᠣᠭᠣᠮᠲᠠ ᠱᠢᠪᠲᠤᠯᠬᠤ ᠵᠠᠩᠭᠢᠯᠠᠭ᠎ᠠ᠎ᠶ᠋ᠢᠨ ᠮᠡᠷᠭᠡᠵᠢᠯ᠎ᠢ ᠦᠷᠭᠦᠯᠵᠢᠯᠡᠨ ᠴᠢᠩᠭᠠᠳᠭᠠᠵᠤ᠂ ᠵᠢᠯ᠎ᠤᠨ ᠡᠬᠢᠨ᠎ᠡᠴᠡ ᠨᠠᠭᠠᠰᠢ᠂ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠬᠢ ᠰᠤᠷᠪᠤᠯᠵᠢ᠎ᠶ᠋ᠢᠨ ᠬᠠᠩᠭᠠᠯᠭ᠎ᠠ ᠴᠢᠨᠠᠭ᠍ᠰᠢᠳᠠ ᠴᠢᠩᠭᠠᠷᠠᠵᠤ᠂ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠦᠨᠳᠦᠰᠦ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠪᠡ᠃
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠬᠦᠭᠵᠢᠵᠦ᠂ ᠠᠵᠤ ᠦᠢᠯᠡᠰ ᠱᠢᠨᠡᠳᠪᠡ᠃ ᠨᠢᠭᠡ ᠵᠢᠯ᠎ᠦᠨ ᠲᠤᠷᠰᠢ᠂ ᠠᠵᠤ ᠦᠢᠯᠡᠰ ᠦᠨ 《ᠱᠢᠨ᠎ᠡ》 ᠵᠢᠨ ᠬᠡᠮᠵᠢᠶ᠎ᠡ ᠨᠡᠩ ᠢᠯᠡᠭᠦᠦ ᠨᠡᠮᠡᠭᠳᠡᠵᠦ᠂ 《ᠪᠤᠬᠢᠷᠳᠤᠯ ᠦᠭᠡᠢ》 ᠵᠢᠨ ᠰᠠᠭᠤᠷᠢ ᠨᠡᠩ ᠵᠤᠵᠠᠭᠠᠨ ᠪᠤᠯᠵᠤ᠂ 《ᠦᠷ᠎ᠡ ᠠᠰᠢᠭ》ᠨᠡᠩ ᠰᠠᠢᠵᠢᠷᠠᠵᠤ᠂ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠲᠦᠷᠭᠡᠨ ᠪᠤᠢ ᠪᠤᠯᠭᠠᠪᠠ᠃
11 ᠰᠠᠷ᠎ᠠ᠎ᠶ᠋ᠢᠨ 20 ᠤ᠋ ᠡᠳᠦᠷ᠂ ᠪᠡᠭᠡᠵᠢᠩ᠎ᠦᠨ ᠢ ᠵᠤᠸᠠᠩ᠎ᠤᠨ ᠱᠢᠶᠤᠤ ᠮᠢ ᠮᠠᠱᠢᠨ ᠲᠡᠷᠭᠡᠨ᠎ᠦ ᠲᠡᠰ ᠡᠴᠡ ᠲᠠᠪᠠᠭᠰᠠᠨ ᠦᠶ᠋ᠯᠡᠳᠪᠦᠷᠢ ᠵᠢᠨ ᠬᠢᠨ ᠪᠡᠯᠭᠡ ᠲᠡᠮᠳᠡᠭ᠎ᠦᠨ ᠴᠢᠨᠠᠷᠲᠠᠢ ᠴᠠᠭ ᠮᠥᠴᠡ᠎ᠪᠡᠨ ᠤᠭ᠍ᠲᠤᠯ᠎ᠠ — 50 ᠲᠦᠮᠡᠳᠤᠭᠠᠷ ᠱᠢᠶᠤᠤ ᠮᠢ ᠮᠠᠱᠢᠨ ᠲᠡᠷᠭᠡ ᠠᠭᠠᠵᠢᠮ ᠢᠶᠠᠷ ᠦᠶ᠋ᠯᠡᠳᠪᠦᠷᠢᠯᠡᠯ᠎ᠦᠨ ᠱᠤᠭᠤᠮ᠎ᠡᠴᠡ ᠭᠠᠷᠪᠠ᠃ ᠡᠨᠡ ᠬᠦ᠌ ᠲᠠᠰ᠎ᠡᠴᠡ ᠳᠠᠪᠠᠭ᠍ᠰᠠᠨ ᠦᠶ᠋ᠯᠡᠳᠪᠦᠷᠢ᠎ᠳᠦ᠂ ᠮᠠᠰᠢᠨ ᠮᠧᠬᠠᠨᠢᠭ ᠪᠤᠰᠢᠭᠤ ᠱᠠᠯᠠᠮᠠᠭᠠᠢ ᠪᠡᠷ ᠡᠷᠭᠢᠯᠳᠦᠵᠦ᠍᠂ AGV ᠵᠢᠵᠢᠭ ᠮᠠᠱᠢᠨ ᠲᠡᠷᠭᠡ ᠨᠠᠭᠠᠰᠢ ᠴᠠᠭᠠᠰᠢ ᠰᠦᠯᠵᠢᠯᠳᠦᠵᠦ᠍᠂ ᠴᠢᠨᠠᠷ ᠰᠠᠢᠲᠠᠶ 5G ᠰᠦᠯᠵᠢᠶ᠎ᠡ᠎ᠳᠤ ᠲᠦᠰᠢᠭᠯᠡᠨ᠂ ᠬᠡᠪᠱᠢᠭᠦᠯᠬᠦ᠌᠂ ᠭᠠᠩᠨᠠᠨ ᠤᠭ᠍ᠰᠠᠷᠠᠬᠤ ᠵᠡᠷᠭᠡ ᠭᠣᠭ᠍ᠴᠣᠭ᠎ᠠ᠎ᠶ᠋ᠢ ᠵᠣᠯᠭᠠᠭᠤᠯᠵᠤ᠂ ᠪᠥᠬᠥ᠌ ᠶᠠᠪᠤᠴᠠ᠎ᠶ᠋ᠢᠨ ᠠᠦ᠋ᠲ᠋ᠣᠴᠢᠯᠠᠭ᠍ᠰᠠᠨ ᠦᠶ᠋ᠯᠡᠳᠪᠦᠷᠢᠯᠡᠯ᠎ᠢ ᠪᠡᠶᠡᠯᠡᠭᠦᠯᠪᠡ᠃
ᠦᠢᠯᠡᠳᠬᠦ᠌ ᠦᠢᠯᠡᠰ᠎ᠦᠨ ᠮᠡᠷᠭᠡᠵᠢᠯ᠎ᠦᠨ ᠥᠭᠡᠷᠡᠴᠢᠯᠡᠯᠲᠡ ᠬᠢᠵᠦ᠍ ᠲᠡᠰ ᠳᠡᠪᠱᠢᠭᠦᠯᠬᠦ᠌ ᠢᠨᠵᠧᠨᠧᠷᠢᠩ᠂ ᠠᠵᠤ ᠦᠢᠯᠡᠳᠪᠦᠷᠢ᠎ᠶ᠋ᠢᠨ ᠬᠦᠷᠢᠶᠡᠨ᠎ᠦ ᠲᠤᠨᠤᠭ ᠲᠥᠬᠥᠭᠡᠷᠦᠮᠵᠢ᠎ᠶ᠋ᠢᠨ ᠱᠢᠨᠡᠴᠢᠯᠡᠯᠲᠡ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢᠨ ᠠᠬᠢᠭᠤᠯᠤᠯ ᠳᠣᠣᠷ᠎ᠠ᠂ ᠡᠯ᠎ᠡ ᠭᠠᠵᠠᠷ ᠣᠷᠣᠨ ᠡᠯ᠎ᠡ ᠬᠦᠷᠢᠶᠡᠨ᠎ᠦ ᠬᠢᠨ ᠳᠡᠭᠡᠳᠦ ᠲᠡᠰᠴᠢᠯᠡᠭᠰᠡᠨ᠂ ᠤᠶᠤᠨᠴᠢᠯᠠᠬ᠍ᠰᠠᠨ᠂ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠪᠡ᠃
ᠤᠯᠠᠮᠵᠢᠯᠠᠯᠲᠤ ᠠᠵᠤ ᠦᠶ᠋ᠯᠡᠰ ᠬᠠᠭᠤᠴᠢᠨ᠎ᠢ ᠤᠷᠬᠢᠵᠤ ᠱᠢᠨ᠎ᠡ᠎ᠶ᠋ᠢ ᠡᠷᠬᠢᠮᠯᠡᠪᠡ᠄ 《ᠲᠤᠭᠠᠴᠢᠯᠠᠯᠲᠠ》 ᠪᠠᠷ ᠡᠨᠧᠷᠭᠢ ᠣᠯᠭᠣᠵᠤ᠂ ᠨᠡᠬᠡᠮᠡᠯ᠎ᠦᠨ ᠦᠶ᠋ᠯᠡᠰ ᠣᠶᠤᠨᠴᠢᠯᠠᠭ᠍ᠰᠠᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠠᠰᠤᠷᠠᠯᠲᠠ ᠥᠬᠡᠶ ᠪᠠᠢᠭᠤᠯᠪᠠ; ᠵᠣᠬᠢᠶᠠᠮᠠᠯ ᠣᠶᠤᠨ ᠴᠢᠳᠠᠪᠤᠷᠢ + ᠪᠣᠯᠣᠳ ᠲᠡᠮᠦᠷ ᠨᠢ ᠱᠢᠨ᠎ᠡ ᠬᠥᠳᠡᠯᠭᠡᠬᠦ᠌ ᠡᠨᠧᠷᠭᠢ᠎ᠶ᠋ᠢ ᠦᠷᠭᠦᠯᠵᠢᠯᠡᠨ 《ᠲᠠᠪᠲᠡᠨ ᠪᠣᠯᠪᠠᠰᠤᠷᠠᠭᠤᠯᠪᠠ》; ᠪᠥᠬᠥ᠌ ᠤᠯᠤᠰ᠎ᠲᠤ 3.5 ᠲᠦᠮᠡ ᠭᠠᠷᠤᠶ ᠡᠷᠦᠬᠡ ᠰᠠᠭᠤᠷᠢ ᠲᠠᠰ᠂ 230 ᠭᠠᠷᠤᠶ ᠡᠷᠦᠬᠡ ᠤᠷᠤᠢᠯᠠᠬᠰᠠᠨ ᠲᠠᠰ᠎ᠤᠨ ᠣᠶᠤᠨᠴᠢ ᠦᠶ᠋ᠯᠡᠳᠪᠦᠷᠢ᠎ᠶ᠋ᠢ ᠪᠠᠢᠭᠤᠯᠵᠤ᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦᠯᠬᠦ ᠵᠢ ᠦᠷᠭᠦᠯᠵᠢᠯᠡᠨ ᠠᠬᠢᠭᠤᠯᠵᠤ ᠰᠢᠨ᠎ᠡ ᠲᠦᠷᠰᠦ ᠪᠠᠢᠳᠠᠯ ᠢ ᠢᠯᠡᠷᠡᠭᠦᠯᠪᠡ᠃
ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠂ ᠢᠷᠡᠭᠡᠳᠦᠢ᠎ᠶ᠋ᠢᠨ ᠠᠵᠤ ᠦᠢᠯᠡᠰ ᠡᠳᠦᠷ ᠢᠷᠡᠬᠦᠶ᠎ᠡ ᠱᠢᠨᠡᠳᠴᠦ᠍ ᠪᠤᠢ᠄ ᠬᠥᠮᠦᠨ ᠳᠦᠷᠰᠦᠲᠦ ᠮᠠᠱᠢᠨ ᠬᠥᠮᠦᠨ᠎ᠢ ᠦᠢᠯᠡᠳᠪᠦᠷᠢ᠎ᠶ᠋ᠢᠨ ᠲᠠᠰᠤᠭ᠎ᠲᠤ ᠠᠵᠢᠯᠯᠠᠭᠤᠯᠪᠠ; ᠬᠤᠳᠠᠯᠳᠤᠭᠠᠨ᠎ᠤ ᠰᠠᠨᠰᠠᠷ᠎ᠤᠨ ᠠᠶᠠᠯᠠᠯ ᠨᠢ 《ᠮᠡᠷᠭᠡᠵᠢᠯ᠎ᠦᠨ ᠱᠢᠪᠲᠤᠯᠤᠯᠲᠠ》 ᠪᠣᠯᠤᠨ 《ᠶᠡᠬᠡ ᠬᠡᠪᠴᠢᠶᠡᠨ᠎ᠤ ᠨᠡᠮᠡᠭᠳᠡᠯ》 ᠤ᠋ᠨ ᠡᠷᠭᠢᠯᠲᠡ᠎ᠶ᠋ᠢᠨ ᠴᠡᠭ᠎ᠢ ᠤᠭ᠍ᠲᠤᠨ ᠠᠪᠴᠠᠢ; ᠤᠢᠷ᠎ᠠ ᠤᠭᠲᠠᠷᠭᠤᠢ ᠵᠢᠨ ᠠᠵᠤ ᠠᠬᠤᠢ᠂ ᠺᠸᠠᠨ᠋ᠲ᠎ᠤᠨ ᠴᠢᠮᠡᠭᠡ ᠬᠣᠯᠪᠣᠭ᠎ᠠ᠂ ᠠᠮᠢᠳᠤ ᠪᠣᠳᠠᠰ᠎ᠤᠨ ᠦᠢᠯᠡᠳᠭᠡᠯ᠂ ᠠᠯᠢ ᠤᠯᠠᠨ ᠱᠢᠨ᠎ᠡ ᠠᠵᠤ ᠦᠢᠯᠡᠰ ᠲᠦᠷᠭᠡᠨ ᠦᠰᠦᠨ ᠪᠣᠢᠵᠢᠵᠤ᠂ ᠠᠯᠢ ᠤᠯᠠᠨ ᠰᠢᠨ᠎ᠡ ᠨᠡᠮᠡᠭ᠌ᠳᠡᠯ᠎ᠦᠨ ᠴᠡᠭᠢᠯᠡᠷᠡᠭᠰᠡᠨ ᠪᠠᠢᠨ᠎ᠠ᠃
ᠱᠠᠨ ᠰᠢ ᠵᠢᠨ ᠬᠢᠨ ᠡᠨᠧᠷᠭᠢ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠲᠦᠷᠭᠡᠳᠭᠡᠵᠦ᠍᠂ ᠠᠵᠤ ᠦᠢᠯᠡᠰ᠎ᠦᠨ ᠲᠣᠭᠠᠴᠢᠯᠠᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠪᠠ; ᠭᠠᠨᠰᠦ ᠵᠢᠨ ᠬᠢᠨ ᠲᠣᠭ᠎ᠠ ᠪᠠᠷᠢᠮᠲᠠ᠎ᠶ᠋ᠢᠨ ᠲᠥᠪ᠂ ᠪᠤᠳᠤᠯᠲᠠ ᠵᠢᠨ ᠬᠦᠴᠦᠨ ᠵᠡᠷᠭᠡ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠤᠨ ᠪᠦᠲᠦᠭᠡᠨ ᠪᠠᠢᠭᠤᠯᠵᠤ᠂ ᠲᠣᠭᠠᠴᠢᠯᠠᠭ᠍ᠰᠠᠨ᠂ ᠤᠶᠤᠨᠴᠢᠯᠠᠬ᠍ᠰᠠᠨ ᠲᠡᠢᠰᠢ ᠬᠡᠯᠪᠡᠷᠢ ᠪᠡᠨ ᠬᠤᠪᠢᠷᠠᠭᠤᠯᠬᠤ᠎ᠪᠡᠷ ᠱᠢᠨ᠎ᠡ ᠬᠡᠯᠪᠡᠷᠢ ᠶ᠋ᠢᠨ ᠠᠵᠤ ᠦᠢᠯᠡᠳᠪᠦᠷᠢᠵᠢᠯᠲᠡ᠎ᠳᠦ ᠡᠨᠧᠷᠬᠢ ᠤᠯᠭᠤᠪᠠ; ᠬᠤᠪᠧᠶ᠎ᠶ᠋ᠢᠨ᠎ᠬᠢᠨ ᠦᠬᠠᠨ ᠤ ᠤᠯᠤᠰ ᠤᠨ ᠰᠠᠨᠰᠠᠷ᠎ᠤᠨ ᠠᠶᠠᠯᠠᠯ᠎ᠤᠨ ᠠᠵᠤ ᠦᠶ᠋ᠯᠡᠰ᠎ᠦᠨ ᠰᠠᠭᠤᠷᠢᠨ᠎ᠳᠤ ᠲᠦᠱᠢᠭ᠌ᠯᠡᠨ᠂ ᠲᠡᠢᠷᠦᠯᠲᠦ ᠰᠤᠮᠤ᠂ ᠳᠠᠭᠠᠭᠤᠯᠢ ᠣᠲᠣ ᠦᠶ᠋ᠯᠡᠳᠬᠦ᠌ ᠠᠵᠤ ᠠᠬᠤᠢᠯᠠᠯ᠎ᠢᠶᠠᠷ ᠵᠢᠯᠣᠭᠣᠳᠤᠮᠵᠢ ᠪᠣᠯᠭᠠᠵᠤ᠂ ᠲᠦᠷᠦᠭᠦᠦ 9 ᠰᠠᠷ᠎ᠠ᠎ᠳᠤ ᠪᠥᠬᠥ᠌ ᠮᠤᠵᠢ᠎ᠶ᠋ᠢᠨ ᠰᠠᠨᠰᠠᠷ᠎ᠤᠨ ᠠᠶᠠᠯᠠᠯ᠎ᠤᠨ ᠠᠵᠤ ᠦᠶ᠋ᠯᠡᠰ᠎ᠦᠨ ᠡᠵᠡᠩᠨᠡᠯᠲᠡ᠎ᠶ᠋ᠢᠨ ᠣᠷᠣᠯᠭ᠎ᠠ 557.4 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 14.8%᠎ᠪᠠᠷ ᠨᠡᠮᠡᠭ᠌ᠳᠡᠪᠠ ᠁ ᠡᠯ᠎ᠡ ᠭᠠᠵᠠᠷ᠎ᠤᠨ᠎ᠬᠢᠨ ᠲᠣᠰ ᠪᠡᠶ᠎ᠡ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠱᠢᠨᠡᠲᠡᠢᠰᠢ ᠤᠷᠤᠭ᠍ᠰᠢᠯᠠᠬᠤ ᠦᠶ᠋ᠯᠡᠳᠦᠯᠭᠡ ᠥᠷᠨᠢᠭᠦᠨ ᠬᠥᠭ᠌ᠵᠢᠪᠡ᠃
ᠲᠦᠭ᠌ᠵᠢᠷᠡᠯ ᠪᠤᠭᠤᠮᠢ ᠵᠢ ᠨᠡᠪᠲᠡᠷᠡᠭᠦᠯᠵᠦ᠍ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠪᠠ ᠠᠵᠤ ᠦᠶ᠋ᠯᠡᠰ ᠦᠨ ᠱᠢᠨ᠎ᠡ᠎ᠶ᠋ᠢ ᠡᠭᠦᠳᠬᠦ᠌ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠪᠠ
72TB ᠳ᠋ᠠᠢᠲ᠋ᠠ ᠳᠠᠮᠵᠢᠭᠤᠯᠬᠤ ᠴᠠᠭ᠎ᠢ ᠤᠤᠯ᠎ᠤᠨ 699 ᠡᠳᠦᠷ ᠪᠠᠢᠭ᠍ᠰᠠᠨ᠎ᠡᠴᠡ 1.64 ᠴᠠᠭ ᠪᠣᠯᠭᠠᠨ ᠪᠣᠭᠣᠨᠢᠰᠭᠠᠪᠠ!
12 ᠰᠠᠷ᠎ᠠ᠎ᠶ᠋ᠢᠨ 3 ᠤ᠋ ᠡᠳᠦᠷ᠂ ᠮᠠᠨ᠎ᠤ ᠤᠯᠤᠰ᠎ᠤᠨ ᠮᠡᠳᠡᠭᠡ ᠵᠠᠩᠭᠢ ᠴᠢᠮᠡᠭᠡ ᠬᠣᠯᠪᠣᠭᠠᠨ᠎ᠤ ᠬᠦᠷᠢᠶᠡᠨ᠎ᠳᠡᠬᠢ ᠠᠩᠬᠠᠳᠠᠭ᠍ᠴᠢ ᠤᠯᠤᠰ᠎ᠤᠨ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠰᠠᠭᠤᠷᠢ ᠲᠥᠬᠥᠭᠡᠷᠦᠮᠵᠢ — ᠢᠷᠡᠭᠡᠳᠦᠶ᠎ᠶ᠋ᠢᠨ ᠰᠦᠯᠵᠢᠶᠡᠨ᠎ᠦ ᠲᠤᠷᠱᠢᠯᠲᠠ᠎ᠶ᠋ᠢᠨ ᠲᠥᠬᠥᠭᠡᠷᠦᠮᠵᠢ ᠵᠢᠶᠠᠩᠰᠦ᠎ᠶ᠋ᠢᠨ ᠨᠠᠨᠵᠢᠩ᠎ᠳᠤ ᠱᠢᠯᠭᠠᠨ ᠠᠪᠬᠤ ᠲᠤᠷᠱᠢᠯᠲᠠ ᠬᠢᠵᠦ᠍᠂ ᠲᠦᠷᠦᠯ ᠵᠦᠢᠯ ᠨᠢ ᠪᠥᠲᠥᠭᠡᠨ ᠪᠠᠢᠭᠤᠯᠬᠤ ᠬᠠᠷᠠᠯᠲᠠ᠎ᠪᠠᠨ ᠪᠥᠬᠥ᠌ ᠲᠠᠯ᠎ᠠ᠎ᠪᠠᠷ ᠪᠡᠶᠡᠯᠡᠭᠦᠯᠪᠡ᠃
ᠬᠡᠳᠦᠨ ᠮᠢᠩᠭᠠᠨ ᠣᠨᠳᠣᠣᠱᠢᠬᠤ ᠲᠤᠬᠠᠢᠯᠠᠭ᠍ᠰᠠᠨ ᠠᠵᠢᠯ ᠢ ᠵᠡᠷᠭᠡ᠎ᠪᠡᠷ ᠶᠠᠪᠤᠭ᠍ᠳᠠᠭᠤᠯᠬᠤ ᠲᠤᠷᠱᠢᠯᠲᠠ᠎ᠶ᠋ᠢ ᠳᠡᠮᠵᠢᠵᠦ᠍ ᠳᠡᠢᠯᠬᠦ᠌ ᠪᠥᠭᠡᠳ ᠪᠠᠰᠠ ᠤᠯᠤᠰ ᠤᠨ ᠳᠣᠲᠣᠭᠠᠳᠤ ᠭᠠᠳᠠᠭᠠᠳᠤ ᠶ᠋ᠢᠨ ᠣᠳᠣ ᠵᠢᠨ ᠪᠠᠢᠭ᠎ᠠ ᠰᠦᠯᠵᠢᠶ᠎ᠡ᠎ᠲᠡᠶ ᠬᠣᠯᠪᠣᠯᠳᠤᠨ ᠨᠡᠪᠲᠡᠷᠡᠯᠴᠡᠵᠦ᠍ ᠴᠢᠳᠠᠨ᠎ᠠ᠂ ᠢᠷᠡᠭᠡᠳᠦᠶ᠎ᠶ᠋ᠢᠨ ᠰᠦᠯᠵᠢᠶᠡᠨ᠎ᠦ ᠲᠤᠷᠱᠢᠯᠲᠠ᠎ᠶ᠋ᠢᠨ ᠲᠥᠬᠥᠭᠡᠷᠦᠮᠵᠢ ᠨᠢ ᠴᠢᠮᠡᠭᠡ ᠬᠣᠯᠪᠣᠭᠠᠨ᠎ᠤ ᠬᠦᠷᠢᠶᠡᠨ᠎ᠳᠡᠬᠢ ᠦᠢᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌ ᠡᠯ᠎ᠡ ᠲᠠᠯ᠎ᠠ᠎ᠶ᠋ᠢ ᠬᠣᠯᠪᠣᠵᠤ᠂ ᠢᠷᠡᠭᠡᠳᠦᠶ ᠶ᠋ᠢᠨ ᠰᠦᠯᠵᠢᠶᠡᠨ᠎ᠦ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠢ ᠨᠡᠪᠴᠢᠭᠦᠯᠬᠦ᠌᠎ᠳᠦ ᠪᠠᠲᠤ ᠪᠡᠬᠢ ᠰᠠᠭᠤᠷᠢ ᠵᠢ ᠬᠠᠩᠭᠠᠵᠤ ᠦᠭᠴᠡᠢ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠡᠬᠦ ᠡᠨᠡ ᠬᠦ᠌ 《ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ》 ᠢ᠋ ᠴᠢᠨᠠᠷ ᠰᠠᠢᠲᠠᠢ ᠬᠥᠭ᠌ᠵᠢᠯᠲᠡ᠎ᠶ᠋ᠢᠨ《ᠬᠠᠮᠤᠭ᠎ᠤᠨ ᠶᠡᠬᠡ ᠨᠡᠮᠡᠭ᠌ᠳᠡᠯ ᠬᠡᠮᠵᠢᠭ᠌ᠳᠡᠬᠦᠨ》 ᠪᠣᠯᠭᠠᠨ ᠬᠤᠪᠢᠷᠠᠭᠤᠯᠬᠤ᠎ᠳᠤ ᠵᠠᠩᠭᠢᠯᠠᠭ᠎ᠠ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠰᠠᠢᠲᠤᠷ ᠬᠢᠬᠦ᠌᠎ᠳᠦ ᠪᠤᠢ᠃
《0 ᠡᠴᠡ 1 ᠬᠦᠷᠬᠦ᠌》ᠬᠦᠴᠢᠷ ᠠᠰᠠᠭᠤᠳᠠᠯ ᠢ ᠱᠢᠢᠳᠪᠦᠷᠢᠯᠡᠵᠦ᠍᠂ ᠤᠤᠭᠠᠯ ᠡᠭᠦᠳᠦᠯᠲᠡ ᠵᠢᠨ ᠴᠢᠨᠠᠷᠲᠠᠢ᠂ ᠨᠤᠷᠠᠭᠠᠯᠲᠠ᠎ᠶ᠋ᠢᠨ ᠴᠢᠨᠠᠷᠲᠠᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠪᠠ —
ᠥᠨᠳᠥᠷ ᠡᠨᠧᠷᠭᠢ᠎ᠲᠤ ᠢᠵᠢᠯ ᠠᠯᠬᠤᠮ᠎ᠳᠤ ᠰᠠᠴᠤᠷᠠᠭ ᠬᠡᠷᠡᠯ ᠡᠭᠦᠰᠭᠡᠭ᠌ᠴᠢ(HEPS)ᠪᠦᠰᠡᠯᠢᠭ ᠭᠡᠷᠡᠯ᠎ᠤᠨ ᠬᠣᠯᠪᠣᠭᠠᠯᠠᠭᠰᠠᠨ ᠲᠣᠬᠢᠷᠠᠭᠤᠯᠤᠯᠲᠠ᠎ᠶ᠋ᠢ ᠵᠢᠩᠬᠢᠨᠢ᠎ᠪᠡᠷ ᠡᠬᠢᠯᠡᠭᠦᠯᠵᠦ᠍᠂ HEPS ᠤ᠋ᠨ ᠪᠥᠲᠥᠭᠡᠨ ᠪᠠᠢᠭᠤᠯᠤᠯᠲᠠ ᠱᠢᠪᠲᠤᠯᠤᠯᠲᠠ᠎ᠶ᠋ᠢᠨ ᠱᠠᠲᠤᠨ᠎ᠳᠤ ᠣᠷᠣᠪᠠ; ᠦᠳᠡ ᠳᠤᠮᠳᠠ᠎ᠶ᠋ᠢᠨ ᠢᠨᠵᠧᠨᠧᠷᠢᠩ᠎ᠦᠨ ᠬᠣᠶᠠᠳᠤᠭᠠᠷ ᠬᠤᠭᠤᠴᠠᠭ᠎ᠠ᠂ ᠶᠡᠷᠦᠩᠬᠡᠢᠯᠡᠭ᠌ᠰᠡᠨ ᠬᠡᠲᠦᠷᠡᠮᠡᠬᠡᠶ ᠨᠥᠬᠥᠴᠡᠯ᠎ᠦᠨ ᠲᠤᠷᠱᠢᠯᠲᠠ᠎ᠶ᠋ᠢᠨ ᠲᠥᠬᠥᠭᠡᠷᠦᠮᠵᠢ᠂ ᠣᠯᠠᠨ ᠵᠠᠭ᠍ᠪᠤᠷ᠎ᠤᠨ ᠬᠡᠪᠴᠢᠶ᠎ᠡ ᠠᠯᠤᠰᠯᠠᠭ᠍ᠰᠠᠨ ᠠᠮᠢᠳᠤ ᠪᠣᠳᠠᠰ᠎ᠤᠨ ᠠᠨᠠᠭᠠᠬᠤ ᠤᠬᠠᠭᠠᠨ᠎ᠤ ᠳᠦᠷᠰᠦ ᠪᠦᠲᠦᠭᠡᠬᠦ᠌ ᠲᠥᠬᠥᠭᠡᠷᠦᠮᠵᠢ ᠵᠡᠷᠭᠡ ᠤᠯᠤᠰ᠎ᠤᠨ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠠᠭᠤᠷᠢ ᠲᠥᠬᠥᠭᠡᠷᠦᠮᠵᠢ ᠤᠯᠤᠰ᠎ᠤᠨ ᠱᠢᠯᠭᠠᠨ ᠪᠠᠢᠴᠠᠭᠠᠯᠲᠠ᠎ᠳᠤ ᠬᠢᠷᠢ ᠲᠡᠩᠴᠡᠪᠡ; ᠲᠡᠷᠢᠭᠦᠨ᠎ᠦ ᠠᠲᠲ᠋ᠤ᠋ ᠰᠸᠺᠦ᠋ᠨ᠋ᠳ᠋ ᠯᠠᠢᠰᠧᠷ᠎ᠦᠨ ᠲᠥᠬᠥᠭᠡᠷᠦᠮᠵᠢ᠎ᠶ᠋ᠢ ᠭᠤᠸᠠᠩᠳᠦ᠋ᠩ᠎ᠦᠨ ᠳ᠋ᠦᠩ ᠭᠤᠸᠠᠨ᠎ᠳᠤ ᠵᠢᠩᠬᠢᠨᠢ᠎ᠪᠡᠷ ᠡᠬᠢᠯᠡᠨ ᠪᠠᠢᠭᠤᠯᠪᠠ ᠁
ᠦᠷ᠎ᠡ ᠪᠦᠲᠦᠭᠡᠯ᠎ᠢ ᠲᠥᠪᠯᠡᠷᠡᠭᠦᠯᠦᠨ ᠨᠡᠢᠲᠡᠯᠡᠭ᠌ᠰᠡᠨ᠎ᠦ ᠠᠷᠤ᠎ᠳᠤ᠂ ᠡᠳᠦᠷ ᠢᠷᠡᠬᠦᠶ᠎ᠡ ᠲᠡᠭᠦᠯᠳᠡᠷᠵᠢᠵᠦ᠍ ᠪᠠᠢᠭ᠎ᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠯ᠎ᠤᠨ ᠱᠢᠰᠲ᠋ᠧᠮ ᠪᠤᠢ᠃ ᠲᠤᠮᠤ ᠱᠢᠨᠵᠢᠯᠡᠬᠦ᠌ ᠤᠬᠠᠭᠠᠨ᠎ᠤ ᠲᠤᠨᠤᠭ ᠲᠥᠬᠥᠭᠡᠷᠦᠮᠵᠢ ᠶ᠋ᠢ ᠨᠡᠭᠡᠭᠡᠯᠲᠡᠲᠡᠶ ᠪᠣᠯᠭᠠᠭ᠍ᠰᠠᠨ᠎ᠡᠴᠡ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠤᠯᠤᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢ ᠲᠦᠷᠭᠡᠨ ᠪᠠᠢᠷᠢᠱᠢᠭᠤᠯᠤᠭ᠍ᠰᠠᠨ ᠬᠦᠷᠲᠡᠯ᠎ᠡ᠂ ᠵᠢᠯ᠎ᠤᠨ ᠡᠬᠢᠨ᠎ᠡᠴᠡ ᠨᠠᠭᠠᠰᠢ᠂ ᠮᠠᠨ ᠤ ᠤᠯᠤᠰ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠬᠦᠴᠦᠨ᠎ᠦ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠬᠡᠯᠬᠢᠶ᠎ᠡ ᠴᠢᠨᠠᠭᠰᠢᠳᠠ ᠱᠢᠯᠤᠭᠤᠬᠠᠨ ᠪᠣᠯᠪᠠ᠃
ᠴᠦᠩᠴᠢᠩ᠎ᠦᠨ ᠵᠢᠶᠠ ᠯᠢᠩ ᠵᠢᠶᠠᠩ ᠲᠤᠷᠰᠢᠯᠲᠠ᠎ᠶᠢᠨ ᠲᠠᠰᠤᠭ 《ᠲᠣᠭᠠᠴᠢᠯᠠᠯᠲᠠ ᠤᠶᠤᠨᠴᠢᠯᠠᠯᠲᠠ + ᠲᠣᠨᠣᠭᠯᠠᠯ》 ᠤ᠋ᠨ ᠴᠢᠭᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠣᠶᠤᠨᠲᠤ ᠮᠠᠰᠢᠨ ᠬᠥᠮᠥᠨ᠂ ᠣᠶᠤᠨᠲᠤ ᠪᠣᠳᠣᠯᠭ᠎ᠠ᠎ᠶᠢᠨ ᠰᠢᠰᠲᠧᠮ᠂ ᠣᠶᠤᠨᠲᠤ ᠰᠡᠷᠡᠯ ᠳᠠᠮᠵᠢᠭᠤᠯᠬᠤ ᠪᠠ ᠬᠡᠮᠵᠢᠭᠦᠷᠯᠢᠭ ᠵᠡᠷᠭᠡ 6 ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠴᠠᠩ᠎ᠢ ᠪᠠᠢᠭᠤᠯᠵᠤ᠂ ᠠᠵᠤ ᠦᠢᠯᠡᠰ ᠦᠨ ᠨᠡᠢᠲᠡᠯᠢᠭ ᠴᠢᠨᠠᠷᠲᠠᠢ ᠮᠡᠷᠭᠡᠵᠢᠯ᠎ᠦᠨ ᠪᠣᠭᠣᠮᠲᠠ ᠰᠢᠪᠲᠤᠯᠤᠯᠲᠠ᠎ᠶᠢ ᠥᠷᠨᠢᠭᠦᠯᠪᠡ; ᠱᠠᠩᠬᠠᠢ ᠬᠣᠲᠠ᠎ᠶᠢᠨ ᠬᠢᠨ ᠡᠨᠡ ᠵᠢᠯ᠎ᠦᠨ InnoMatch ᠮᠡᠷᠭᠡᠵᠢᠯ᠎ᠢ ᠰᠢᠯᠵᠢᠭᠦᠯᠬᠦ ᠶᠡᠬᠡ ᠬᠤᠷᠠᠯ ᠳᠡᠭᠡᠷ᠎ᠡ ᠲᠠᠷᠢᠬᠢᠨ᠎ᠤ ᠵᠠᠯᠭᠠᠭᠤᠷ᠂ ᠭᠧᠨ᠎ᠦ ᠨᠠᠢᠷᠠᠭᠤᠯᠭ᠎ᠠ ᠵᠡᠷᠭᠡ ᠢᠷᠡᠭᠡᠳᠦᠢ᠎ᠶᠢᠨ ᠠᠵᠤ ᠦᠢᠯᠡᠰ᠎ᠦᠨ 6 ᠤᠬᠠᠭᠳᠠᠬᠤᠨ᠎ᠤ ᠰᠢᠯᠭᠠᠨ ᠪᠠᠲᠤᠯᠠᠬᠤ ᠲᠥᠪ᠎ᠲᠦ ᠪᠥᠬᠥ ᠬᠡᠯᠬᠢᠶᠡᠨ᠎ᠦ ᠦᠢᠯᠡᠴᠢᠯᠡᠭᠡ ᠬᠠᠩᠭᠠᠵᠤ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠬᠤᠪᠢᠷᠠᠭᠤᠯᠬᠤ ᠲᠦᠭᠰᠢᠭᠦᠷᠢ᠎ᠶᠢ ᠪᠠᠭᠤᠷᠠᠭᠤᠯᠵᠤ ᠪᠠᠢᠨ᠎ᠠ ᠁
ᠠᠬᠤᠢ ᠪᠠᠢᠳᠠᠯ᠎ᠢᠶᠠᠷ ᠭᠠᠷᠳᠠᠴᠠ ᠪᠣᠯᠭᠠᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ᠎ᠢ ᠬᠡᠪᠴᠢᠶᠡᠵᠢᠭᠦᠯᠦᠨ ᠬᠤᠳᠠᠯᠳᠤᠭᠠᠴᠢᠯᠠᠨ ᠬᠡᠷᠡᠭᠯᠡᠬᠦ᠎ᠶᠢ ᠠᠬᠢᠭᠤᠯᠤᠨ᠎ᠠ —
11 ᠰᠠᠷ᠎ᠠ᠎ᠳᠤ《ᠠᠬᠤᠢ ᠪᠠᠢᠳᠠᠯ᠎ᠤᠨ ᠪᠣᠢᠵᠢᠭᠤᠯᠤᠯᠲᠠ ᠪᠠ ᠨᠡᠭᠡᠭᠡᠯᠲᠡ᠎ᠶᠢ ᠲᠦᠷᠭᠡᠳᠬᠡᠵᠦ ᠰᠢᠨ᠎ᠡ ᠠᠬᠤᠢ ᠲᠠᠯᠠᠪᠠᠶ᠎ᠶᠢᠨ ᠶᠡᠬᠡ ᠬᠡᠪᠴᠢᠶ᠎ᠡ᠎ᠪᠡᠷ ᠬᠡᠷᠡᠭᠯᠡᠬᠦ᠎ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠠᠩᠬ᠎ᠠ ᠤᠳᠠᠭ᠎ᠠ ᠤᠯᠤᠰ᠎ᠤᠨ ᠲᠠᠰ ᠳᠠᠪᠬᠤᠷᠭ᠎ᠠ᠎ᠳᠤ ᠠᠬᠤᠢ ᠪᠠᠢᠳᠠᠯ᠎ᠤᠨ ᠪᠣᠢᠵᠢᠭᠤᠯᠤᠯᠲᠠ ᠪᠠ ᠨᠡᠭᠡᠭᠡᠯᠲᠡ᠎ᠳᠦ ᠰᠢᠰᠲᠧᠮ᠎ᠲᠠᠢ ᠪᠠᠢᠷᠢᠯᠠᠭᠤᠯᠤᠯᠲᠠ ᠬᠢᠵᠦ᠂ ᠰᠢᠨ᠎ᠡ ᠮᠡᠷᠭᠡᠵᠢᠯ ᠰᠢᠨ᠎ᠡ ᠦᠢᠯᠡᠳᠬᠦᠨ᠎ᠦ ᠶᠡᠬᠡ ᠬᠡᠪᠴᠢᠶ᠎ᠡ᠎ᠪᠡᠷ ᠠᠵᠤ ᠦᠶ᠋ᠯᠡᠰᠵᠢᠭᠦᠯᠦᠨ ᠬᠡᠷᠡᠭᠯᠡᠬᠦ᠎ᠶᠢ ᠲᠦᠷᠭᠡᠳᠬᠡᠨ ᠠᠬᠢᠭᠤᠯᠪᠠ᠃
ᠦᠵᠦᠬᠦᠷ ᠦᠭᠡᠢ ᠤᠷᠴᠢᠯᠠᠩ᠂ ᠬᠡᠢᠰᠪᠦᠷᠢ ᠠᠬᠤᠢ᠂ ᠣᠶᠤᠨᠴᠢ ᠪᠤᠳᠤᠬᠤ ᠴᠢᠳᠠᠪᠤᠷᠢ᠂ ᠮᠠᠰᠢᠨ ᠬᠥᠮᠥᠨ ᠵᠡᠷᠭᠡ ᠮᠡᠷᠭᠡᠵᠢᠯ᠎ᠦᠨ ᠰᠢᠨ᠎ᠡ᠎ᠶᠢ ᠡᠭᠦᠳᠬᠦ ᠬᠡᠷᠡᠭᠯᠡᠭᠡᠨ᠎ᠦ ᠪᠠᠢᠳᠠᠯ᠎ᠢ ᠰᠦᠪᠡᠭᠴᠢᠯᠡᠨ ᠬᠡᠷᠡᠭᠯᠡᠨ᠎ᠡ; ᠴᠡᠪᠡᠷ ᠡᠨᠧᠷᠭᠢ᠎ᠶᠢᠨ ᠲᠡᠷᠭᠡ ᠬᠥᠰᠬᠡ᠎ᠶᠢᠨ ᠲᠡᠭᠡᠭᠡᠪᠦᠷᠢ᠎ᠶᠢᠨ ᠬᠣᠩᠭᠢᠯ᠎ᠢ ᠪᠦᠲᠦᠭᠡᠨ ᠪᠠᠢᠭᠤᠯᠤᠨ᠎ᠠ; ᠡᠷᠡᠭᠦᠯ ᠮᠡᠨᠳᠦ᠎ᠶᠢᠨ ᠵᠥᠪᠯᠡᠯᠭᠡ ᠥᠭᠬᠦ᠂ ᠡᠪᠡᠳᠴᠢᠨ ᠠᠰᠠᠭᠤᠬᠤ ᠵᠢᠯᠣᠭᠣᠳᠤᠮᠵᠢ᠂ ᠲᠤᠰᠠᠯᠠᠬᠤ ᠣᠨᠣᠰᠢᠯᠠᠯᠲᠠ᠂ ᠠᠯᠤᠰ ᠡᠮᠴᠢᠯᠡᠭᠡ᠂ ᠡᠮ ᠬᠡᠷᠡᠭᠯᠡᠬᠦ᠎ᠶᠢ ᠬᠢᠨᠠᠨ ᠬᠠᠷᠭᠤᠭᠤᠯᠬᠤ ᠵᠡᠷᠭᠡ ᠡᠮᠴᠢᠯᠡᠭᠡᠨ᠎ᠦ ᠬᠡᠷᠡᠭᠯᠡᠭᠡᠨ ᠦ ᠠᠬᠤᠢ ᠪᠠᠢᠳᠠᠯ ᠤᠨ ᠰᠢᠨ᠎ᠡ᠎ᠶᠢ ᠡᠭᠦᠳᠦᠨ᠎ᠡ ᠁
ᠠᠬᠤᠢ ᠪᠠᠢᠳᠠᠯ᠎ᠤᠨ ᠪᠣᠢᠵᠢᠭᠤᠯᠤᠯᠲᠠ ᠪᠠ ᠨᠡᠭᠡᠭᠡᠯᠲᠡ᠎ᠶᠢ ᠲᠦᠷᠭᠡᠳᠬᠡᠵᠦ᠂ ᠰᠢᠨ᠎ᠡ ᠮᠡᠷᠭᠡᠵᠢᠯ ᠰᠢᠨ᠎ᠡ ᠦᠢᠯᠡᠳᠬᠦᠨ᠎ᠦ 《ᠲᠤᠷᠰᠢᠯᠲᠠ᠎ᠶᠢᠨ ᠲᠠᠯᠠᠪᠤᠷ》᠂ ᠰᠢᠨ᠎ᠡ᠎ᠪᠡᠷ ᠬᠥᠭᠵᠢᠭᠰᠡᠨ ᠠᠵᠤ ᠦᠢᠯᠡᠰ᠎ᠦᠨ ᠬᠥᠭᠵᠢᠯᠲᠡ᠎ᠶᠢᠨ 《ᠲᠦᠷᠭᠡᠳᠬᠡᠭᠦᠷ》᠂ ᠪᠠᠢᠭᠤᠯᠤᠯ᠎ᠤᠨ ᠥᠭᠡᠷᠡᠴᠢᠯᠡᠯᠲᠡ ᠪᠠ ᠳᠦᠷᠢᠮ᠎ᠦᠨ ᠰᠢᠨ᠎ᠡ ᠡᠭᠦᠳᠦᠯᠲᠡ᠎ᠶᠢᠨ《ᠰᠢᠯᠭᠠᠭᠤᠷ》 ᠢ᠋ ᠪᠤᠢ ᠪᠣᠯᠭᠠᠵᠤ᠂ ᠮᠡᠷᠭᠡᠵᠢᠯ᠎ᠦᠨ ᠦᠷ᠎ᠡ᠎ᠶᠢ ᠵᠠᠬ᠎ᠠ ᠳᠡᠯᠭᠡᠭᠦᠷ᠎ᠦᠨ ᠬᠥᠷᠥᠰᠥᠨ᠎ᠳᠦ ᠦᠨᠳᠦᠰᠦᠯᠡᠭᠦᠯᠦᠨ ᠰᠣᠶᠣᠭᠠᠯᠠᠭᠤᠯᠵᠤ᠂ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ ᠪᠠ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠤᠯᠠᠮ ᠴᠢᠨᠠᠭᠰᠢᠳᠠ ᠬᠥᠭᠵᠢᠭᠡᠨ᠎ᠡ᠃
ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠵᠤ ᠰᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ ᠦ ᠬᠥᠭᠵᠢᠯᠲᠡ ᠳᠦ ᠵᠣᠬᠢᠴᠠᠬᠤ ᠪᠠᠢᠭᠤᠯᠤᠯ ᠲᠣᠭᠲᠠᠴᠠ᠎ᠶᠢ ᠲᠠᠰᠤᠷᠠᠯᠲᠠ ᠦᠭᠡᠢ ᠪᠦᠷᠢᠨᠰᠢᠬᠦᠯᠪᠡ
ᠡᠨᠡ ᠵᠢᠯ ᠦᠨ 9 ᠰᠠᠷ᠎ᠠ᠎ᠳᠤ᠂ ᠲᠥᠷᠥ᠎ᠶᠢᠨ ᠶᠠᠪᠤᠳᠠᠯ᠎ᠤᠨ ᠬᠣᠷᠢᠶ᠎ᠠ 《ᠪᠥᠬᠥ ᠤᠯᠤᠰ᠎ᠤᠨ ᠬᠡᠰᠡᠭ ᠭᠠᠵᠠᠷ ᠣᠷᠣᠨ ᠤ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ ᠤᠨ ᠬᠡᠷᠡᠭᠵᠢᠭᠦᠯᠬᠦ ᠲᠥᠰᠥᠯ᠎ᠦᠨ ᠲᠤᠬᠠᠢ ᠴᠣᠬᠣᠯᠠᠪᠤᠷᠢ》 ᠶ᠋ᠢ ᠳᠠᠷᠤᠮᠠᠯᠯᠠᠨ ᠲᠠᠷᠬᠠᠭᠠᠵᠤ᠂ ᠲᠣᠰ ᠡᠳᠦᠷ᠎ᠡᠴᠡ ᠡᠬᠢᠯᠡᠨ 2 ᠵᠢᠯ᠎ᠦᠨ ᠳᠣᠲᠣᠷ᠎ᠠ ᠪᠡᠭᠡᠵᠢᠩ ᠬᠣᠲᠠ᠎ᠶᠢᠨ ᠳᠡᠳ᠋ ᠲᠥᠪ᠂ ᠵᠢᠶᠠᠩᠰᠤ᠎ᠶᠢᠨ ᠡᠮᠦᠨᠡᠲᠦ ᠬᠡᠰᠡᠭ᠎ᠦᠨ ᠭᠣᠣᠯᠳᠠᠯᠭ᠎ᠠ᠎ᠲᠠᠢ ᠬᠣᠲᠠ᠂ ᠬᠠᠩᠵᠸᠦ ᠨᠢᠨᠭᠪᠦ᠋ᠸᠸ ᠸᠸᠨᠵᠸᠦ᠂ ᠾᠧᠹᠧᠢ᠎ᠶᠢᠨ ᠬᠣᠲᠠ᠎ᠶᠢᠨ ᠲᠤᠭᠤᠷᠢᠬ ᠵᠡᠷᠭᠡ 10 ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠲᠤᠷᠰᠢᠯᠲᠠ ᠬᠢᠬᠦ᠎ᠶᠢ ᠵᠥᠪᠰᠢᠶᠡᠷᠡᠪᠡ᠃
ᠵᠢᠯ᠎ᠤᠨ ᠡᠬᠢᠨ᠎ᠡᠴᠡ ᠨᠠᠭᠠᠰᠢ᠂ ᠠᠭᠤᠵᠢᠮ ᠪᠠᠭᠲᠠᠭᠠᠮᠵᠢᠲᠠᠢ ᠰᠢᠨ᠎ᠡ᠎ᠶᠢ ᠡᠭᠦᠳᠬᠦ ᠣᠷᠴᠢᠨ ᠨᠦᠭᠦᠴᠡᠯ᠎ᠢ ᠪᠤᠢ ᠪᠣᠯᠭᠠᠬᠤ ᠵᠢᠨ ᠲᠤᠭᠤᠷᠢᠨ᠎ᠳᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠲᠠᠢ ᠵᠣᠬᠢᠴᠠᠭᠰᠠᠨ ᠪᠠᠢᠭᠤᠯᠤᠯ ᠲᠣᠭᠲᠡᠴᠡ᠎ᠶᠢ ᠪᠦᠷᠢᠯᠳᠦᠭᠦᠯᠬᠦ᠎ᠶᠢ ᠠᠬᠢᠭᠤᠯᠬᠤ᠎ᠳᠤ᠂ ᠲᠦᠷᠦ᠎ᠶᠢᠨ ᠪᠣᠳᠣᠯᠭ᠎ᠠ ᠵᠢᠨ ᠲᠠᠯ᠎ᠠ ᠪᠡᠷ ᠵᠠᠯᠭᠠᠭ᠎ᠠ ᠪᠡᠷ 《ᠬᠠᠮ ᠠᠷᠭ᠎ᠠ ᠬᠡᠮᠵᠢᠶ᠎ᠡ》 ᠬᠡᠷᠡᠭᠯᠡᠵᠡᠢ᠄
ᠰᠢᠨ᠎ᠡ᠎ᠶᠢ ᠡᠭᠦᠳᠬᠦ ᠡᠯᠧᠮᠧᠨ᠋ᠲ ᠢ ᠰᠢᠯᠤᠭᠤᠬᠠᠨ ᠰᠢᠯᠵᠢᠭᠦᠯᠵᠦ᠂ ᠣᠷᠣᠨ ᠪᠦᠰᠡ ᠠᠯᠤᠰᠯᠠᠭᠰᠠᠨ ᠰᠠᠪᠠ ᠭᠠᠵᠠᠷ ᠠᠯᠤᠰᠯᠠᠭᠰᠠᠨ ᠶᠡᠬᠡ ᠵᠠᠮ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠤᠯᠤᠰ᠎ᠤᠨ ᠨᠢᠭᠡᠳᠦᠯᠲᠡᠢ ᠮᠡᠷᠭᠡᠵᠢᠯ ᠦᠨ ᠠᠷᠠᠯᠵᠢᠶᠠᠨ᠎ᠤ ᠦᠢᠯᠡᠴᠢᠯᠡᠭᠡᠨ᠎ᠦ ᠲᠠᠪᠴᠠᠩ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠪᠡ;
ᠲᠥᠪ ᠭᠣᠣᠯᠴᠢ ᠡᠮᠬᠢ ᠵᠢᠷᠤᠮ᠎ᠲᠠᠢ ᠪᠠᠢᠬᠤ᠎ᠶᠢ ᠪᠣᠳᠣᠯᠬᠢᠯᠠᠵᠤ᠂ ᠳᠣᠲᠣᠭᠠᠳᠤ ᠵᠢᠨ ᠰᠢᠷᠦᠭᠦᠨ ᠦᠷᠢᠰᠦᠯᠳᠦᠭᠡᠨ᠎ᠢ ᠶᠡᠷᠦᠩᠬᠡᠢᠯᠡᠨ ᠴᠡᠭᠴᠡᠯᠡᠨ ᠵᠠᠰᠠᠵᠤ᠂ ᠵᠠᠬ᠎ᠠ ᠳᠡᠯᠭᠡᠭᠦᠷ᠎ᠲᠦ ᠣᠷᠣᠬᠤ ᠵᠥᠪᠰᠢᠶᠡᠷᠡᠯ᠎ᠦᠨ ᠪᠡᠬᠢᠯᠡᠯᠲᠡ᠎ᠶᠢ ᠡᠪᠳᠡᠵᠦ᠂ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢᠨ ᠲᠥᠪ ᠭᠣᠣᠯᠴᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢ ᠴᠢᠩᠭ᠎ᠠ ᠥᠷᠨᠢᠭᠦᠯᠪᠡ;
ᠠᠵᠤ ᠠᠬᠤᠢᠯᠠᠯ᠎ᠤᠨ ᠬᠥᠭᠵᠢᠯᠲᠡ᠎ᠶᠢ ᠤᠨᠢᠨ ᠳᠡᠭᠡᠷ᠎ᠡ ᠨᠢ ᠲᠡᠳᠬᠦᠵᠦ᠂ ᠰᠢᠨ᠎ᠡ ᠨᠢᠭᠡ ᠡᠭᠡᠯᠵᠢ᠎ᠶᠢᠨ ᠲᠥᠪ᠎ᠦᠨ ᠡᠳ᠋᠎ᠦᠨ ᠵᠠᠰᠠᠭ᠎ᠡᠴᠡ ᠲᠤᠰᠬᠠᠢ ᠨᠠᠷᠢᠯᠢᠭ᠋ ᠣᠨᠴᠠ ᠰᠢᠨ᠎ᠡ ᠪᠦᠬᠦᠢ ᠳᠤᠮᠳᠠ ᠪᠠᠭ᠎ᠠ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠠᠵᠢᠯᠯᠠᠭ᠎ᠠ᠎ᠶᠢ ᠥᠷᠨᠢᠭᠦᠯᠵᠦ᠂ ᠠᠷᠠᠳ᠎ᠤᠨ ᠡᠵᠡᠩᠨᠡᠯᠲᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠳᠤ《ᠲᠤᠨᠭᠬᠠᠬ ᠨᠡᠢ᠌ᠳᠡᠯᠡᠨ ᠮᠠᠨᠭᠯᠠᠢ᠌ᠯᠠᠬ᠍ᠴᠢ ᠡᠯᠰᠡᠬᠦ᠌》ᠲᠤᠰᠬᠠᠢ ᠳᠡᠮᠵᠢᠯᠭᠡ᠎ᠶᠢᠨ ᠰᠠᠭᠤᠷᠢ ᠮᠥᠩᠭᠥ ᠪᠠᠢᠭᠤᠯᠪᠠ;
7 ᠰᠠᠷ᠎ᠠ ᠶᠢᠨ 28᠎ᠤ᠋ ᠡᠳᠦᠷ᠂ ᠱᠠᠩᠬᠠᠢ ᠬᠣᠲᠠ᠎ᠶᠢᠨ ᠠᠩᠬᠠᠳᠠᠭ᠍ᠴᠢ ᠠᠭᠠᠷ᠎ᠤᠨ ᠠᠶᠠᠯᠠᠯ᠎ᠤᠨ ᠤᠷᠢᠳᠠᠴᠢ ᠪᠠᠷᠠᠭᠠᠨ᠎ᠤ ᠥᠷᠲᠡᠭᠡ — ᠰᠦᠩ ᠵᠢᠶᠠᠩ᠎ᠤᠨ ᠶᠡᠷᠦᠩᠬᠡᠢᠯᠡᠭᠰᠡᠨ ᠬᠠᠮᠠᠭᠠᠯᠠᠯᠲᠠ᠎ᠶᠢᠨ ᠲᠣᠭᠣᠷᠢᠭ᠋᠎ᠤᠨ ᠠᠭᠠᠷ᠎ᠤᠨ ᠠᠶᠠᠯᠠᠯ᠎ᠤᠨ ᠤᠷᠢᠳᠠᠴᠢ ᠪᠠᠷᠠᠭᠠᠨ᠎ᠤ ᠥᠷᠲᠡᠭᠡ ᠲᠤᠷᠰᠢᠨ ᠠᠵᠢᠯᠯᠠᠪᠠ᠃ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ G60 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠣᠩᠭᠢᠯ᠎ᠤᠨ ᠴᠢᠬᠤᠯᠠ ᠡᠳ᠋ ᠪᠠᠷᠠᠭᠠᠨ᠎ᠤ ᠭᠦᠢᠯᠭᠡᠭᠡᠨ᠎ᠦ ᠬᠦᠢᠰᠦ ᠪᠣᠯᠤᠭᠰᠠᠨ᠎ᠤ ᠬᠤᠪᠢ᠎ᠳᠤ᠂ ᠲᠤᠰ ᠠᠭᠠᠷ᠎ᠤᠨ ᠠᠶᠠᠯᠠᠯ᠎ᠤᠨ ᠤᠷᠢᠳᠠᠴᠢ ᠪᠠᠷᠠᠭᠠᠨ᠎ᠤ ᠦᠷᠳᠡᠬᠡ ᠨᠢ ᠱᠠᠩᠬᠠᠢ᠎ᠶᠢᠨ ᠰᠦᠩ ᠵᠢᠶᠠᠩ᠎ᠤᠨ《ᠦᠢᠯᠡᠳᠪᠦᠷᠢᠯᠡᠯ ᠬᠤᠳᠠ᠎ᠶᠢ ᠠᠭᠤᠰᠤᠯᠴᠠᠭᠤᠯᠬᠤ》 ᠬᠥᠭᠵᠢᠯᠲᠡ᠎ᠲᠠᠢ ᠭᠦᠨᠵᠡᠭᠡᠢ ᠬᠠᠮᠵᠢᠯᠴᠠᠵᠤ᠂ ᠬᠥᠬᠡᠮᠥ᠋ᠷᠡᠨ ᠦ ᠭᠤᠷᠪᠠᠯᠵᠢᠨ ᠬᠣᠢᠭ᠋᠎ᠤᠨ ᠳᠡᠭᠡᠳᠦ ᠲᠡᠰ᠎ᠤᠨ ᠦᠢᠯᠡᠳᠬᠦ ᠦᠢᠯᠡᠰ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠠᠵᠤ ᠦᠢᠯᠡᠰ᠎ᠦᠨ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ᠎ᠳᠤ ᠬᠦᠴᠦᠲᠡᠢ ᠪᠠᠲᠤᠯᠠᠭ᠎ᠠ ᠬᠠᠩᠭᠠᠬᠤ ᠪᠣᠯᠣᠨ᠎ᠠ᠃
ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠦᠷᠭᠦᠯᠵᠢᠯᠡᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠶᠡᠬᠡ ᠣᠷᠴᠢᠯ᠎ᠢᠶᠠᠷ ᠪᠦᠬᠦ ᠪᠥᠮᠪᠥᠷᠴᠡᠭ᠎ᠦᠨ ᠡᠬᠢ ᠪᠠᠶᠠᠯᠢᠭ᠋᠎ᠤᠨ ᠡᠯᠧᠮᠧᠨ᠋ᠲ ᠢ ᠲᠠᠲᠠᠵᠤ᠂ ᠪᠦᠬᠦ ᠪᠥᠮᠪᠥᠷᠴᠡᠭ ᠦᠨ ᠰᠢᠨ᠎ᠡ᠎ᠶᠢ ᠡᠭᠦᠳᠬᠦ ᠡᠯᠧᠮᠧᠨ᠋ᠲ᠎ᠢ ᠠᠰᠢᠭ᠍ᠯᠠᠬᠤ ᠪᠠ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠬᠥᠭᠵᠢᠯᠲᠡ᠎ᠳᠦ ᠥᠷᠭᠡᠨ ᠠᠭᠤᠳᠠᠮ ᠣᠷᠣᠨ ᠵᠠᠢ ᠬᠠᠩᠭᠠᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠢ᠋ ᠪᠠᠷᠠᠯᠠᠬᠤᠶ᠎ᠠ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠵᠢᠯᠣᠭᠣᠳᠤᠮᠵᠢ ᠪᠣᠯᠭᠠᠵᠤ᠂ ᠪᠣᠳᠠᠲᠤ ᠴᠣᠭᠴᠠ᠎ᠶᠢᠨ ᠠᠵᠤ ᠠᠬᠤᠢ᠎ᠪᠠᠷ ᠰᠠᠭᠤᠷᠢ ᠪᠣᠯᠭᠠᠵᠤ᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ ᠪᠡᠨ ᠬᠤᠪᠢᠷᠠᠭᠤᠯᠤᠨ ᠲᠡᠰ ᠳᠡᠪᠰᠢᠬᠦᠯᠬᠦ ᠶᠢ ᠪᠦᠬᠦ ᠲᠠᠯ᠎ᠠ᠎ᠪᠠᠷ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠢᠳᠡᠪᠬᠢᠲᠡᠢ ᠬᠥᠭᠵᠢᠭᠦᠯᠤᠨ᠂ ᠢᠷᠡᠭᠡᠳᠦᠢ᠎ᠶᠢᠨ ᠠᠵᠤ ᠦᠢᠯᠡᠰ ᠢ ᠤᠷᠢᠳᠴᠢᠯᠠᠨ ᠪᠠᠢᠷᠢᠯᠠᠭᠤᠯᠬᠤ᠎ᠶᠢ ᠵᠡᠷᠭᠡ ᠪᠡᠷ ᠴᠢᠬᠤᠯᠠᠴᠢᠯᠠᠵᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ ᠢ ᠲᠦᠷᠭᠡᠳᠬᠡᠨ ᠪᠠᠢᠭᠤᠯᠪᠠᠯ᠂ ᠰᠢᠨ᠎ᠡ ᠦᠢᠯᠡᠳᠪᠦᠷᠢᠯᠡᠯ ᠦᠨ ᠬᠦᠴᠦᠨ ᠯᠠᠪᠲᠠᠢ ᠲᠦᠷᠭᠡᠨ ᠪᠣᠢᠵᠢᠵᠤ᠂ ᠳᠤᠮᠳᠠᠳᠤ ᠤᠯᠤᠰ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠥᠳᠡᠯᠭᠡᠬᠦ ᠬᠦᠴᠦᠨ ᠪᠣᠯᠣᠨ ᠰᠢᠨ᠎ᠡ ᠳᠠᠪᠠᠭᠤᠯᠢᠭ᠋᠎ᠢ ᠦᠷᠭᠦᠯᠵᠢᠯᠡᠨ ᠪᠤᠢ ᠪᠣᠯᠭᠠᠬᠤ ᠪᠣᠯᠣᠨ᠎ᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ )