ᠥᠪᠥᠷ ᠮᠣᠩᠭᠣᠯ 《ᠨᠢᠭᠡ ᠪᠦᠰᠡ ᠨᠢᠭᠡ ᠵᠠᠮ》 ᠪᠣᠯᠤᠨ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠳᠠᠢ ᠠᠭᠤᠰᠤᠯᠴᠠᠪᠠ
2025-12-08 10:11:15
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠥᠪᠥᠷ ᠮᠣᠩᠭᠣᠯ ᠣᠷᠣᠨ ᠪᠠᠢᠷᠢ᠎ᠶ᠋ᠢᠨ ᠳᠠᠪᠠᠭᠤᠯᠢᠭ ᠪᠠ ᠬᠥᠭ᠌ᠵᠢᠯᠲᠡ᠎ᠶ᠋ᠢᠨ ᠳᠠᠪᠠᠭᠤᠯᠢᠭ᠎ᠢᠶᠡᠨ ᠨᠡᠭᠡᠭᠡᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠪᠠᠷ ᠬᠦᠴᠦᠯᠡᠵᠦ᠂ ᠪᠡᠯᠡ ᠣᠷᠣᠭᠤᠯᠤᠯᠲᠠ᠎ᠶ᠋ᠢᠨ ᠶᠠᠰᠤ ᠴᠢᠨᠠᠷ ᠦᠷ᠎ᠡ ᠠᠱᠢᠭ᠎ᠢᠶᠡᠨ ᠳᠡᠭᠡᠭ᠌ᠰᠢᠯᠡᠭᠦᠯᠦᠨ᠂ ᠬᠠᠮᠲᠤᠷᠠᠯᠴᠠᠭᠠᠨ᠎ᠤ ᠱᠢᠨ᠎ᠡ ᠣᠷᠣᠨ ᠵᠠᠢ᠎ᠶ᠋ᠢ ᠯᠠᠪᠳᠠᠭᠤᠨ᠎ᠢᠶᠠᠷ ᠥᠷᠭᠡᠳᠭᠡᠨ᠂ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠬᠠᠵᠦ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶ᠋ᠢᠨ ᠬᠣᠩᠭᠢᠯ᠎ᠤᠨ ᠴᠢᠬᠤᠯᠠ ᠲᠤᠯᠭᠠᠭᠤᠷᠢᠯᠠᠬᠤ ᠴᠡᠭ᠎ᠤᠨ ᠪᠠᠢᠷᠢ ᠰᠠᠭᠤᠷᠢ ᠪᠠ ᠦᠶ᠋ᠯᠡᠳᠦᠯ᠎ᠢᠶᠡᠨ ᠢᠯᠡᠳᠲᠡ ᠳᠡᠭᠡᠭ᠌ᠰᠢᠯᠡᠭᠦᠯᠵᠠᠢ᠃

ᠤᠳᠤᠬᠠᠨ᠎ᠳᠤ ᠪᠦᠬᠦ᠌ ᠣᠷᠣᠨ᠎ᠤ 12 ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ ᠪᠦᠬᠦᠨ᠎ᠢᠶᠡᠷ᠎ᠢᠶᠡᠨ ᠬᠣᠶᠠᠳᠤᠭᠠᠷ ᠳᠡᠰ᠎ᠠᠴᠠ ᠳᠡᠭᠡᠭ᠌ᠰᠢᠬᠢ ᠵᠠᠰᠠᠮᠠᠯ ᠵᠠᠮ᠎ᠢ ᠨᠡᠪᠲᠡᠷᠡᠭᠦᠯᠵᠠᠢ᠃ ᠪᠤᠭᠤᠲᠤ᠎ᠶ᠋ᠢᠨ ᠠᠭᠠᠷ᠎ᠤᠨ ᠠᠶᠠᠯᠠᠯ᠎ᠤᠨ ᠬᠢᠯᠢ᠎ᠶ᠋ᠢᠨ ᠪᠣᠭᠣᠮᠲᠠ᠂ ᠡᠷᠢᠶᠡᠨ ᠬᠣᠲᠠ᠎ᠶ᠋ᠢᠨ ᠠᠭᠠᠷ᠎ᠤᠨ ᠠᠶᠠᠯᠠᠯ᠎ᠤᠨ ᠬᠢᠯᠢ᠎ᠶ᠋ᠢᠨ ᠪᠣᠭᠣᠮᠲᠠ ᠤᠯᠤᠰ᠎ᠤᠨ ᠱᠢᠯᠭᠠᠨ ᠪᠠᠢᠴᠠᠭᠠᠯᠲᠠ᠎ᠳᠤ ᠬᠢᠷᠢ ᠲᠠᠨᠭᠴᠠᠵᠠᠢ᠃ ᠬᠥᠬᠡᠬᠣᠲᠠ᠎ᠶ᠋ᠢᠨ ᠱᠧᠩ ᠯᠧ ᠣᠯᠠᠨ ᠤᠯᠤᠰ᠎ᠤᠨ ᠨᠢᠰᠭᠡᠯ᠎ᠦᠨ ᠪᠠᠭᠤᠳᠠᠯ᠎ᠤᠨ ᠠᠵᠢᠯ ᠦᠨᠳᠦᠰᠦᠨ᠎ᠳᠡᠭᠡᠨ ᠳᠠᠭᠤᠰᠴᠤ᠌᠂ ᠱᠢᠯᠭᠠᠨ ᠠᠪᠬᠤ ᠠᠵᠢᠯ᠎ᠢ ᠥᠷᠨᠢᠭᠦᠯᠵᠦ᠍ ᠪᠣᠶ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ  ᠳᠤᠮᠳᠠᠳᠤ ᠧᠦ᠋ᠷᠣᠫᠠ (ᠠᠽᠢᠶ᠎ᠠ) ᠵᠢᠨ ᠵᠢᠱᠢᠶᠠᠨ᠎ᠤ ᠭᠠᠯᠲᠤ ᠲᠡᠷᠭᠡ ᠨᠡᠢᠳᠡ 1900 ᠭᠠᠷᠤᠢ ᠡᠬᠡᠯᠵᠢ᠎ᠨᠡᠪᠳᠡᠷᠡᠵᠦ᠂ ᠠᠳᠠᠯᠢ ᠬᠤᠭᠤᠴᠠᠭᠠᠨ᠎ᠤ᠎ᠬᠢ᠎ᠡᠴᠡ 98.9% ᠎ᠪᠠᠷ ᠨᠡᠮᠡᠭ᠌ᠳᠡᠵᠠᠢ; ᠪᠥᠬᠥ᠌ ᠣᠷᠣᠨ᠎ᠳᠤ ᠨᠡᠢᠲᠡ 9 ᠬᠣᠲᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢ ᠨᠡᠪᠲᠡᠷᠡᠭᠦᠯᠵᠦ᠍᠂ ᠪᠠᠢᠩᠭᠤ᠎ᠶ᠋ᠢᠨ ᠴᠢᠨᠠᠷᠲᠠᠶ᠎ᠪᠠᠷ ᠨᠡᠪᠲᠡᠷᠡᠭ᠌ᠰᠡᠨ ᠵᠠᠮ ᠱᠤᠭᠤᠮ 22 ᠪᠠᠢᠵᠤ᠂ ᠳᠤᠮᠳᠠᠳᠤ ᠠᠽᠢᠶ᠎ᠠ᠎ᠶ᠋ᠢᠨ ᠲᠠᠪᠤᠨ ᠤᠯᠤᠰ᠂ ᠮᠣᠩᠭᠣᠯ᠂ ᠣᠷᠣᠰ᠂ ᠪᠧᠯᠤᠷᠦ᠋ᠰ᠂ ᠢᠷᠡᠨ ᠵᠡᠷᠭᠡ 《ᠨᠢᠭᠡ ᠪᠦᠰᠡ ᠨᠢᠭᠡ ᠵᠠᠮ》 ᠳᠠᠭᠠᠤ ᠤᠯᠤᠰ᠎ᠲᠤ ᠨᠡᠪᠲᠡᠷᠡᠵᠦ᠍᠂ ᠭᠠᠳᠠᠭᠠᠳᠤ ᠨᠡᠭᠡᠭᠡᠯᠲᠡ᠎ᠶ᠋ᠢᠨ ᠵᠠᠮ ᠨᠠᠩ ᠰᠢᠯᠤᠭᠤᠨ  ᠨᠡᠪᠲᠡᠷᠡᠵᠠᠢ᠃

ᠳᠤᠮᠳᠠᠳᠤ ᠮᠤᠡᠭᠭᠤᠯ᠎ᠤᠨ ᠡᠷᠢᠶᠡᠨ ᠬᠣᠲᠠ — ᠵᠠᠮ᠎ᠤᠨ ᠡᠭᠦᠳᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠲᠣᠭᠣᠷᠢᠭ ᠬᠥᠭ᠌ᠵᠢᠯᠲᠡ᠎ᠪᠡᠨ ᠲᠦᠷᠭᠡᠳᠭᠡᠵᠦ᠍᠂ ᠳᠤᠮᠳᠠᠳᠤ ᠮᠤᠡᠭᠭᠤᠯ᠎ᠤᠨ ᠦᠵᠡᠰᠭᠦᠯᠡᠩ᠎ᠦᠨ ᠴᠤᠭ᠍ᠯᠠᠭᠠᠨ᠂ ᠤᠮᠠᠷᠠᠰᠢ ᠨᠡᠭᠡᠭᠡᠯᠲᠡ ᠬᠢᠬᠦ᠌ ᠠᠵᠤ ᠠᠬᠤᠢ ᠠᠷᠠᠯᠵᠢᠶᠠᠨ᠎ᠤ ᠵᠥᠪᠳᠡᠯᠴᠡᠬᠡᠷ᠎ᠦᠨ ᠴᠤᠭ᠍ᠯᠠᠭᠠᠨ ᠵᠡᠷᠭᠡ ᠭᠣᠣᠯᠳᠠᠯᠭ᠎ᠠ᠎ᠲᠠᠶ ᠦᠵᠡᠰᠭᠦᠯᠡᠩ᠎ᠦᠨ ᠴᠤᠭ᠍ᠯᠠᠭᠠᠨ᠎ᠢ ᠡᠷᠬᠢᠯᠡᠬᠦ᠌ ᠬᠢᠷᠢ ᠬᠡᠮᠵᠢᠶ᠎ᠡ ᠢᠯᠡᠳᠲᠡ ᠳᠡᠭᠡᠭ᠌ᠰᠢᠯᠡᠵᠦ᠍᠂ ᠭᠠᠳᠠᠭᠠᠳᠤ᠎ᠳᠠᠬᠢ ᠨᠥᠯᠥᠭᠡᠯᠡᠬᠦ᠌ ᠬᠦᠴᠦᠨ ᠪᠠ ᠪᠡᠯᠡ ᠣᠷᠣᠭᠤᠯᠤᠯᠲᠠ ᠳ᠋ᠡᠬᠢ ᠠᠬᠢᠭᠤᠯᠬᠤ ᠦᠢᠯᠡᠳᠦᠯ ᠤᠯᠠᠮ ᠨᠢᠭᠡ ᠠᠯᠬᠤᠮ ᠢᠯᠡᠷᠬᠡᠢ ᠪᠤᠯᠵᠠᠢ᠃ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠂ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ ᠵᠡᠷᠭᠡ ᠲᠠᠪᠴᠠᠩ᠎ᠢ ᠲᠦᠷᠭᠡᠳᠭᠡᠨ ᠪᠠᠢᠭᠤᠯᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠭᠤᠶᠤᠴᠢᠯᠠᠨ ᠪᠠᠢᠭᠤᠯᠬᠤ ᠠᠵᠢᠯ ᠢᠳᠡᠪᠬᠢᠲᠡᠶ ᠠᠬᠢᠴᠠ᠎ᠲᠠᠶ ᠪᠣᠯᠵᠣ᠂ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠲᠡᠶ ᠲᠤᠯᠭᠠᠭᠤᠷᠢᠯᠠᠯ ᠬᠠᠩᠭᠠᠵᠠᠢ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠦᠪᠦᠷ ᠮᠤᠩᠭᠤᠯ᠎ᠤᠨ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠤᠯᠤᠰ ᠲᠡᠬᠢ ᠠᠷᠠᠯᠵᠢᠶᠠᠨ᠎ᠤ ᠲᠣᠭ᠎ᠠ 6074.7 ᠳ᠋ᠦᠩᠱᠢᠭᠤᠷ ᠲᠥᠭᠥᠷᠢᠭ᠎ᠲᠦ ᠬᠦᠷᠴᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号