ᠣᠳᠣᠬᠠᠨ ᠪᠣᠯᠲᠠᠯ᠎ᠠ᠂ ᠥᠪᠥᠷ ᠮᠣᠩᠭᠣᠯ ᠤ᠋ᠨ ᠡᠨᠧᠷᠭᠢ ᠵᠢᠨ ᠪᠦᠯᠦᠭ᠌ᠯᠡᠯ ᠤ᠋ᠨ ᠬᠠᠷᠢᠶ᠎ᠠ ᠪᠥᠬᠥᠶ 9 ᠢᠯᠴᠢ ᠵᠢᠨ ᠴᠠᠬᠢᠯᠭᠠᠨ ᠤ᠋ ᠨᠢᠭᠡᠴᠢ ᠴᠥᠮ ᠲᠦᠯᠡᠰᠢ ᠵᠢᠨ ᠬᠠᠮᠢᠶᠠᠷᠤᠯᠲᠠ ᠵᠢᠨ ᠤᠶᠤᠨᠴᠢᠯᠠᠯᠳᠠ ᠵᠢ ᠪᠦᠬᠦ ᠲᠠᠯ᠎ᠠ ᠪᠡᠷ ᠪᠡᠶᠡᠯᠡᠭᠦᠯᠤᠨ᠂ ᠥᠪᠡᠷᠲᠡᠭᠡᠨ ᠵᠠᠰᠠᠬᠤ ᠣᠷᠣᠨ ᠤ᠋ ᠲᠦᠯᠡᠰᠢ ᠵᠢᠨ ᠬᠠᠮᠢᠶᠠᠷᠤᠯᠲᠠ ᠵᠢᠨ ᠤᠶᠤᠨᠴᠢᠯᠠᠯᠳᠠ ᠵᠢᠨ ᠪᠥᠲᠥᠭᠡᠨ ᠪᠠᠢᠭᠤᠯᠤᠯᠲᠠ ᠵᠢ ᠪᠦᠬᠦᠯᠢ ᠴᠣᠭ᠍ᠴᠠᠪᠠᠷ ᠪᠡᠶᠡᠯᠡᠭᠦᠯᠦᠭ᠌ᠰᠡᠨ ᠠᠩᠬᠠᠳᠠᠭ᠍ᠴᠢ ᠲᠣᠮᠣ ᠬᠡᠯᠪᠡᠷᠢ ᠵᠢᠨ ᠡᠨᠧᠷᠭᠢ ᠵᠢᠨ ᠠᠵᠤ ᠠᠬᠤᠢᠯᠠᠯ ᠪᠣᠯᠪᠠ᠃
ᠤᠢᠯᠠᠭᠠᠭᠰᠠᠨ ᠵᠢᠡᠷ᠂ ᠲᠦᠯᠡᠰᠢ ᠵᠢᠨ ᠬᠠᠮᠢᠶᠠᠷᠤᠯᠲᠠ ᠵᠢᠨ ᠮᠡᠳᠡᠭᠡ ᠵᠠᠩᠭᠢᠴᠢᠯᠠᠯᠳᠠ᠂ ᠠᠦ᠋ᠲ᠋ᠣᠴᠢᠯᠠᠯᠲᠠ᠂ ᠤᠶᠤᠨᠴᠢᠯᠠᠯᠳᠠ ᠵᠢᠨ ᠬᠠᠮᠢᠶᠠᠷᠤᠯᠲᠠ ᠵᠢᠨ ᠲᠦᠪᠱᠢᠨ ᠢ᠋ ᠳᠡᠭᠡᠭ᠌ᠰᠢᠯᠡᠭᠦᠯᠬᠦ᠌ ᠵᠢᠨ ᠲᠥᠯᠥᠭᠡ 2020 ᠣᠨ ᠡᠴᠡ ᠡᠬᠢᠯᠡᠨ᠂ ᠦᠪᠦᠷ ᠮᠤᠩᠭᠤᠯ ᠤ᠋ᠨ ᠡᠨ᠋ᠸᠷᠬᠢ ᠵᠢᠨ ᠪᠦᠯᠦᠭ᠌ᠯᠡᠯ ᠤ᠋ᠨ ᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ᠪᠡᠷ ᠤᠳᠤᠷᠢᠳᠤᠮᠵᠢ ᠪᠣᠯᠭᠠᠨ᠂ ᠲᠠᠪᠤᠨ ᠵᠢᠯ ᠤ᠋ᠨ ᠳᠣᠲᠣᠷ᠎ᠠ ᠬᠠᠷᠢᠶ᠎ᠠ ᠪᠦᠬᠦᠢ ᠢᠯᠴᠢ ᠵᠢᠨ ᠴᠠᠬᠢᠯᠭᠠᠨ ᠤ᠋ ᠨᠢᠭᠡᠴᠢ ᠵᠢᠨ ᠲᠦᠯᠡᠰᠢ ᠵᠢᠨ ᠬᠠᠮᠢᠶᠠᠷᠤᠯᠲᠠ ᠵᠢᠨ ᠤᠶᠤᠨᠴᠢᠯᠠᠯᠳᠠ ᠵᠢᠨ ᠪᠠᠢᠭᠤᠯᠤᠯᠲᠠ ᠵᠢᠨ ᠪᠦᠬᠦᠯᠢ ᠴᠣᠭ᠍ᠴᠠ ᠵᠢᠨ ᠲᠥᠯᠥᠪᠵᠢᠭᠦᠯᠭᠡ ᠵᠢ ᠲᠣᠭ᠍ᠲᠠᠭᠠᠵᠤ᠂ ᠤᠰᠤᠲᠠᠢ ᠢᠯᠴᠢ ᠵᠢᠨ ᠴᠠᠬᠢᠯᠭᠠᠨ ᠤ᠋ ᠦᠢᠯᠡᠳᠪᠦᠷᠢ ᠵᠢ ᠰᠣᠩᠭᠣᠨ ᠲᠦᠯᠡᠰᠢ ᠵᠢᠨ ᠬᠠᠮᠢᠶᠠᠷᠤᠯᠲᠠ ᠵᠢᠨ ᠤᠶᠤᠨᠴᠢᠯᠠᠯᠳᠠ ᠵᠢᠨ ᠪᠠᠢᠭᠤᠯᠤᠯᠲᠠ ᠵᠢᠨ ᠠᠩᠬᠠᠳᠠᠭ᠍ᠴᠢ ᠲᠤᠷᠱᠢᠯᠲᠠ ᠵᠢᠨ ᠴᠡᠭ ᠤ᠋ᠨ ᠨᠢᠭᠡᠴᠢ ᠪᠣᠯᠭᠠᠵᠤ᠂ ᠮᠠᠱᠢᠨ ᠲᠡᠷᠭᠡᠨᠦ ᠠᠦ᠋ᠲ᠋ᠤ᠋ ᠢᠯᠭᠠᠨ ᠲᠠᠨᠢᠬᠤ᠂ ᠮᠠᠯᠲᠠᠬᠤ ᠦᠢᠯᠡᠳᠬᠦ᠌ ᠵᠢ ᠨᠢᠭᠡ ᠴᠤᠬ᠍ᠴᠠᠵᠢᠭᠤᠯᠬᠤ᠂ ᠤᠶᠤᠨᠴᠢ ᠪᠢᠲᠡᠭᠦᠮᠵᠢᠯᠡᠭ᠌ᠰᠡᠨ ᠳᠠᠮᠵᠢᠭᠤᠯᠭ᠎ᠠ᠂ ᠲᠤᠬᠠᠢ ᠵᠢᠨ ᠲᠠᠯᠠᠪᠠᠢ ᠵᠢᠨ ᠸᠢᠳᠢᠣ᠋ ᠬᠢᠨᠠᠨ ᠡᠵᠡᠮᠳᠡᠬᠦ᠌᠂ ᠨᠡᠭᠦᠷᠡᠰᠦ ᠱᠢᠲᠠᠭᠠᠬᠤ ᠮᠡᠳᠡᠭᠡ ᠵᠠᠩᠭᠢ ᠵᠢᠨ ᠱᠢᠰᠲ᠋ᠧᠮ ᠵᠡᠷᠭᠡ ᠮᠡᠷᠭᠡᠵᠢᠯ ᠢ᠋ ᠣᠶᠤᠨᠴᠢᠪᠠᠷ ᠬᠤᠷᠠᠮᠳᠤᠭᠤᠯᠵᠤ᠂ ᠲᠦᠯᠡᠰᠢ ᠵᠢ ᠲᠥᠪᠯᠡᠷᠡᠭᠦᠯᠦᠨ ᠬᠠᠮᠢᠶᠠᠷᠤᠨ ᠡᠵᠡᠮᠳᠡᠬᠦ᠌ 《ᠤᠶᠤᠨᠴᠢ ᠲᠠᠷᠢᠬᠢ》 ᠵᠢ ᠪᠠᠢᠭᠤᠯᠪᠠ᠃ ᠲᠦᠯᠡᠰᠢ ᠵᠢᠨ ᠬᠠᠮᠢᠶᠠᠷᠤᠯᠲᠠ ᠵᠢᠨ ᠤᠶᠤᠨᠴᠢᠯᠠᠭ᠍ᠰᠠᠨ ᠱᠢᠰᠲ᠋ᠧᠮ ᠢ᠋ ᠠᠱᠢᠭ᠍ᠯᠠᠯᠲᠠ ᠳ᠋ᠦ ᠣᠷᠣᠭᠤᠯᠤᠭ᠍ᠰᠠᠨ ᠤ᠋ ᠳᠠᠷᠠᠭ᠎ᠠ ᠠᠦ᠋ᠲ᠋ᠤ᠋ᠵᠢᠩᠯᠡᠬᠦ ᠪᠠᠷ ᠬᠥᠮᠦᠨᠦ ᠬᠦᠴᠦ᠍ᠪᠡᠷ ᠵᠢᠩᠯᠡᠬᠦ ᠵᠢ ᠣᠷᠣᠯᠠᠭᠤᠯᠵᠤ᠂ ᠪᠦᠷᠢᠨ ᠠᠦ᠋ᠲ᠋ᠣ᠋ ᠥᠯᠢᠭᠡᠷ ᠠᠪᠬᠤ ᠪᠡᠷ ᠬᠦᠮᠦᠨ ᠤ᠋ ᠬᠦᠴᠦ ᠪᠡᠷ ᠦᠯᠢᠭᠡᠷ ᠠᠪᠬᠤ ᠵᠢ ᠣᠷᠣᠯᠠᠭᠤᠯᠵᠤ᠂ ᠪᠦᠷᠢᠨ ᠠᠦ᠋ᠲ᠋ᠣ᠋ (ᠮᠠᠱᠢᠨ ᠬᠥᠮᠦᠨ) ᠥᠯᠢᠭᠡᠷ ᠶᠠᠩᠵᠤ ᠦᠶ᠋ᠯᠡᠳᠬᠦ᠌ᠪᠡᠷ ᠬᠥᠮᠦᠨᠦ ᠬᠦᠴᠦ᠍ᠪᠡᠷ ᠥᠯᠢᠭᠡᠷ ᠶᠠᠩᠵᠤ ᠦᠶ᠋ᠯᠡᠳᠬᠦ᠌ ᠵᠢ ᠣᠷᠣᠯᠠᠭᠤᠯᠵᠤ᠂ ᠠᠦ᠋ᠲ᠋ᠤ᠋ ᠬᠢᠮᠢ ᠵᠢᠨ ᠰᠢᠯᠭᠠᠯᠳᠠᠪᠠᠷ ᠬᠥᠮᠦᠨᠦ ᠬᠦᠴᠦ ᠪᠡᠷ ᠬᠢᠮᠢ ᠵᠢᠨ ᠰᠢᠯᠭᠠᠯᠳᠠ ᠬᠢᠬᠦ ᠵᠢ ᠣᠷᠣᠯᠠᠭᠤᠯᠵᠤ᠂ ᠣᠶᠤᠨᠳᠦ ᠲᠥᠪᠯᠡᠷᠡᠩᠭᠦᠶ ᠬᠠᠮᠢᠶᠠᠷᠤᠨ ᠡᠵᠡᠮᠳᠡᠬᠦ᠌ ᠲᠥᠪᠡᠴᠡ ᠠᠯᠤᠰ ᠡᠵᠡᠮᠱᠢᠯ ᠵᠢᠡᠷ ᠬᠢᠨᠠᠨ ᠬᠠᠮᠢᠶᠠᠷᠴᠤ᠌᠂ ᠬᠥᠮᠦᠨ ᠬᠢᠭᠡᠳ ᠨᠡᠭᠦᠷᠡᠰᠦᠨᠦ ᠥᠯᠢᠭᠡᠷ ᠶᠠᠩᠵᠤ᠂ ᠬᠥᠮᠦᠨ ᠬᠢᠭᠡᠳ ᠲᠣᠭ᠎ᠠ ᠪᠠᠷᠢᠮᠲᠠ ᠵᠢᠨ 《ᠬᠣᠶᠠᠷ ᠢ᠋ ᠲᠤᠰᠠᠭᠠᠷᠯᠠᠬᠤ》 ᠬᠠᠷᠠᠯᠲᠠ ᠵᠢ ᠪᠡᠶᠡᠯᠡᠭᠦᠯᠵᠦ᠍᠂ ᠬᠥᠮᠦᠨᠦ ᠬᠦᠴᠦᠨᠦ ᠥᠪᠡᠷ ᠤ᠋ᠨ ᠥᠷᠲᠡᠭ ᠢ᠋ ᠪᠦᠲᠦᠮᠵᠢᠲᠡᠶ ᠪᠠᠭᠤᠷᠠᠭᠤᠯᠬᠤ ᠵᠢᠨ ᠬᠠᠮᠲᠤ ᠥᠯᠢᠭᠡᠷ ᠡᠳ᠋ ᠤ᠋ᠨ ᠲᠥᠯᠥᠭᠡᠯᠡᠬᠦ᠌ ᠴᠢᠨᠠᠷ ᠪᠠ ᠵᠢᠭ᠌ᠳᠡ ᠴᠢᠨᠠᠷ ᠵᠢᠴᠢ ᠬᠡᠮᠵᠢᠨ ᠰᠢᠯᠭᠠᠭᠰᠠᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ ᠢ᠋ ᠳᠡᠭᠡᠭ᠌ᠰᠢᠯᠡᠭᠦᠯᠵᠦ᠍᠂ ᠨᠡᠭᠦᠷᠡᠰᠦᠨᠦ ᠴᠢᠨᠠᠷ ᠤ᠋ᠨ ᠵᠠᠭᠤᠷᠠᠯᠳᠤᠭᠠᠨ ᠤ᠋ ᠬᠡᠷᠡᠭ ᠡᠭᠦᠰᠭᠦ ᠲᠣᠬᠢᠶᠠᠯᠳᠤᠮᠵᠢ ᠵᠢ ᠶᠡᠬᠡᠪᠡᠷ ᠪᠠᠭᠤᠷᠠᠭᠤᠯᠪᠠ᠃ ᠲᠥᠷᠥᠯ ᠵᠦᠶ᠋ᠯ ᠪᠠᠢᠭᠤᠯᠤᠭ᠍ᠳᠠᠨ ᠠᠱᠢᠭ᠍ᠯᠠᠯᠲᠠ ᠳ᠋ᠦ ᠣᠷᠣᠭ᠍ᠰᠠᠨ ᠡᠴᠡ ᠨᠠᠭᠠᠰᠢ 9 ᠢᠯᠴᠢ ᠵᠢᠨ ᠴᠠᠬᠢᠯᠭᠠᠨ ᠤ᠋ ᠨᠢᠭᠡᠴᠢ ᠬᠥᠮᠦᠨᠦ ᠬᠦᠴᠦᠨᠦ ᠥᠪᠡᠷ ᠤ᠋ᠨ ᠥᠷᠲᠡᠭ ᠢ᠋ ᠵᠢᠯᠳᠦ 400 ᠲᠦᠮᠡᠨ ᠲᠥᠭᠥᠷᠢᠭ ᠠᠷᠪᠢᠯᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号