ᠦᠪᠦᠷ ᠮᠤᠩᠭᠤᠯ ᠡᠯ᠎ᠡ ᠲᠦᠷᠦᠯ᠎ᠤᠨ ᠨᠦᠬᠦᠷᠰᠡᠭ ᠲᠠᠯᠠᠪᠤᠷ ᠢ᠋ 7013 ᠪᠠᠢᠭᠤᠯᠪᠠ
2025-12-08 10:30:11
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠡᠴᠡ ᠣᠢᠯᠠᠭᠠᠭᠰᠠᠨ ᠵᠢᠡᠷ᠂ ᠰᠢᠨ᠎ᠡ ᠠᠵᠢᠯ ᠣᠯᠭᠣᠯᠲᠠ᠎ᠶᠢᠨ ᠪᠦᠯᠬᠦᠮ ᠨᠡᠢᠲᠡ᠎ᠳᠤ ᠦᠢᠯᠡᠴᠢᠯᠡᠬᠦ ᠶᠠᠰᠦ ᠴᠢᠨᠠᠷ ᠵᠢᠡᠨ ᠳᠡᠭᠡᠭᠰᠢᠯᠡᠬᠦᠯᠬᠦ᠎ᠶᠢᠨ ᠲᠥᠯᠥᠭᠡ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ ᠨᠥᠬᠥᠷᠰᠡᠭ ᠲᠠᠯᠠᠪᠤᠷ᠎ᠤᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠣᠳᠣᠬᠠᠨ᠎ᠳᠤ ᠦᠪᠦᠷ ᠮᠤᠩᠭᠤᠯ᠎ᠳᠤ ᠨᠢᠭᠡᠨᠲᠡ ᠡᠯ᠎ᠡ ᠲᠦᠷᠦᠯ᠎ᠦᠨ ᠨᠥᠬᠥᠷᠰᠡᠭ ᠲᠠᠯᠠᠪᠤᠷ ᠢ᠋ 7013 ᠪᠠᠢᠭᠤᠯᠵᠠᠢ᠃

ᠣᠳᠣᠬᠠᠨ᠎ᠳᠤ᠂ ᠦᠪᠦᠷ ᠮᠤᠩᠭᠤᠯ᠎ᠤᠨ ᠰᠢᠨ᠎ᠡ ᠠᠵᠢᠯ ᠤᠯᠭᠤᠯᠲᠠ ᠢ᠋ᠢᠨ ᠪᠦᠯᠬᠦᠮ ᠨᠡᠢᠲᠡ 53.2 ᠲᠦᠮᠡᠨ ᠬᠥᠮᠥᠨ ᠪᠤᠢ᠃ ᠦᠪᠦᠷ ᠮᠤᠩᠭᠤᠯ ᠰᠣᠶᠣᠯ ᠢᠷᠭᠡᠨᠰᠢᠯ ᠨᠦᠬᠦᠷᠰᠡᠭ᠂ ᠠᠶᠠᠯᠠᠬᠤ᠎ᠳᠤ ᠨᠦᠬᠦᠷᠰᠡᠭ᠂ ᠬᠠᠮᠲᠦ ᠪᠡᠷ ᠡᠳ᠋ᠯᠡᠬᠦ᠎ᠳᠤ ᠨᠦᠬᠦᠷᠰᠡᠭ᠂ ᠦᠢᠯᠡᠴᠢᠯᠡᠭᠡ ᠨᠦᠬᠦᠷᠰᠡᠭ᠂ ᠡᠷᠬᠡ ᠠᠰᠢᠬ ᠨᠦᠬᠦᠷᠰᠡᠭ᠂ ᠠᠭᠤᠰᠤᠯᠴᠠᠯ ᠨᠦᠬᠦᠷᠰᠡᠭ᠂ ᠤᠷᠤᠯᠴᠠᠯᠭ᠎ᠠ ᠨᠦᠬᠦᠷᠰᠡᠭ ᠬᠡᠬᠦ 《ᠲᠤᠯᠤᠭᠠᠨ ᠨᠦᠬᠦᠷᠰᠡᠭ》 ᠲᠸ᠋ ᠠᠩᠬᠠᠷᠤᠯ ᠢ᠋ᠢᠡᠨ ᠲᠦᠪᠯᠡᠷᠡᠭᠦᠯᠵᠦ᠂ ᠨᠦᠬᠦᠷᠰᠡᠭ ᠨᠡᠢᠭᠡᠮ ᠲᠤᠭᠤᠷᠢᠭ(ᠰᠠᠭᠤᠭᠠᠯᠢ ᠠᠷᠠᠳ᠎ᠤᠨ ᠲᠤᠭᠤᠷᠢᠭ)᠂ ᠨᠦᠬᠦᠷᠰᠡᠭ ᠵᠡᠭᠡᠯᠢ ᠲᠤᠭᠤᠷᠢᠭ᠂ ᠨᠥᠬᠥᠷᠰᠡᠭ ᠬᠤᠳᠠᠯᠳᠤᠭᠠᠨ᠎ᠤ ᠲᠣᠭᠣᠷᠢᠭ᠋ (ᠠᠰᠠᠷ ᠪᠠᠢᠰᠢᠩ)᠂ ᠨᠥᠬᠥᠷᠰᠡᠭ ᠵᠠᠬ᠎ᠠ ᠳᠡᠯᠭᠡᠭᠦᠷ᠂ ᠨᠥᠬᠥᠷᠰᠡᠭ ᠬᠦᠷᠢᠶᠡᠯᠡᠩ ᠲᠣᠭᠣᠷᠢᠭ᠋᠂ ᠨᠥᠬᠥᠷᠰᠡᠭ ᠰᠤᠷᠭᠠᠭᠤᠯᠢ᠂ ᠨᠥᠬᠥᠷᠰᠡᠭ ᠡᠮᠨᠡᠯᠭᠡ᠎ᠶᠢᠨ ᠬᠣᠷᠢᠶ᠎ᠠ᠂ ᠨᠥᠬᠥᠷᠰᠡᠭ ᠬᠤᠳᠠᠯᠳᠤᠭᠠᠨ᠎ᠤ ᠲᠣᠣᠷ ᠴᠡᠭ᠂ ᠨᠥᠬᠥᠷᠰᠡᠭ ᠵᠠᠮ ᠬᠠᠷᠢᠯᠴᠠᠭᠠᠨ᠎ᠤ ᠲᠠᠯᠠᠪᠤᠷ ᠥᠷᠲᠡᠭᠡ᠂ ᠨᠥᠬᠥᠷᠰᠡᠭ ᠭᠡᠷ᠎ᠦᠨ ᠭᠠᠳᠠᠨᠠᠬᠢ ᠠᠵᠢᠯᠲᠠᠨ᠎ᠤ ᠥᠷᠲᠡᠭᠡ ᠴᠡᠭ ᠵᠡᠷᠭᠡ 《ᠠᠷᠪᠠᠨ ᠲᠥᠷᠥᠯ᠎ᠦᠨ ᠨᠦᠬᠦᠷᠰᠡᠭ ᠲᠠᠯᠠᠪᠤᠷ》ᠤ᠋ᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠤᠯᠤᠰ ᠲᠥᠷᠥ᠎ᠪᠡᠷ ᠬᠥᠲᠥᠯᠥᠨ ᠳᠠᠭᠠᠭᠤᠯᠬᠤ ᠪᠠ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡᠨ᠎ᠦ 《ᠬᠣᠣᠰ ᠵᠢᠭ᠍ᠰᠠᠭᠠᠯ᠎ᠤᠨ ᠭᠠᠵᠠᠷ》᠎ᠢ᠋ ᠪᠣᠶ ᠪᠣᠯᠭᠠᠵᠤ᠂ ᠰᠢᠨ᠎ᠡ ᠠᠵᠢᠯ ᠤᠯᠭᠤᠯᠲᠠ ᠢ᠋ᠢᠨ ᠪᠦᠯᠬᠦᠮ ᠨᠡᠢᠲᠡ ᠵᠢ ᠨᠠᠮ᠎ᠤᠨ ᠦᠭᠡ᠎ᠶᠢ ᠰᠣᠨᠣᠰᠴᠤ ᠨᠠᠮ᠎ᠢᠶᠠᠨ ᠳᠠᠭᠠᠨ ᠤᠷᠤᠬᠰᠢᠯᠠᠬᠤ ᠪᠡᠷ ᠬᠦᠲᠦᠯᠦᠨ ᠵᠢᠯᠤᠭᠤᠳᠪᠠ᠃

ᠦᠪᠦᠷ ᠮᠤᠩᠭᠤᠯ᠎ᠤᠨ ᠳᠡᠭᠡᠷ᠎ᠡ ᠲᠤᠤᠷ᠎ᠠ ᠱᠠᠲᠤᠨ᠎ᠤ ᠬᠢᠨ ᠮᠠᠰᠢ ᠣᠯᠠᠨ ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ᠎ᠢ ᠪᠣᠶ ᠪᠣᠯᠭᠠᠪᠠ᠄ ᠬᠥᠬᠡᠬᠣᠲᠠ ᠰᠦᠯᠵᠢᠶᠡᠨ ᠳᠡᠭᠡᠷ᠎ᠡ 《ᠬᠥᠬᠡᠬᠣᠲᠠ᠎ᠶᠢᠨ ᠰᠢᠨ᠎ᠡ e ᠥᠷᠲᠡᠭᠡ 》 ᠢ᠋ᠢᠨ ᠵᠢᠵᠢᠭ ᠫᠷᠣᠭ᠌ᠷᠠᠮ᠎ᠢ ᠨᠡᠢᠲᠡᠯᠡᠵᠦ᠂ 24 ᠴᠠᠬ᠎ᠤᠨ ᠬᠦᠰᠡᠯ ᠱᠠᠭᠠᠷᠳᠠᠯᠭ᠎ᠠ᠎ᠳᠤ ᠬᠠᠷᠢᠭᠤ ᠦᠭᠬᠦ ᠲᠣᠭᠲᠠᠴᠠ᠎ᠶᠢ ᠪᠠᠢᠭᠤᠯᠤᠨ᠂ ᠰᠢᠨ᠎ᠡ ᠠᠵᠢᠯ ᠣᠯᠭᠣᠯᠲᠠ᠎ᠶᠢᠨ ᠪᠦᠯᠬᠦᠮ ᠨᠡᠢᠲᠡ ᠢ᠋ᠢᠨ ᠪᠠᠴᠢᠮᠲᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠴᠠᠭ ᠲᠤᠬᠠᠢ ᠳ᠋ᠤᠨᠢ ᠰᠢᠢᠳᠪᠦᠷᠢᠯᠡᠪᠡ; ᠪᠤᠭᠤᠲᠤ ᠬᠤᠳᠠ ᠰᠢᠨ᠎ᠡ ᠠᠵᠢᠯ ᠣᠯᠭᠣᠯᠲᠠ᠎ᠶᠢᠨ ᠪᠦᠯᠬᠦᠮ ᠨᠡᠢᠲᠡ ᠢ᠋ᠢᠨ 《ᠠᠶᠠᠯᠠᠯ ᠢ᠋ ᠲᠤᠯᠠᠭᠠᠴᠠᠭᠤᠯᠬᠤ ᠲᠥᠯᠥᠪᠯᠡᠭᠡ》 ᠶ᠋ᠢ ᠬᠡᠷᠡᠭᠵᠢᠭᠦᠯᠵᠦ᠂ ᠬᠠᠮᠢᠭ᠎ᠠ ᠬᠡᠷᠡᠭᠴᠡᠭᠡ᠎ᠲᠠᠢ ᠪᠣᠯ ᠬᠠᠢᠷᠠᠯᠠᠨ ᠬᠠᠯᠠᠮᠵᠢᠯᠠᠬᠤ ᠦᠢᠯᠡᠴᠢᠯᠡᠭᠡ ᠲᠡᠨᠳᠡ ᠬᠦᠷᠬᠦ᠎ᠶᠢ ᠬᠥᠳᠡᠯᠦᠩᠭᠦᠢ᠎ᠪᠡᠷ ᠪᠡᠶᠡᠯᠡᠭᠦᠯᠪᠡ; ᠬᠢᠩᠭᠠᠨ ᠠᠢᠮᠠᠭ ᠠᠵᠢᠯ᠎ᠤᠨ ᠵᠦᠭᠯᠡᠭᠦᠷ᠎ᠲᠣᠭᠲᠠᠭᠠᠵᠤ᠂ ᠨᠥᠬᠥᠷᠰᠡᠭ ᠲᠠᠯᠠᠪᠤᠷ᠎ᠤᠨ ᠪᠠᠢᠭᠤᠯᠤᠯᠲᠠ᠎ᠶᠢᠨ ᠵᠠᠮ᠎ᠢ ᠲᠣᠳᠣᠷᠬᠠᠢᠯᠠᠪᠠ; ᠤᠯᠠᠭᠠᠨᠴᠠᠪ ᠬᠣᠲᠠ ᠪᠦᠲᠦᠭᠡᠨ ᠪᠠᠢᠭᠤᠯᠤᠯᠲᠠ᠎ᠶᠢᠨ ᠭᠠᠷ ᠳᠡᠪᠲᠡᠷ ᠨᠠᠢᠷᠠᠭᠤᠯᠤᠨ ᠵᠣᠬᠢᠶᠠᠵᠤ᠂ ᠵᠢᠭ᠍ᠰᠠᠭᠠᠯ᠎ᠤᠨ ᠭᠠᠵᠠᠷ᠎ᠤᠨ ᠠᠰᠢᠭ᠍ᠯᠠᠯᠲᠠ᠎ᠶᠢᠨ ᠨᠣᠷᠮ᠎ᠠ᠎ᠶᠢ ᠳᠡᠭᠡᠭᠰᠢᠯᠡᠭᠦᠯᠪᠡ; ᠤᠯᠠᠭᠠᠨᠬᠠᠳᠠ ᠬᠣᠲᠠ ᠰᠢᠨ᠎ᠡ ᠠᠵᠢᠯ ᠤᠯᠭᠤᠯᠲᠠ ᠢ᠋ᠢᠨ ᠪᠦᠯᠬᠦᠮ ᠨᠡᠢᠲᠡ ᠢ᠋ᠢᠨ ᠬᠣᠭᠣᠯᠠ ᠢᠳᠡᠬᠦ᠎ᠳᠦ ᠬᠦᠴᠢᠷᠲᠡᠢ ᠪᠠᠢᠬᠤ ᠠᠰᠠᠭᠤᠳᠠᠯ᠎ᠳᠤ ᠴᠢᠭᠯᠡᠭᠦᠯᠦᠨ᠂ ᠢᠳᠡᠭᠡᠨ ᠤᠮᠳᠠᠭᠠᠨ᠎ᠤ ᠳᠡᠯᠭᠡᠭᠦᠷ᠎ᠲᠠᠢ ᠵᠣᠬᠢᠴᠠᠭᠤᠯᠤᠨ 《ᠲᠦᠷᠬᠡᠨ ᠬᠦᠷᠬᠡᠭᠴᠢ ᠢ᠋ᠢᠨ ᠲᠤᠰᠬᠠᠢ ᠬᠤᠭᠤᠯᠠ》 ᠭᠠᠷᠭᠠᠪᠠ; ᠪᠠᠶᠠᠨᠨᠠᠭᠤᠷ ᠬᠤᠳᠠ ᠰᠢᠨ᠎ᠡ ᠠᠵᠢᠯ ᠤᠯᠭᠤᠯᠲᠠ ᠢ᠋ᠢᠨ ᠪᠦᠯᠬᠦᠮ ᠨᠡᠢᠲᠡ᠎ᠳᠤ 600 ᠭᠠᠷᠤᠢ ᠮᠠᠰᠢᠨ ᠲᠡᠷᠭᠡᠨ᠎ᠦ ᠲᠦᠷ ᠵᠣᠭᠰᠣᠬᠤ ᠭᠠᠵᠠᠷ ᠭᠠᠷᠭᠠᠵᠤ᠂ ᠲᠡᠷᠭᠡ ᠵᠣᠭᠰᠣᠬᠤ᠎ᠳᠤ ᠬᠦᠴᠢᠷ ᠠᠰᠠᠭᠤᠳᠠᠯ᠎ᠢ ᠰᠢᠢᠳᠪᠦᠷᠢᠯᠡᠪᠡ; ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠢᠯ ᠲᠦᠷᠦᠯ᠎ᠦᠨ ᠨᠠᠮ᠎ᠤᠨ ᠬᠣᠷᠢᠶ᠎ᠠ 12328 ᠬᠠᠯᠠᠮᠰᠢᠯ ᠤᠲᠠᠰᠤ ᠢ᠋ᠢᠨ ᠭᠦᠢᠴᠡᠳᠬᠡᠬᠦ ᠶᠠᠪᠤᠴᠠ᠎ᠶᠢ ᠰᠢᠯᠢᠳᠡᠭᠵᠢᠭᠦᠯᠬᠦ᠎ᠶᠢᠨ ᠬᠠᠮᠲᠤ 39 《ᠵᠢᠯᠣᠭᠣᠴᠢ᠎ᠶᠢᠨ ᠭᠡᠷ》 ᠪᠠ 14 《ᠵᠢᠯᠣᠭᠣᠴᠢ᠎ᠶᠢᠨ ᠦᠷᠲᠡᠭᠡ》 ᠶ᠋ᠢ ᠪᠠᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号