ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠤᠲᠠ ᠬᠥᠳᠡᠭᠡ ᠶ᠋ᠢᠨ ᠪᠦᠲᠦᠭᠡᠨ ᠪᠠᠢᠭᠤᠯᠤᠯᠲᠠ ᠶ᠋ᠢᠨ ᠲᠢᠩᠬᠢᠮ ᠡᠴᠡ ᠤᠢ᠍ᠢᠯᠠᠭᠠᠭ᠍ᠰᠠᠨ ᠢ᠋ᠶ᠋ᠡᠷ᠂ ᠥᠪᠥᠷ ᠮᠣᠩᠭᠣᠯ 5 ᠬᠤᠲᠠ ᠪᠠᠯᠭᠠᠰᠤᠨ ᠤ᠋ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠢ᠋ ᠪᠡᠶ᠎ᠡ ᠪᠠᠨ ᠳᠠᠭᠠᠭᠠᠵᠤ ᠥᠭᠡᠷᠡᠴᠢᠯᠡᠨ ᠰᠢᠨᠡᠳᠭᠡᠬᠦ ᠲᠤᠷᠱᠢᠯᠲᠠ ᠶ᠋ᠢᠨ ᠴᠡᠭ ᠤ᠋ᠨ ᠲᠦᠷᠦᠯ ᠵᠦᠢᠯ ᠢ᠋ ᠶᠠᠭ ᠡᠮᠬᠢ ᠵᠢᠷᠤᠮ ᠲᠠᠢ ᠠᠬᠢᠭᠤᠯᠵᠤ ᠪᠠᠢᠨ᠎ᠠ᠃ ᠣᠳᠣᠬᠠᠨ ᠪᠣᠯᠲᠠᠯ᠎ᠠ ᠪᠤᠭᠤᠲᠤ ᠬᠤᠳᠠ ᠶ᠋ᠢᠨ ᠳ᠋ᠦᠩ ᠾᠧ ᠲᠣᠭᠣᠷᠢᠭ ᠤ᠋ᠨ ᠲᠦᠷᠦᠯ ᠵᠦᠢᠯ ᠤ᠋ᠨ ᠠᠰᠠᠷ ᠢ᠋ ᠨᠢᠭᠡᠨᠲᠡ ᠠᠳᠠᠭᠠᠷᠯᠠᠵᠤ᠂ ᠬᠥᠬᠡᠬᠣᠲᠠ ᠶ᠋ᠢᠨ ᠬᠣᠲᠣᠩ ᠠᠷᠠᠳ ᠤ᠋ᠨ ᠲᠣᠭᠣᠷᠢᠭ ᠤ᠋ᠨ ᠲᠦᠷᠦᠯ ᠵᠦᠢᠯ ᠤ᠋ᠨ ᠠᠶᠤᠯᠲᠠᠢ ᠠᠰᠠᠷ ᠢ᠋ ᠨᠢᠭᠡᠨᠲᠡ ᠨᠤᠷᠠᠭᠠᠵᠤ᠂ ᠬᠢᠩᠭᠠᠨ ᠠᠢᠮᠠᠭ ᠤ᠋ᠨ ᠤᠯᠠᠭᠠᠨᠬᠣᠲᠠ ᠶ᠋ᠢᠨ ᠲᠦᠷᠦᠯ ᠵᠦᠢᠯ᠂ ᠤᠯᠠᠭᠠᠨᠬᠠᠳᠠ ᠬᠤᠳᠠ ᠶ᠋ᠢᠨ ᠬᠤᠩᠱᠠᠨ ᠲᠣᠭᠣᠷᠢᠭ ᠤ᠋ᠨ ᠲᠦᠷᠦᠯ ᠵᠦᠢᠯ᠂ ᠤᠷᠳᠤᠰ ᠬᠤᠳᠠ ᠶ᠋ᠢᠨ ᠳ᠋ᠦᠩᠱᠧᠩ ᠲᠣᠭᠣᠷᠢᠭ ᠤ᠋ᠨ ᠲᠦᠷᠦᠯ ᠵᠦᠢᠯ ᠵᠡᠷᠭᠡ 3 ᠲᠦᠷᠦᠯ ᠵᠦᠢᠯᠳᠦ ᠰᠠᠭᠤᠭᠠᠯᠢ ᠠᠷᠠᠳ ᠤ᠋ᠨ ᠰᠠᠨᠠᠯ ᠰᠠᠨᠠᠭᠤᠯᠭᠠᠵᠢ ᠬᠤᠷᠢᠶᠠᠬᠤ᠂ ᠲᠥᠰᠦᠯ ᠢ᠋ ᠱᠢᠨᠡᠳᠭᠡᠬᠦ᠌ ᠵᠡᠷᠭᠡ ᠡᠮᠦᠨᠡᠬᠢ ᠬᠤᠭᠤᠴᠠᠭᠠᠨ ᠤ᠋ ᠭᠠᠷᠳᠠᠮ ᠬᠢᠵᠦ᠍ ᠪᠤᠢ᠃
2025 ᠣᠨ ᠤ᠋ 5 ᠰᠠᠷ᠎ᠠ ᠶ᠋ᠢᠨ 2 ᠤ᠋ᠨ ᠡᠳᠦᠷ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶ᠎ᠠ ᠵᠢᠨ ᠠᠯᠪᠠᠨ ᠲᠢᠩᠬᠢᠮ᠂ ᠲᠥᠷᠥ ᠶ᠋ᠢᠨ ᠶᠠᠪᠤᠳᠠᠯ ᠤ᠋ᠨ ᠬᠣᠷᠢᠶ᠎ᠠ ᠵᠢᠨ ᠠᠯᠪᠠᠨ ᠲᠢᠩᠬᠢᠮ ᠬᠠᠮᠲᠤᠷᠠᠨ 《ᠬᠣᠲᠠ ᠵᠢ ᠱᠢᠨᠡᠳᠭᠡᠬᠦ᠌ ᠠᠵᠢᠯᠯᠠᠭ᠎ᠠ ᠵᠢ ᠦᠷᠭᠦᠯᠵᠢᠯᠡᠨ ᠠᠬᠢᠭᠤᠯᠬᠤ ᠲᠤᠬᠠᠶ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠠᠶᠤᠯᠲᠠᠶ ᠣᠷᠣᠨ ᠰᠠᠭᠤᠴᠠ ᠵᠢ ᠥᠭᠡᠷᠡᠴᠢᠯᠡᠨ ᠵᠠᠰᠠᠬᠤ᠂ ᠬᠣᠲᠠ ᠪᠠᠯᠭᠠᠰᠤᠨ ᠤ᠋ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠢ᠋ ᠴᠡᠭ᠌ᠴᠡᠯᠡᠨ ᠵᠠᠰᠠᠬᠤ᠂ ᠬᠣᠲᠠ ᠳᠣᠲᠣᠷᠠᠬᠢ ᠲᠣᠰᠭᠣᠨ ᠵᠡᠷᠭᠡ ᠵᠢ ᠱᠢᠨᠡᠳᠭᠡᠨ ᠵᠠᠰᠠᠬᠤ ᠵᠢ ᠯᠠᠪᠳᠠᠭᠤᠨ ᠢ᠋ᠶ᠋ᠡᠷ ᠠᠬᠢᠭᠤᠯᠬᠤ ᠬᠡᠷᠡᠭ᠌ᠲᠡᠶ ᠭᠡᠵᠦ᠍ ᠲᠣᠳᠣᠷᠬᠠᠶ ᠳᠤᠷᠠᠳᠤᠨ ᠭᠠᠷᠭᠠᠪᠠ᠃ 8 ᠰᠠᠷ᠎ᠠ ᠶ᠋ᠢᠨ 15 ᠤ᠋ ᠡᠳᠦᠷ᠂ 《ᠬᠣᠲᠠ ᠶ᠋ᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠤᠬᠠᠶ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶ᠎ᠠ᠂ ᠲᠥᠷᠥ ᠶ᠋ᠢᠨ ᠶᠠᠪᠤᠳᠠᠯ ᠤ᠋ᠨ ᠬᠣᠷᠢᠶ᠎ᠠ ᠵᠢᠨ ᠰᠠᠨᠠᠯ》 ᠢ᠋ ᠳᠠᠷᠤᠮᠠᠯᠯᠠᠨ ᠲᠠᠷᠬᠠᠭᠠᠵᠤ᠂ 《ᠬᠠᠭᠤᠴᠢᠨ ᠣᠷᠣᠨ ᠰᠠᠭᠤᠴᠠ ᠵᠢ ᠪᠡᠶ᠎ᠡ ᠪᠠᠨ ᠳᠠᠭᠠᠭᠠᠵᠤ ᠱᠢᠨᠡᠳᠭᠡᠬᠦ᠌᠂ ᠣᠭ ᠭᠠᠵᠠᠷ ᠲᠤᠨᠢ ᠨᠤᠷᠠᠭᠠᠵᠤ ᠤᠭ ᠭᠠᠵᠠᠷ ᠲᠤᠨᠢ ᠪᠦᠲᠦᠭᠡᠨ ᠪᠠᠢᠭᠤᠯᠬᠤ ᠵᠢ ᠳᠡᠮᠵᠢᠬᠦ᠌》 ᠵᠢ ᠲᠣᠳᠣᠷᠬᠠᠶ ᠳᠤᠷᠠᠳᠤᠭ᠍ᠰᠠᠨ ᠪᠥᠭᠡᠳ ᠲᠡᠭᠦᠨ ᠢ᠋ 《ᠰᠠᠢᠨ ᠤᠷᠤᠨ ᠰᠠᠭᠤᠴᠠ》 ᠪᠠ ᠪᠦᠷᠢᠨ ᠪᠦᠲᠦᠨ ᠨᠡᠢᠭᠡᠮ ᠲᠣᠭᠣᠷᠢᠭ ᠤ᠋ᠨ ᠪᠥᠲᠥᠭᠡᠨ ᠪᠠᠢᠭᠤᠯᠤᠯᠲᠠ ᠵᠢ ᠱᠢᠰᠲ᠋ᠧᠮ ᠲᠠᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠪᠠ᠃
ᠡᠨᠡ ᠵᠢᠯ ᠤ᠋ᠨ ᠡᠬᠢᠨ ᠳ᠋ᠤ ᠥᠪᠥᠷ ᠮᠣᠩᠭᠣᠯ 5 ᠬᠣᠲᠠ ᠪᠠᠯᠭᠠᠰᠤᠨ ᠤ᠋ ᠬᠠᠭᠤᠴᠢᠨ ᠰᠠᠭᠤᠭᠠᠯᠢ ᠲᠣᠭᠣᠷᠢᠭ ᠢ᠋ ᠪᠡᠶ᠎ᠡ ᠪᠠᠨ ᠳᠠᠭᠠᠭᠠᠵᠤ ᠥᠭᠡᠷᠡᠴᠢᠯᠡᠨ ᠰᠢᠨᠡᠳᠭᠡᠬᠦ ᠲᠤᠷᠱᠢᠯᠲᠠ ᠶ᠋ᠢᠨ ᠲᠥᠷᠥᠯ ᠵᠦᠶ᠋ᠯ ᠢ᠋ ᠲᠣᠭ᠍ᠲᠠᠭᠠᠵᠤ᠂ ᠬᠠᠮᠢᠶ᠎ᠠ ᠪᠥᠬᠥᠶ ᠠᠢᠮᠠᠭ ᠬᠣᠲᠠ ᠣᠯᠠᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭ᠌ᠯᠡᠨ ᠲᠤᠷᠱᠢᠯᠲᠠ ᠶ᠋ᠢᠨ ᠴᠡᠭ ᠤ᠋ᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠪᠠ᠃ ᠪᠤᠭᠤᠲᠤ ᠬᠣᠲᠠᠵᠢᠨ ᠬᠢᠨ ᠠᠵᠢᠯ ᠤ᠋ᠨ ᠠᠷᠭ᠎ᠠ ᠬᠡᠯᠪᠡᠷᠢ ᠪᠠᠨ ᠰᠢᠨᠠᠴᠢᠯᠠᠵᠤ᠂ ᠳ᠋ᠦᠩ ᠾᠧ ᠲᠣᠭᠣᠷᠢᠭ ᠤ᠋ᠨ ᠲᠦᠷᠦᠯ ᠵᠦᠢᠯ ᠤ᠋ᠨ ᠠᠰᠠᠷ ᠲᠦ᠍ ᠰᠠᠭᠤᠵᠤ ᠪᠠᠢᠭ᠎ᠠ 156 ᠡᠷᠦᠬᠡ ᠰᠠᠭᠤᠭᠠᠯᠢ ᠠᠷᠠᠳ ᠢ᠋ ᠥᠭᠡᠷᠡᠴᠢᠯᠡᠨ ᠱᠢᠨᠡᠳᠭᠡᠬᠦ᠌ ᠭᠤᠤᠯ ᠤᠳᠤᠷᠢᠳᠤᠬᠴᠢ ᠪᠣᠯᠭᠠᠵᠦ᠂ ᠲᠥᠷᠥᠯ ᠵᠦᠶ᠋ᠯ ᠢ᠋ ᠡᠬᠢᠯᠡᠭᠦᠯᠬᠦ᠌ ᠱᠠᠲᠤᠨ ᠳ᠋ᠤ ᠰᠠᠭᠤᠭᠠᠯᠢ ᠠᠷᠠᠳ ᠡᠴᠡ 《ᠥᠭᠡᠷᠡᠴᠢᠯᠡᠨ ᠰᠢᠨᠡᠳᠭᠡᠬᠦ ᠡᠰᠡᠬᠦ》 ᠵᠢ ᠲᠤᠬᠲᠠᠭᠠᠵᠤ᠂ ᠲᠥᠰᠦᠯ ᠲᠣᠭ᠍ᠲᠠᠭᠠᠬᠤ ᠱᠠᠲᠤᠨ ᠳ᠋ᠤ ᠰᠠᠭᠤᠭᠠᠯᠢ ᠠᠷᠠᠳ ᠢ᠋ 《ᠶᠠᠭᠠᠬᠢᠵᠤ ᠥᠭᠡᠷᠡᠴᠢᠯᠡᠬᠦ᠌》 ᠳ᠋ᠤ ᠤᠷᠤᠯᠴᠠᠭᠤᠯᠵᠤ᠂ ᠪᠠᠷᠢᠯᠭ᠎ᠠ ᠪᠠᠷᠢᠬᠤ ᠵᠢ ᠠᠬᠢᠭᠤᠯᠬᠤ ᠱᠠᠲᠤᠨ ᠳ᠋ᠤ ᠰᠠᠭᠤᠭᠠᠯᠢ ᠠᠷᠠᠳ ᠤ᠋ᠨ ᠬᠢᠨᠠᠯᠲᠠ ᠵᠢ 《ᠪᠣᠳᠠᠲᠠᠢᠵᠢᠭᠤᠯᠵᠤ》᠂ ᠰᠠᠭᠤᠭᠠᠯᠢ ᠠᠷᠠᠳ ᠤ᠋ᠨ ᠬᠦᠰᠡᠯ ᠡᠷᠡᠮᠡᠯᠵᠡᠯ ᠢ᠋ ᠱᠢᠢᠳᠪᠦᠷᠢᠲᠦ ᠪᠤᠳᠤᠯᠭ᠎ᠠ᠂ ᠪᠦᠳᠦᠭᠡᠨ ᠪᠠᠢᠭᠤᠯᠤᠯᠲᠠ᠂ ᠬᠠᠮᠢᠶᠠᠷᠤᠯᠲᠠ ᠶ᠋ᠢᠨ ᠪᠦᠬᠦ᠌ ᠶᠠᠪᠤᠴᠠ ᠳ᠋ᠤ ᠦᠨᠡᠨ ᠬᠦ᠌ ᠲᠤᠭᠤᠱᠢᠯᠠᠭᠤᠯᠪᠠ᠃
《ᠪᠢᠳᠡ ᠬᠣᠯᠪᠣᠭ᠍ᠳᠠᠯ ᠪᠥᠬᠥᠶ ᠠᠢᠮᠠᠭ ᠬᠣᠲᠠ ᠵᠢ ᠲᠥᠷᠥᠯ ᠵᠦᠶ᠋ᠯ ᠢ᠋ ᠬᠡᠷᠡᠭ᠌ᠵᠢᠭᠦᠯᠬᠦ᠌ ᠠᠬᠢᠴᠠ ᠪᠠᠨ ᠲᠦᠷᠭᠡᠳᠭᠡᠵᠦ᠍᠂ 2025 ᠣᠨ ᠤ᠋ ᠵᠢᠯ ᠤ᠋ᠨ ᠰᠡᠭᠦᠯᠴᠢ ᠡᠴᠡ ᠡᠮᠦᠨ᠎ᠡ ᠵᠣᠬᠢᠬᠤ ᠢᠨᠵᠧᠨᠧᠷᠢᠩ ᠤ᠋ᠨ ᠬᠡᠮᠵᠢᠶ᠎ᠡ ᠵᠢ ᠪᠡᠶᠡᠯᠡᠭᠦᠯᠵᠦ᠂ 2026 ᠣᠨ ᠤ᠋ ᠵᠢᠯ ᠤ᠋ᠨ ᠰᠡᠭᠦᠯᠴᠢ ᠡᠴᠡ ᠡᠮᠦᠨ᠎ᠡ ᠥᠭᠡᠷᠡᠴᠢᠯᠡᠨ ᠰᠢᠨᠡᠳᠭᠡᠬᠦ ᠠᠵᠢᠯ ᠢ᠋ ᠳᠠᠭᠤᠰᠬᠠᠬᠤ ᠵᠢ ᠱᠠᠭᠠᠷᠳᠠᠵᠤ ᠪᠠᠢᠨ᠎ᠠ》 ᠭᠡᠵᠦ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠲᠢᠩᠬᠢᠮ ᠤ᠋ᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃