2025 ᠣᠨ ᠡᠴᠡ ᠨᠠᠭᠠᠰᠢ᠂ ᠥᠪᠥᠷ ᠮᠣᠩᠭᠣᠯ ᠤ᠋ᠨ ᠡᠯᠡ ᠱᠠᠲᠤᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠰᠠᠯᠠᠭᠠ ᠮᠥᠴᠢᠷᠦᠳ ᠠᠵᠢᠯ ᠲᠥᠷᠥᠯᠦᠨ ᠬᠠᠮᠢᠶᠠᠷᠤᠯᠲᠠ ᠶ᠋ᠢᠨ ᠬᠠᠷᠢᠭᠤᠴᠠᠯᠭᠠ ᠪᠠ ᠲᠦᠶ᠋ᠮᠡᠷ ᠢ᠋ ᠰᠡᠷᠭᠡᠢᠯᠡᠬᠦ᠌ ᠠᠷᠭᠠ ᠬᠡᠮᠵᠢᠶᠡ ᠶ᠋ᠢ ᠴᠢᠩᠭᠠ ᠨᠠᠢᠳᠠᠪᠤᠷᠢᠵᠢᠭᠤᠯᠵᠤ᠂ ᠬᠠᠪᠤᠷ ᠨᠠᠮᠤᠷ ᠤ᠋ᠨ ᠤᠯᠠᠷᠢᠯ ᠤ᠋ᠨ ᠲᠦᠶ᠋ᠮᠡᠷ ᠢ᠋ ᠰᠡᠷᠭᠡᠢᠯᠡᠬᠦ᠌ ᠬᠤᠭᠤᠴᠠᠭᠠᠨ ᠳ᠋ᠤ ᠵᠤᠷᠢᠭᠤᠳᠠ ᠵᠢᠨ ᠣᠶ ᠱᠢᠭᠤᠶ ᠪᠠ ᠨᠤᠲᠤᠭ ᠪᠡᠯᠴᠢᠭᠡᠷᠦᠨ ᠲᠦᠶ᠋ᠮᠡᠷ ᠭᠠᠷᠬᠤ ᠦᠭᠡᠢ ᠪᠠᠢᠬᠤ ᠶ᠋ᠢ ᠪᠡᠶᠡᠯᠡᠭᠦᠯᠵᠦ᠂ ᠣᠶ ᠱᠢᠭᠤᠶ ᠪᠠ ᠨᠤᠲᠤᠭ ᠪᠡᠯᠴᠢᠭᠡᠷᠦᠨ ᠡᠬᠢ ᠪᠠᠶᠠᠯᠢᠭ ᠪᠠ ᠠᠷᠠᠳ ᠲᠦᠮᠡᠨᠦ ᠠᠮᠢ ᠨᠠᠰᠤ ᠡᠳ᠋ ᠬᠥᠷᠥᠩᠭᠡ ᠶ᠋ᠢᠨ ᠠᠮᠤᠷ ᠲᠦᠪᠱᠢᠨ ᠢ᠋ ᠪᠦᠲᠦᠮᠵᠢᠲᠡᠶ ᠬᠠᠮᠠᠭᠠᠯᠠᠪᠠ᠃
ᠥᠪᠥᠷ ᠮᠣᠩᠭᠣᠯ ᠣᠶ ᠱᠢᠭᠤᠶ ᠪᠠ ᠨᠤᠲᠤᠭ ᠪᠡᠯᠴᠢᠭᠡᠷᠦᠨ ᠲᠦᠢᠮᠡᠷ ᠰᠡᠷᠭᠡᠢᠯᠡᠬᠦ᠌ ᠠᠵᠢᠯ ᠤ᠋ᠨ 《ᠬᠤᠤᠰ ᠲᠤᠤᠷᠵᠢᠭᠤᠯᠤᠭ᠍ᠰᠠᠨ》 ᠬᠠᠮᠢᠶᠠᠷᠤᠯᠲᠠ ᠶ᠋ᠢ ᠴᠢᠩᠭᠠ ᠨᠠᠢᠳᠠᠪᠤᠷᠢᠵᠢᠭᠤᠯᠵᠤ᠂ ᠡᠯᠡ ᠱᠠᠲᠤᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠲᠦᠢᠮᠡᠷ ᠰᠡᠷᠭᠡᠢᠯᠡᠬᠦ᠌ ᠠᠵᠢᠯ ᠤ᠋ᠨ ᠲᠤᠤᠷᠵᠢᠭᠤᠯᠤᠭ᠍ᠰᠠᠨ ᠠᠵᠢᠯ ᠤ᠋ᠨ ᠬᠠᠷᠢᠭᠤᠴᠠᠯᠭᠠ ᠪᠠ ᠡᠵᠡᠩᠨᠡᠯᠲᠡ ᠶ᠋ᠢᠨ ᠨᠢᠭᠡᠴᠢ ᠶ᠋ᠢᠨ ᠭᠤᠤᠯ ᠴᠣᠭ᠍ᠴᠠ ᠶ᠋ᠢᠨ ᠬᠠᠷᠢᠭᠤᠴᠠᠯᠭᠠ ᠶ᠋ᠢ ᠱᠠᠲᠤ ᠱᠠᠲᠤ ᠪᠡᠷ ᠪᠣᠳᠠᠲᠠᠢᠵᠢᠭᠤᠯᠤᠨ᠂ ᠪᠥᠬᠥ᠌ ᠣᠷᠣᠨ ᠳ᠋ᠤ ᠢᠳᠡᠪᠬᠢᠲᠡᠶ ᠳᠡᠯᠭᠡᠷᠡᠭᠦᠯᠦᠨ ᠨᠠᠢᠳᠠᠪᠤᠷᠢᠵᠢᠭᠤᠯᠵᠤ᠂ ᠲᠤᠤᠷᠵᠢᠭᠤᠯᠤᠭ᠍ᠰᠠᠨ ᠬᠠᠮᠢᠶᠠᠷᠤᠯᠲᠠ ᠶ᠋ᠢᠨ ᠬᠠᠷᠢᠭᠤᠴᠠᠯᠭᠠ ᠶ᠋ᠢᠨ ᠲᠣᠭ᠍ᠲᠠᠴᠠ ᠶ᠋ᠢ ᠤᠯᠠᠮ ᠨᠢᠭᠡ ᠠᠯᠬᠤᠮ ᠪᠦᠷᠢᠨᠱᠢᠭᠦᠯᠵᠦ᠍᠂ ᠣᠶ ᠱᠢᠭᠤᠶ ᠪᠠ ᠨᠤᠲᠤᠭ ᠪᠡᠯᠴᠢᠭᠡᠷᠦᠨ ᠲᠦᠢᠮᠡᠷ ᠰᠡᠷᠭᠡᠢᠯᠡᠬᠦ᠌ ᠠᠵᠢᠯ ᠤ᠋ᠨ ᠬᠠᠷᠢᠭᠤᠴᠠᠯᠭᠠ ᠶ᠋ᠢᠨ ᠣᠷᠣᠨ ᠢ᠋ ᠴᠢᠩᠭᠠ ᠬᠤᠪᠢᠶᠠᠷᠢᠯᠠᠨ᠂ ᠲᠦᠢᠮᠡᠷ ᠰᠡᠷᠭᠡᠢᠯᠡᠬᠦ᠌ ᠠᠵᠢᠯ ᠤ᠋ᠨ ᠠᠵᠢᠯᠲᠠᠨ ᠤ᠋ ᠬᠠᠷᠢᠭᠤᠴᠠᠯᠭᠠ ᠶ᠋ᠢ ᠪᠣᠳᠠᠲᠠᠢᠵᠢᠭᠤᠯᠤᠭᠰᠠᠨ ᠪᠠᠢᠨᠠ᠃
ᠲᠦᠢᠮᠡᠷ ᠰᠡᠷᠭᠡᠢᠯᠡᠬᠦ᠌ ᠬᠤᠭᠤᠴᠠᠭᠠᠨ ᠳ᠋ᠤ ᠥᠪᠥᠷ ᠮᠣᠩᠭᠣᠯ ᠤ᠋ᠨ ᠡᠯᠡ ᠱᠠᠲᠤᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠰᠠᠯᠠᠭᠠ ᠮᠥᠴᠢᠷᠦᠳ 24 ᠴᠠᠭ ᠤ᠋ᠨ ᠲᠦᠢᠮᠡᠷ ᠰᠡᠷᠭᠡᠢᠯᠡᠬᠦ᠌ ᠵᠢᠵᠢᠭᠦᠷ ᠪᠠ ᠤᠳᠤᠷᠢᠳᠤᠯᠭᠠᠨᠠᠷ ᠳᠠᠭᠠᠭᠤᠯᠤᠨ ᠵᠢᠵᠢᠭᠦᠷᠯᠡᠬᠦ ᠲᠦᠷᠢᠮ ᠢ᠋ ᠴᠢᠩᠭᠠ ᠬᠡᠷᠡᠭ᠌ᠵᠢᠭᠦᠯᠪᠡ᠃ 2025 ᠣᠨ ᠳ᠋ᠤ ᠬᠥᠯᠥᠨ ᠪᠣᠢᠷ ᠬᠣᠲᠠ᠂ ᠲᠦᠩᠯᠢᠶᠣᠤ ᠬᠣᠲᠠ᠂ ᠤᠯᠠᠭᠠᠨᠬᠠᠳᠠ ᠬᠣᠲᠠ ᠵᠡᠷᠭᠡ 10 ᠭᠠᠵᠠᠷ ᠣᠷᠣᠨ ᠳ᠋ᠤ ᠨᠢᠰᠭᠡᠯ ᠵᠢᠡᠷ ᠣᠶ ᠱᠢᠭᠤᠶ ᠶ᠋ᠢ ᠬᠠᠮᠠᠭᠠᠯᠠᠬᠤ ᠠᠵᠢᠯ ᠢ᠋ ᠥᠷᠨᠢᠭᠦᠯᠵᠦ᠍᠂ ᠡᠯᠡ ᠭᠤᠤᠯᠳᠠᠯᠭᠠᠲᠠᠶ ᠲᠦᠢᠮᠡᠷ ᠰᠡᠷᠭᠡᠢᠯᠡᠬᠦ᠌ ᠣᠷᠣᠨ ᠪᠦᠰᠡ ᠶ᠋ᠢ ᠨᠡᠢᠳᠡᠮ ᠪᠥᠷᠬᠥᠭᠦᠯᠵᠦ᠍᠂ ᠨᠡᠢᠲᠡ 4000 ᠭᠠᠷᠤᠶ ᠴᠠᠭ ᠲᠣᠭᠣᠷᠢᠨ ᠬᠠᠮᠠᠭᠠᠯᠠᠵᠤ᠂ ᠲᠦᠢᠮᠡᠷ ᠤ᠋ᠨ ᠪᠠᠢᠳᠠᠯ ᠢ᠋ ᠡᠷᠲᠡ ᠢᠯᠡᠷᠡᠭᠦᠯᠵᠦ᠍᠂ ᠡᠷᠲᠡ ᠱᠢᠶ᠋ᠳᠪᠦᠷᠢᠯᠡᠬᠦ᠌ ᠶ᠋ᠢ ᠦᠨᠡᠨ ᠬᠦ᠌ ᠪᠠᠲᠤᠯᠠᠪᠠ᠃ ᠡᠭᠦᠨᠦ ᠬᠠᠮᠲᠤ ᠨᠢᠰᠭᠡᠯ ᠵᠢᠡᠷ ᠲᠣᠭᠣᠷᠢᠨ ᠬᠠᠮᠠᠭᠠᠯᠠᠬᠤ ᠪᠠ ᠭᠠᠵᠠᠷ ᠳᠡᠭᠡᠷᠡᠡᠴᠡ ᠪᠠᠷᠠᠯᠠᠬᠤ ᠶ᠋ᠢ ᠬᠠᠷᠢᠯᠴᠠᠨ ᠤᠶᠠᠯᠳᠤᠭᠤᠯᠵᠤ᠂ ᠤᠷᠢᠳᠴᠢᠯᠠᠨ ᠰᠡᠷᠭᠡᠢᠯᠡᠬᠦ᠌ ᠠᠵᠢᠯ ᠤ᠋ᠨ ᠳᠤᠮᠳᠠ ᠢᠯᠡᠳᠲᠡ ᠦᠷᠡ ᠪᠦᠲᠦᠮᠵᠢ ᠣᠯᠪᠠ᠃