2.75 ᠳ᠋ᠦᠩᠱᠢᠭᠤᠷ ᠮᠥ᠍ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠦ ᠠᠮᠢᠳᠤ ᠪᠣᠳᠠᠰ ᠢ᠋ ᠰᠡᠷᠭᠡᠢᠯᠡᠨ ᠵᠠᠰᠠᠯᠲᠠ ᠶ᠋ᠢ ᠪᠡᠶᠡᠯᠡᠭᠦᠯᠪᠡ
2025-12-08 15:07:20
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠨᠡᠢᠲᠡ 2.75 ᠳ᠋ᠦᠩᠱᠢᠭᠤᠷ ᠮᠥ᠍ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠦ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠶ᠋ᠢ ᠪᠡᠶᠡᠯᠡᠭᠦᠯᠪᠡ᠃

ᠥᠪᠥᠷ ᠮᠣᠩᠭᠣᠯ ᠶᠡᠬᠡ ᠬᠢᠩᠭᠠᠨ ᠳᠠᠪᠠᠭ᠎ᠠ ᠵᠢᠨ ᠱᠢᠭᠤᠢᠲᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠭᠠᠯ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠵᠢᠱ᠌ᠢᠶ᠎ᠡ ᠦᠵᠡᠭᠦᠯᠬᠦ᠌ ᠲᠣᠭᠣᠷᠢᠭ ᠤ᠋ᠨ ᠪᠥᠲᠥᠭᠡᠨ ᠪᠠᠢᠭᠤᠯᠤᠯᠲᠠ ᠶ᠋ᠢ ᠪᠥᠬᠥ᠌ ᠬᠦᠴᠦᠨ ᠵᠢᠡᠷ ᠵᠢᠡᠨ ᠠᠬᠢᠭᠤᠯᠵᠤ᠂ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠴᠢᠳᠠᠪᠤᠷᠢ ᠪᠡᠨ ᠴᠢᠷᠮᠠᠢᠨ ᠳᠡᠭᠡᠭ᠌ᠰᠢᠯᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠤ᠋ᠨ ᠵᠤᠷᠢᠭᠤᠳᠠ ᠎ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠭᠠᠷᠬᠤ ᠨᠣᠷᠮ᠎ᠠ ᠦᠷᠭᠦᠯᠵᠢᠯᠡᠨ ᠪᠠᠭᠤᠷᠠᠵᠤ᠂ ᠲᠡᠦᠬᠡ ᠵᠢᠨ ᠱᠢᠨ᠎ᠡ ᠲᠡᠮᠳᠡᠭ᠌ᠯᠡᠯ ᠢ᠋ ᠡᠭᠦᠳᠴᠠᠢ᠃ ᠡᠭᠦᠨ᠎ᠦ ᠬᠠᠮᠲᠤ᠂ ᠥᠪᠥᠷ ᠮᠣᠩᠭᠣᠯ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠦᠨᠳᠦ ᠶᠡᠬᠡ ᠬᠥᠨᠥᠭᠡᠯᠲᠤ ᠠᠮᠢᠳᠤ ᠪᠣᠳᠠᠰ ᠤ᠋ᠨ ᠵᠠᠰᠠᠯᠲᠠ ᠶ᠋ᠢ ᠴᠢᠩᠭᠠᠳᠭᠠᠬᠤ ᠵᠢᠨ ᠬᠠᠮᠲᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠳᠠᠭᠠᠳᠭᠠᠯ ᠤ᠋ᠨ ᠠᠵᠢᠯ ᠢ᠋ ᠥᠷᠨᠢᠭᠦᠯᠪᠡ᠃ ᠣᠶ ᠱᠢᠭᠤᠶ ᠪᠠ ᠨᠤᠲᠤᠭ ᠪᠡᠯᠴᠢᠭᠡᠷ ᠤ᠋ᠨ ᠳᠠᠭᠠᠳᠭᠠᠯ᠎ᠳᠤ ᠣᠷᠣᠯᠴᠠᠭ᠍ᠰᠠᠨ ᠲᠠᠯᠠᠪᠠᠶ ᠶ᠋ᠢ ᠨᠡᠢᠲᠡ 15.02 ᠳ᠋ᠦᠩᠱᠢᠭᠤᠷ ᠮᠥ᠍ ᠪᠡᠶᠡᠯᠡᠭᠦᠯᠤᠨ᠂ ᠳᠠᠭᠠᠳᠭᠠᠯ ᠤ᠋ᠨ ᠰᠦᠢᠳᠭᠡᠯ ᠢ᠋ 26.74 ᠳ᠋ᠦᠩᠱᠢᠭᠤᠷ ᠲᠥᠭᠥᠷᠢᠭ ᠳᠤᠰᠢᠶᠠᠵᠤ᠂ ᠭᠠᠮᠱᠢᠭ ᠢ᠋ ᠰᠡᠷᠭᠡᠢᠯᠡᠨ ᠬᠣᠬᠢᠷᠠᠯ ᠢ᠋ ᠪᠠᠭᠠᠰᠭᠠᠬᠤ ᠠᠵᠢᠯ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号