8 ᠵᠦᠢᠯ ᠤ᠋ᠨ ᠲᠤᠰᠬᠠᠢ ᠠᠰᠢᠭ
2025-12-08 15:30:15
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠣᠢᠷ᠎ᠠ ᠵᠢᠨ ᠵᠢᠯ ᠡᠴᠡ ᠨᠠᠭᠠᠰᠢ᠂ ᠮᠧᠩ ᠼᠤᠤ ᠠᠮᠢ ᠠᠬᠤᠢ ᠤᠷᠴᠢᠨ ᠳᠤᠭᠤᠷᠢᠨ (ᠪᠦᠯᠦᠭᠯᠡᠯ) ᠤ᠋ ᠬᠤᠪᠢᠴᠠᠭᠠᠳᠤ ᠬᠢᠵᠠᠭᠠᠷᠳᠤ ᠺᠤᠮᠫᠠᠨᠢ᠎ᠵᠢᠨ ᠬᠢᠨ ᠡᠪᠡᠰᠦᠨ ᠤ᠋ ᠦᠷ᠎ᠡ ᠡᠭᠦᠯᠳᠡᠷ ᠤ᠋ᠨ ᠦᠢᠯᠡᠳᠪᠦᠷᠢᠯᠡᠯ᠂ ᠦᠢᠯᠡᠳᠬᠦᠨ ᠢ᠋ ᠰᠤᠳᠤᠯᠤᠨ ᠨᠡᠭᠡᠭᠡᠬᠦ᠂ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠂ ᠮᠠᠰᠢᠨ ᠲᠣᠨᠣᠭᠯᠠᠯ᠂ ᠦᠢᠯᠡᠴᠢᠯᠡᠭᠡᠨ ᠤ᠋ ᠪᠠᠲᠤᠯᠠᠭ᠎ᠠ ᠵᠡᠷᠭᠡ ᠣᠯᠠᠨ ᠲᠠᠯ᠎ᠠ ᠡᠴᠡ ᠭᠠᠷᠳᠠᠵᠤ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠦᠢᠯᠡᠳᠦᠯᠭᠡ ᠵᠢᠨ ᠳᠤᠮᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠢ᠋ ᠤᠨᠳᠤᠤᠰᠢᠭᠤᠯᠤᠨ ᠭᠡᠷᠡᠭᠯᠡᠵᠤ ᠲᠤᠪᠤᠢᠮ᠎ᠠ ᠦᠷ᠎ᠡ ᠠᠰᠢᠭ ᠬᠦᠷᠳᠡᠭᠰᠡᠨ ᠪᠠᠢᠨ᠎ᠠ᠃

ᠳᠤᠰ ᠺᠤᠮᠫᠠᠨᠢ ᠵᠢᠨ ᠰᠤᠳᠤᠯᠤᠨ ᠦᠢᠯᠡᠳᠦᠭᠰᠡᠨ 《ᠠᠮᠢ ᠠᠬᠤᠢ ᠵᠢᠨ ᠳᠤᠰᠬᠠᠢ ᠨᠠᠢᠷᠠᠯᠭ᠎ᠠ ᠲᠠᠢ ᠡᠪᠡᠰᠤᠨ ᠦᠷ᠎ᠡ》 ᠶ᠋ᠢᠨ ᠬᠡᠷᠡᠭᠯᠡᠯᠲᠡ ᠨᠢ ᠦᠷ᠎ᠡ ᠠᠰᠢᠭ ᠦᠨᠳᠤᠷ᠂ ᠠᠮᠢ ᠠᠬᠤᠢ ᠵᠢ ᠰᠡᠷᠭᠦᠭᠡᠬᠦ ᠳᠠᠯ᠎ᠠ ᠪᠡᠷ ᠮᠡᠳᠡᠭᠳᠡᠮ᠎ᠡ ᠠᠮᠵᠢᠯᠲᠠ ᠣᠯᠵᠠᠢ᠃ 《ᠠᠮᠢ ᠠᠬᠤᠢ ᠵᠢᠨ ᠳᠤᠰᠬᠠᠢ ᠨᠠᠢᠷᠠᠯᠭ᠎ᠠ ᠲᠠᠢ ᠡᠪᠡᠰᠤᠨ ᠦᠷ᠎ᠡ》 ᠨᠢ ᠣᠳᠣᠬᠠᠨ ᠳ᠋ᠤ᠌ ᠪᠡᠭᠡᠵᠢᠩ ᠤ᠋ᠨ ᠣᠢ ᠰᠢᠭᠤᠢ ᠵᠢᠨ ᠶᠡᠬᠡ ᠰᠤᠷᠭᠠᠭᠤᠯᠢ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠡᠷᠭᠡ ᠰᠤᠷᠭᠠᠭᠤᠯᠢ ᠵᠢᠨ ᠫᠷᠣᠹᠧᠰᠰᠣᠷ ᠨᠠᠷ ᠵᠢᠠᠷ ᠪᠦᠷᠢᠯᠳᠦᠭᠰᠡᠨ ᠡᠪᠡᠰᠦᠨ ᠤ᠋ ᠦᠢᠯᠡᠰ ᠤ᠋ᠨ ᠲᠤᠰᠬᠠᠢ ᠮᠡᠷᠭᠡᠵᠢᠯᠲᠡᠨ ᠤ᠋ ᠬᠢᠨᠠᠨ ᠲᠣᠭᠲᠠᠭᠠᠬᠤ ᠳᠤᠭᠤᠢᠯᠠᠩ ᠤ᠋ᠨ ᠬᠢᠨᠠᠨ ᠰᠢᠯᠭᠠᠷᠠᠭᠤᠯᠤᠯᠳᠠ ᠪᠠᠷ ᠳᠠᠮᠵᠢᠨ 8 ᠵᠦᠢᠯ ᠤ᠋ᠨ ᠬᠣᠯᠪᠣᠭᠳᠠᠯ ᠪᠦᠬᠦᠢ ᠡᠭᠦᠳᠦᠯᠲᠡ ᠵᠢᠨ ᠲᠤᠰᠬᠠᠢ ᠠᠰᠢᠭ ᠢ᠋ ᠬᠦᠷᠳᠡᠵᠡᠢ᠃ ᠳᠤᠰ ᠺᠤᠮᠫᠠᠨᠢ ᠤᠷᠢᠳ ᠬᠤᠵᠢᠳ 1300 ᠭᠠᠷᠤᠢ ᠮᠠᠰᠢᠨ ᠲᠣᠨᠣᠭᠯᠠᠯ ᠤ᠋ᠨ ᠰᠢᠨ᠎ᠡ ᠵᠢ ᠡᠭᠦᠳᠴᠦ᠂ ᠠᠵᠢᠯᠯᠠᠬᠤ ᠦᠷ᠎ᠡ ᠪᠦᠲᠦᠮᠵᠢ ᠨᠢ ᠬᠥᠮᠦᠨ ᠤ᠋ ᠬᠦᠴᠦ ᠪᠡᠷ ᠠᠵᠢᠯᠯᠠᠬᠤ ᠡᠴᠡ 20 — 30 ᠳᠠᠬᠢᠨ ᠳᠡᠭᠡᠭᠰᠢᠯᠡᠵᠡᠢ᠃ ᠪᠠᠰᠠ᠂ ᠡᠯᠡᠰᠦ ᠮᠠᠩᠬ᠎ᠠ ᠵᠢ ᠭᠣᠣᠯᠳᠠᠯᠭ᠎ᠠ ᠲᠠᠢ ᠵᠠᠰᠠᠬᠤ ᠣᠷᠣᠨ ᠪᠦᠰᠡ ᠳ᠋ᠦ᠍ ᠨᠢᠭᠡ ᠥᠷᠲᠡᠭᠡᠴᠢᠯᠡᠭᠰᠡᠨ ᠮᠠᠶᠢᠭ ᠤ᠋ᠨ ᠠᠮᠢ ᠠᠬᠤᠢ ᠵᠢᠨ ᠦᠢᠯᠡᠴᠢᠯᠡᠭᠡᠨ ᠤ᠋ ᠪᠠᠲᠤᠯᠠᠭ᠎ᠠ ᠵᠢᠨ ᠲᠥᠪ ᠢ᠋ ᠪᠦᠲᠦᠭᠡᠨ ᠪᠠᠢᠭᠤᠯᠵᠤ᠂ ᠥᠪᠡᠷ ᠤ᠋ᠨ ᠥᠷᠲᠡᠭ ᠵᠢᠡᠷ ᠳᠣᠣᠷ᠎ᠠ᠂ ᠥᠨᠳᠥᠷ ᠦᠷ᠎ᠡ ᠠᠰᠢᠭ ᠲᠠᠢ ᠠᠮᠢ ᠠᠬᠤᠢ ᠵᠢᠨ ᠵᠠᠰᠠᠯᠲᠠ ᠬᠢᠭᠡᠳ ᠪᠠᠲᠤᠯᠠᠭ᠎ᠠ ᠵᠢᠨ ᠦᠢᠯᠡᠴᠢᠯᠡᠭᠡᠨ ᠢ᠋ ᠬᠠᠩᠭᠠᠵᠤ᠂ ᠡᠯᠡᠰᠦᠷᠭᠡᠭᠵᠢᠯ᠎ᠢ ᠰᠡᠷᠭᠡᠢᠯᠡᠨ ᠡᠯᠡᠰᠤ ᠎ᠵᠢ ᠵᠠᠰᠠᠬᠤ ᠠᠵᠢᠯ ᠳ᠋ᠤ᠌ ᠬᠦᠴᠦᠨ ᠨᠡᠮᠡᠷᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号