ᠦᠵᠤ ᠲᠦᠯᠦᠪᠯᠡᠭᠡ ᠬᠢᠭᠡᠳ ᠤᠷᠴᠢᠨ ᠠᠬᠤᠢ
2025-12-08 15:03:40
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠨᠡᠢᠳᠡᠯᠡᠭᠰᠡᠨ ᠦᠪᠦᠷ ᠮᠤᠩᠭᠤᠯ ᠤ᠋ᠨ 《〈ᠠᠷᠪᠠᠨ ᠳᠠᠪᠤᠳᠤᠭᠠᠷ ᠳᠠᠪᠤᠨ ᠵᠢᠯ〉 ᠤ᠋ᠨ ᠲᠦᠯᠦᠪᠵᠢᠭᠦᠯᠭᠡ ᠵᠢᠨ ᠰᠠᠨᠠᠭᠤᠯᠭ᠎ᠠ》 ᠳ᠋ᠤ ᠠᠮᠢ ᠠᠬᠤᠢ ᠵᠢᠨ ᠪᠤᠯᠪᠠᠰᠤᠨ ᠤ᠋ ᠪᠠᠢᠭᠤᠯᠤᠯᠳᠠ ᠵᠢᠨ ᠣᠯᠠᠨ ᠵᠦᠢᠯ ᠤ᠋ᠨ ᠵᠠᠩᠭᠢᠯᠠᠭ᠎ᠠ ᠵᠢᠨ ᠡᠭᠦᠷᠭᠡ ᠵᠢ ᠰᠢᠰᠲᠧᠮ ᠲᠠᠢ ᠲᠥᠯᠥᠪᠵᠢᠭᠦᠯᠵᠦ᠂ ᠥᠪᠥᠷ ᠮᠣᠩᠭᠣᠯ ᠤ᠋ᠨ ᠪᠣᠬᠢᠷᠳᠤᠯ ᠦᠭᠡᠢ ᠬᠥᠭᠵᠢᠯᠳᠠ ᠵᠢ ᠠᠬᠢᠭᠤᠯᠬᠤ᠂ ᠠᠮᠢ ᠠᠬᠤᠢ ᠵᠢᠨ ᠬᠠᠮᠠᠭᠠᠯᠠᠯᠲᠠ ᠪᠣᠯᠤᠨ ᠰᠡᠷᠭᠦᠭᠡᠯᠲᠡ ᠵᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠬᠢ ᠡᠷᠴᠢ ᠵᠣᠷᠢᠭ ᠢ᠋ ᠲᠤᠳᠤᠷᠠᠭᠤᠯᠵᠤ ᠪᠢᠯᠡ᠃ ᠳᠤᠰ 《ᠲᠦᠯᠦᠪᠵᠢᠭᠦᠯᠭᠡ》 ᠵᠢᠨ ᠰᠠᠨᠠᠭᠤᠯᠭ᠎ᠠ ᠵᠢ ᠨᠡᠢᠳᠡᠯᠡᠭᠰᠡᠨ ᠨᠢ ᠦᠪᠦᠷ ᠮᠤᠩᠭᠤᠯ ᠮᠠᠨ ᠤ᠋ ᠤᠯᠤᠰ ᠤ᠋ᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠴᠤᠭᠴᠠᠯᠠᠬᠤ ᠲᠠᠯ᠎ᠠ ᠪᠠᠷ ᠨᠡᠩ ᠪᠠᠲᠤ ᠨᠢᠭᠡᠨ ᠠᠯᠬᠤᠮ ᠠᠯᠬᠤᠭᠰᠠᠨ ᠢ᠋ ᠬᠠᠷᠠᠭᠤᠯᠵᠤ ᠪᠠᠢᠯ᠎ᠠ᠃

ᠳᠤᠰ 《ᠲᠦᠯᠦᠪᠵᠢᠭᠦᠯᠭᠡ》 ᠵᠢᠨ ᠰᠠᠨᠠᠭᠤᠯᠭ᠎ᠠ ᠨᠢ ᠤᠷᠤᠭᠰᠢᠯᠠᠬᠤ ᠵᠠᠮ ᠤ᠋ᠨ ᠬᠡᠷᠡᠯᠳᠤ ᠴᠠᠮᠬᠠᠭ ᠪᠤᠯᠵᠤ᠂ ᠠᠵᠤ ᠠᠬᠤᠢ ᠨᠡᠢᠭᠡᠮ ᠤ᠋ᠨ ᠬᠦᠭᠵᠢᠯᠳᠡ ᠵᠢᠨ ᠬᠤᠢᠰᠢᠳᠠ ᠵᠢᠨ ᠳᠠᠪᠤᠨ ᠵᠢᠯ ᠳ᠋ᠡᠬᠢ ᠤᠷᠤᠭᠰᠢᠯᠠᠨ ᠳᠡᠮᠡᠴᠡᠭᠦ ᠵᠢᠨ ᠬᠦᠳᠦᠯᠪᠦᠷᠢ ᠵᠢᠨ ᠴᠢᠨᠠᠷᠳᠠᠢ ᠪᠢᠴᠢᠭ ᠮᠠᠲᠧᠷᠢᠶᠠᠯ ᠪᠤᠯᠤᠭᠰᠠᠨ ᠨᠢ ᠳᠠᠮᠵᠢᠭ ᠦᠭᠡᠢ᠃ ᠳᠤᠰ 《ᠲᠦᠯᠦᠪᠵᠢᠭᠦᠯᠭᠡ》 ᠵᠢᠨ ᠰᠠᠨᠠᠭᠤᠯᠭ᠎ᠠ ᠳ᠋ᠤ ᠳᠤᠷᠠᠳᠤᠭᠰᠠᠨ ᠮᠡᠳᠤ᠂ ᠠᠭᠤᠯᠠ ᠤᠰᠤ ᠣᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠪᠡᠰᠦ ᠮᠠᠩᠬ᠎ᠠ ᠵᠢ ᠰᠢᠰᠲ᠋ᠧᠮ ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠬᠦ ᠡᠴᠡ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠰᠢᠪᠲᠤᠯᠬᠤ᠂ ᠡᠯᠡᠰᠦᠷᠬᠡᠭ ᠭᠠᠵᠠᠷ ᠤ᠋ᠨ ᠰᠥᠨᠥᠭᠡᠯᠳᠡ ᠵᠢᠨ ᠲᠡᠢᠯᠠᠯᠳᠤᠭᠠᠨ ᠢ᠋ ᠰᠠᠢᠲᠤᠷ ᠬᠢᠬᠦ ᠬᠦᠷᠳᠡᠯ᠎ᠡ᠂  ᠭᠣᠣᠯᠳᠠᠯᠭ᠎ᠠ᠎ᠲᠠᠢ ᠰᠠᠪᠠ ᠭᠠᠵᠠᠷ ᠨᠤᠭᠤ ᠭᠠᠵᠠᠷ ᠤ᠋ᠨ ᠬᠠᠮᠠᠭᠠᠯᠠᠯᠲᠠ ᠵᠢ ᠴᠢᠩᠭᠠᠳᠬᠠᠬᠤ ᠡᠴᠡ ᠪᠣᠬᠢᠷᠲᠤᠯ ᠢ᠋ ᠰᠡᠷᠭᠡᠢᠯᠡᠨ ᠵᠠᠰᠠᠬᠤ ᠵᠢ ᠭᠦᠨᠵᠡᠭᠡᠢᠷᠡᠭᠦᠯᠬᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠦᠭᠴᠢᠲᠦ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠬᠤ ᠬᠦᠷᠲᠡᠯ᠎ᠡ᠂ ᠥᠪᠥᠷ ᠮᠣᠩᠭᠣᠯ ᠤ᠋ᠨ ᠠᠮᠢ ᠠᠬᠤᠢ ᠵᠢᠨ ᠵᠢᠷᠤᠭ ᠲᠦᠰᠦᠪᠯᠡᠯ ᠨᠢ ᠲᠤᠬᠠᠢ ᠵᠢᠨ ᠭᠠᠵᠠᠷ ᠣᠷᠣᠨ ᠤ᠋ ᠪᠣᠳᠠᠲᠤ ᠪᠠᠢᠳᠠᠯ ᠳ᠋ᠤ᠌ ᠰᠠᠭᠤᠷᠢᠯᠠᠵᠤ᠂ ᠪᠦᠬᠦ ᠤᠯᠤᠰ ᠤ᠋ᠨ ᠶᠡᠬᠡ ᠲᠠᠯ᠎ᠠ ᠳ᠋ᠤ᠌ ᠦᠢᠯᠡᠴᠢᠯᠡᠵᠤ ᠪᠤᠢ᠃ ᠢᠯᠠᠩᠭᠤᠶ᠎ᠠ ᠠᠵᠤ ᠦᠢᠯᠡᠰ ᠤ᠋ᠨ ᠠᠮᠢ ᠠᠬᠤᠢᠵᠢᠯᠲᠠ᠂ ᠠᠮᠢ ᠠᠬᠤᠢ ᠵᠢᠨ ᠠᠵᠤ ᠦᠢᠯᠡᠰᠵᠢᠯᠲᠡ ᠵᠢ ᠠᠬᠢᠭᠤᠯᠵᠤ᠂ ᠠᠮᠢ ᠠᠬᠤᠢ ᠵᠢᠨ ᠪᠦᠲᠦᠭᠡᠭᠳᠡᠬᠦᠨ ᠤ᠋ ᠥᠷᠲᠡᠭ ᠢ᠋ ᠪᠡᠶᠡᠯᠡᠭᠦᠯᠬᠦ ᠲᠣᠭᠲᠠᠴᠠ ᠵᠢ ᠰᠦᠪᠡᠭᠴᠢᠯᠡᠬᠦ ᠵᠡᠷᠭᠡ ᠲᠠᠯ᠎ᠠ ᠳ᠋ᠤ᠌ ᠬᠤᠰᠢᠭᠤᠴᠢ ᠴᠢᠨᠠᠷ ᠪᠣᠯᠤᠨ ᠰᠢᠨ᠎ᠡ ᠵᠢ ᠡᠭᠦᠳᠬᠦ ᠴᠢᠨᠠᠷ ᠲᠠᠢ ᠪᠠᠢᠬᠤ ᠨᠢ ᠢᠯᠡᠭᠡᠨ᠃

ᠦᠵᠦ ᠲᠦᠯᠦᠪᠯᠡᠭᠡ ᠨᠢ ᠰᠢᠰᠲᠧᠮᠳᠤ ᠰᠡᠳᠬᠢᠭᠦᠢ ᠪᠠ ᠪᠦᠬᠦ ᠴᠤᠭᠴᠠ ᠵᠢᠨ ᠪᠠᠢᠯᠳᠤᠬᠤ ᠪᠤᠳᠤᠯᠭ᠎ᠠ ᠵᠢ ᠨᠡᠩ ᠴᠢᠬᠤᠯᠠᠴᠢᠯᠠᠵᠤ᠂ ᠦᠢᠯᠡᠳᠦᠯᠭᠡ ᠵᠢᠨ ᠬᠠᠢᠨ ᠰᠦᠪᠡᠭᠴᠢᠯᠡᠯᠳᠡ ᠳ᠋ᠤ ᠰᠢᠨᠵᠢᠯᠡᠭᠦ ᠤᠬᠠᠭᠠᠨᠴᠢ ᠵᠢᠯᠤᠭᠤᠳᠤᠯᠭ᠎ᠠ ᠬᠠᠩᠭᠠᠳᠠᠭ᠃ ᠡᠨᠡ ᠬᠦ᠌ ᠠᠮᠢ ᠠᠬᠤᠢ ᠵᠢᠨ ᠳᠤᠬᠠᠢ ᠲᠥᠯᠥᠪᠵᠢᠭᠦᠯᠭᠡ ᠨᠢ ᠥᠪᠥᠷ ᠮᠣᠩᠭᠣᠯ ᠤ᠋ᠨ ᠢᠷᠡᠭᠡᠳᠦᠢ ᠵᠢᠨ ᠲᠠᠪᠤᠨ ᠵᠢᠯ ᠤ᠋ᠨ ᠪᠣᠬᠢᠷᠲᠤᠯ ᠦᠭᠡᠢ ᠬᠥᠭᠵᠢᠯᠲᠡ ᠵᠢᠨ ᠠᠵᠢᠯᠯᠠᠭᠠᠨ ᠤ᠋ ᠵᠦᠭᠯᠡᠭᠦᠷ ᠪᠣᠯᠤᠭᠰᠠᠨ ᠵᠢᠡᠷ ᠪᠠᠷᠠᠬᠤ ᠦᠭᠡᠢ᠂ ᠨᠡᠩ ᠴᠤ᠌ ᠮᠠᠨ ᠤ᠋ ᠤᠯᠤᠰ ᠤ᠋ᠨ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠳᠠ ᠵᠢ ᠤᠮᠠᠷᠠᠲᠤ ᠣᠷᠣᠨ ᠳ᠋ᠤ᠌ ᠨᠠᠢᠳᠠᠪᠤᠷᠢᠵᠢᠭᠤᠯᠤᠭᠰᠠᠨ ᠤ᠋ ᠴᠢᠬᠤᠯᠠ ᠦᠢᠯᠡᠳᠦᠯᠭᠡ ᠵᠢᠨ ᠨᠢᠭᠡ ᠪᠣᠯᠬᠤ ᠠᠵᠢ᠃ ᠥᠪᠥᠷ ᠮᠣᠩᠭᠣᠯ 《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠤ᠌ ᠠᠮᠢ ᠠᠬᠤᠢ ᠵᠢ ᠤᠷᠢᠳ ᠵᠢᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠰᠢᠨ᠎ᠡ ᠵᠠᠮ ᠵᠢᠠᠷ ᠭᠤᠢᠪᠢᠰᠢ ᠦᠭᠡᠢ ᠵᠠᠮᠨᠠᠵᠤ᠂ ᠪᠦᠬᠦ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠳ᠋ᠦ᠍ ᠨᠡᠩ ᠶᠡᠬᠡ ᠬᠤᠪᠢ ᠨᠡᠮᠡᠷᠢ ᠦᠵᠡᠭᠦᠯᠬᠦ ᠨᠢ ᠯᠠᠪᠳᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号