ᠢᠳᠡᠭᠡᠨ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢ ᠴᠢᠨᠭᠭᠠᠳᠬᠠᠶ᠎ᠠ
2025-12-08 15:56:54
ᠵᠣᠬᠢᠶᠠᠭ᠍ᠴᠢ᠄
ᠱᠢ ᠹᠸᠩ
ᠣᠩᠱᠢᠭ᠍ᠰᠠᠨ ᠣᠳᠠᠭ᠎ᠠ᠄
★★★☆☆

ᠢᠳᠡᠭᠡᠨ᠎ᠢ ᠰᠤᠭᠤᠴᠢᠨ ᠪᠠᠢᠴᠠᠭᠠᠯᠳᠠ᠎ᠳᠦ ᠢᠳᠡᠭᠡᠨ᠎ᠦ ᠲᠣᠰᠣ᠎ᠳᠤ ᠬᠤᠳᠠᠯ ᠬᠠᠭᠤᠷᠮᠠᠭ ᠶᠠᠭᠤᠮ᠎ᠠ ᠬᠣᠯᠢᠬᠰᠠᠨ᠂  ᠬᠠᠤᠯᠢ ᠪᠤᠰᠤ᠎ᠪᠠᠷ ᠢᠳᠡᠭᠡᠨ᠎ᠦ ᠪᠤᠰᠤ ᠪᠣᠳᠠᠰ ᠨᠡᠮᠡᠭᠰᠡᠨ᠂ ᠮᠣᠷᠢᠨ ᠮᠢᠬ᠎ᠠ ᠵᠡᠷᠭᠡ᠎ᠪᠡᠷ ᠡᠯᠵᠢᠭᠡᠨ ᠮᠢᠬ᠎ᠠ ᠵᠢ  ᠣᠷᠣᠯᠠᠭᠣᠯᠣᠬᠰᠠᠨ ᠁ ᠵᠡᠷᠭᠡ ᠦᠵᠡᠭᠳᠡᠯ ᠢᠯᠡᠷᠡᠭᠰᠡᠨ ᠪᠠᠢᠨ᠎ᠠ᠃  ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ᠎ᠶᠢᠨ ᠣᠢᠷ᠎ᠠ᠎ᠳᠤ ᠬᠤᠷᠠᠯᠳᠤᠭᠤᠯᠤᠭᠰᠠᠨ 《ᠪᠥᠬᠥ ᠬᠡᠯᠬᠢᠶ᠎ᠡ᠎ᠳᠦ ᠰᠤᠭᠤᠴᠢᠨ ᠪᠠᠢᠴᠠᠭᠠᠯᠲᠠ ᠬᠢᠵᠦ ᠪᠥᠬᠥ ᠬᠡᠯᠬᠢᠶ᠎ᠡ᠎ᠳᠦ ᠬᠢᠨᠠᠯᠲᠠ ᠬᠠᠮᠢᠶᠠᠷᠤᠯᠲᠠ ᠬᠢᠬᠦ》 ᠢᠳᠡᠭᠡᠨ᠎ᠦ ᠠᠮᠤᠷ ᠲᠦᠪᠰᠢᠨ᠎ᠦ ᠲᠤᠰᠬᠠᠶ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ  ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ᠎ᠶᠢᠨ ᠢᠳᠡᠭᠡᠨ᠎ᠦ ᠰᠤᠭᠤᠴᠢᠨ ᠪᠠᠢᠴᠠᠭᠠᠬᠤ ᠵᠤᠷᠭᠠᠨ᠎ᠠᠴᠠ ᠡᠨᠡ ᠵᠢᠯ᠎ᠦᠨ ᠪᠥᠬᠥ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠢᠰᠲ᠋ᠧᠮ᠎ᠦᠨ ᠢᠳᠡᠭᠡᠨ᠎ᠦ ᠰᠤᠭᠤᠴᠢᠨ ᠪᠠᠢᠴᠠᠭᠠᠬᠤ ᠳᠤᠮᠳᠠ ᠢᠯᠡᠷᠡᠭᠦᠯᠦᠭᠰᠡᠨ 5 ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠵᠠᠷᠯᠠᠨ ᠮᠡᠳᠡᠭᠳᠡᠪᠡ᠃ ᠢᠳᠡᠭᠡᠨ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠰᠠᠬᠢᠬᠤ ᠎ᠳᠤ ᠤᠯᠠᠨ ᠲᠠᠯ᠎ᠠ᠎ᠪᠠᠷ ᠬᠠᠮᠵᠢᠯᠴᠠᠨ ᠬᠦᠴᠦᠯᠡᠬᠦ ᠬᠡᠷᠡᠭᠲᠡᠢ᠃ ᠬᠠᠮᠢᠶ᠎ᠠ ᠪᠥᠬᠥᠶ ᠰᠠᠯᠠᠭ᠎ᠠ ᠮᠥᠴᠢᠷ᠎ᠨᠢ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠣᠷᠣᠨ ᠪᠦᠰᠡ ᠠᠯᠤᠰᠯᠠᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ᠎ᠪᠠᠨ ᠴᠢᠩᠭᠠᠳᠬᠠᠵᠤ᠂ ᠬᠠᠤᠯᠢ᠎ᠠᠴᠠ ᠵᠥᠷᠢᠴᠡᠭᠰᠡᠳ᠎ᠢ 《ᠨᠢᠭᠡ ᠭᠠᠵᠠᠷ ᠬᠠᠤᠯᠢ᠎ᠠᠴᠠ ᠵᠥᠷᠢᠴᠡᠪᠡᠯ᠂ ᠭᠠᠵᠠᠷ ᠪᠣᠯᠭᠠᠨ᠎ᠳᠤ ᠬᠢᠵᠠᠭᠠᠷᠯᠠᠭᠳᠠᠬᠤ》 ᠪᠤᠯᠭᠠᠨ ᠵᠠᠯᠬᠠᠭᠠᠨ ᠴᠡᠭᠡᠷᠯᠡᠭᠦᠯᠬᠦ ᠬᠡᠷᠡᠭᠲᠡᠶ; ᠦᠢᠯᠡᠳᠪᠦᠷᠢᠯᠡᠯ ᠡᠵᠡᠩᠨᠡᠭᠴᠢᠳ ᠡᠷᠬᠡᠪᠰᠢ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠎ᠠᠴᠠ ᠠᠪᠤᠭᠠᠳ ᠪᠣᠷᠣᠯᠠᠭᠤᠯᠬᠤ ᠬᠦᠷᠲᠡᠯᠡᠬᠢ ᠪᠥᠬᠥ ᠶᠠᠪᠤᠴᠠ᠎ᠶᠢ ᠮᠥᠷᠳᠡᠵᠦ ᠪᠣᠯᠬᠣ ᠰᠢᠰᠲ᠋ᠧᠮ᠎ᠢ ᠪᠠᠢᠭᠤᠯᠤᠨ᠂ ᠢᠯᠠᠩᠭᠤᠶ᠎ᠠ ᠵᠢᠵᠢᠭ ᠦᠢᠯᠡᠳᠬᠡᠯ᠎ᠦᠨ ᠭᠠᠵᠠᠷ᠂ ᠵᠢᠵᠢᠭ ᠢᠳᠡᠭᠡᠨ᠎ᠦ ᠳᠡᠯᠭᠡᠭᠦᠷ ᠵᠡᠷᠭᠡ ᠪᠠᠭᠤᠷᠠᠶ ᠭᠣᠭᠴᠣᠭ᠎ᠠ᠎ᠳᠤ ᠲᠦᠭᠦᠬᠡᠶ ᠮᠠᠲ᠋ᠧᠷᠢᠶᠠᠯ᠎ᠢ ᠬᠢᠨᠠᠨ ᠬᠠᠷᠭᠤᠭᠤᠯᠬᠤ ᠪᠠ ᠶᠠᠪᠤᠴᠠ᠎ᠶᠢ ᠬᠠᠮᠢᠶᠠᠷᠤᠨ ᠡᠵᠡᠮᠳᠡᠬᠦ᠎ᠶᠢ ᠴᠢᠩᠭᠠᠳᠬᠠᠬᠤ ᠬᠡᠷᠡᠭᠲᠡᠶ᠃ ᠬᠡᠷᠡᠭᠯᠡᠭᠴᠢᠳ ᠢᠯᠭᠠᠨ ᠲᠠᠨᠢᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠢᠳᠡᠭᠡᠨ᠎ᠦ ᠠᠮᠤᠷ ᠲᠦᠪᠰᠢᠨ᠎ᠦ ᠶᠡᠷᠦ᠎ᠶᠢᠨ ᠮᠡᠳᠡᠯᠭᠡ᠎ᠶᠢ ᠰᠠᠨᠠᠭᠠᠴᠢᠯᠠᠭ᠎ᠠ᠎ᠠᠴᠠ᠎ᠪᠠᠨ ᠣᠢᠯᠠᠭᠠᠵᠤ᠂ ᠦᠨ᠎ᠡ ᠬᠠᠩᠰᠢ᠎ᠨᠢ  ᠬᠡᠪ᠎ᠦᠨ ᠪᠤᠰᠤ ᠦᠢᠯᠡᠳᠬᠦᠨ᠎ᠢ ᠰᠡᠷᠡᠮᠵᠢᠯᠡᠵᠦ᠂ ᠠᠰᠠᠭᠤᠳᠠᠯ ᠲᠤᠯᠭᠠᠷᠠᠪᠠᠯ 12315 ᠲᠠᠪᠴᠠᠩ᠎ᠢᠶᠠᠷ ᠳᠠᠮᠵᠢᠭᠤᠯᠤᠨ ᠴᠠᠭ ᠲᠤᠬᠠᠶ᠎ᠳᠤᠨᠢ ᠢᠯᠡᠴᠢᠯᠡᠨ ᠮᠡᠳᠡᠭᠦᠯᠬᠦ ᠬᠡᠷᠡᠭᠲᠡᠶ᠃                                            

       ef451980-dca2-45ee-a048-f653b6dffb76.png         

— 《ᠠᠵᠦ ᠠᠬᠣᠢ ᠵᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号