ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ ᠠᠵᠢᠯᠲᠠᠨ ᠠᠵᠢᠯᠴᠢᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠡᠷᠭᠢᠯᠡᠪᠡ
2025-12-08 10:26:24
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠵᠡᠮᠳᠡᠭ᠌ᠴᠦᠳ ᠪᠠ ᠡᠷᠡᠭᠦᠯ ᠬᠦᠮᠦᠰ᠎ᠢ ᠠᠭᠤᠰᠤᠯᠴᠠᠭᠤᠯᠬᠤ ᠠᠵᠢᠯᠲᠠᠨ ᠠᠵᠢᠯᠴᠢᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠠᠵᠢᠯᠯᠠᠭ᠎ᠠ ᠬᠥᠬᠡᠬᠣᠲᠠ᠎ᠶ᠋ᠢᠨ ᠲᠦᠮᠡᠳ ᠵᠡᠭᠦᠨ ᠬᠣᠱᠢᠭᠤᠨ᠎ᠤ ᠲᠠᠪᠤᠨᠰᠠᠢ᠌ᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠰᠠᠭᠤᠷᠢᠨ᠎ᠳᠤ ᠬᠥᠷ ᠬᠥᠭ᠌ᠵᠢᠶᠡᠨᠲᠡᠶ ᠶᠠᠪᠤᠭ᠍ᠳᠠᠪᠠ᠃

ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠰᠤᠷᠢᠯᠲᠠ ᠶᠠᠪᠤᠬᠳᠠᠵᠦ᠂ ᠤᠷᠤᠯᠳᠤᠭᠠᠨ᠎ᠤ ᠪᠡᠶᠡᠴᠢ ᠣᠢᠯᠠᠭᠠᠯᠲᠠ᠎ᠶᠢ ᠨᠡᠮᠡᠭᠳᠡᠬᠦᠯᠪᠡ᠃ ᠡᠬᠦᠨ᠎ᠳᠤ 《ᠶᠠᠪᠠᠭᠠᠨ ᠫᠤᠤ ᠬᠠᠷᠪᠤᠬᠤ》᠂ 《ᠮᠢᠨᠤᠮᠶᠤᠲ ᠬᠠᠷᠪᠤᠬᠤ》᠂ 《ᠤᠭᠤᠷ ᠫᠤᠤ ᠬᠠᠷᠪᠤᠬᠤ》᠂ 《ᠫᠤᠤ᠎ᠶ᠋ᠢᠨ ᠬᠡᠪ᠎ᠢ ᠵᠠᠳᠠᠯᠬᠤ ᠪᠠ ᠤᠶᠠᠯᠳᠤᠭᠤᠯᠬᠤ》᠂ 《ᠭᠠᠷᠨᠠᠲᠠ ᠱᠢᠳᠡᠬᠦ᠌》᠂ 《ᠬᠤᠪᠢᠰᠭᠠᠯᠲᠤ ᠳᠠᠭᠤᠤ ᠬᠥᠭ᠌ᠵᠢᠮ᠎ᠦᠨ ᠪᠢᠴᠢᠯ ᠨᠠᠮ᠎ᠤᠨ ᠬᠢᠴᠢᠶᠡᠯ》᠂ 《ᠳᠠᠭᠤᠤ ᠳᠠᠭᠤᠯᠠᠬᠤ》 ᠵᠡᠷᠭᠡ 7 ᠲᠦᠷᠦᠯ ᠵᠦᠢᠯ᠎ᠢ ᠲᠤᠬᠢᠷᠠᠭᠤᠯᠵᠤ᠂ ᠣᠷᠣᠯᠴᠠᠭ᠍ᠰᠠᠳ᠎ᠢ ᠲᠦᠷᠪᠡᠨ 《ᠰᠤᠮᠤ》 ᠬᠤᠪᠢᠶᠠᠨ ᠡᠭᠡᠯᠵᠢᠯᠡᠨ ᠤᠷᠤᠯᠳᠤᠭᠠᠨ᠎ᠳᠤ ᠤᠷᠤᠯᠴᠠᠭᠤᠯᠵᠦ᠂ ᠤᠷᠤᠯᠳᠤᠭᠠᠨ᠎ᠤ ᠲᠠᠯᠠᠪᠤᠷ᠎ᠲᠤ ᠤᠯᠠᠨ᠎ᠢᠶᠠᠷ᠎ᠢᠶᠠᠨ ᠤᠶᠤᠨ ᠤᠬᠠᠭᠠᠨ ᠪᠠ ᠬᠦᠴᠦᠨ ᠴᠢᠳᠠᠯ ᠵᠢᠡᠨ ᠰᠤᠷᠢᠵᠦ᠂ 《ᠪᠠᠶᠠᠷ ᠬᠦᠷ᠎ᠲᠡᠶ᠂ ᠪᠣᠯᠪᠠᠰᠤᠨ᠂ ᠡᠮᠬᠢ ᠵᠢᠷᠤᠮ᠎ᠲᠠᠶ》 ᠠᠭᠤᠷ ᠠᠮᠢᠰᠭᠤᠯ᠎ᠤᠨ ᠳᠤᠮᠳᠠ ᠪᠦᠯᠬᠦᠮᠳᠡᠨ ᠲᠡᠮᠡᠴᠡᠬᠦ ᠴᠤᠭ ᠵᠢᠪᠬᠤᠭ᠎ᠠ᠎ᠵᠢ ᠢᠯᠡᠷᠡᠭᠦᠯᠪᠡ᠃

ᠲᠣᠰ ᠤᠳᠠᠭᠠᠨ᠎ᠤ ᠠᠵᠢᠯᠯᠠᠭ᠎ᠠ᠎ᠨᠢ ᠵᠡᠮᠳᠡᠭᠴᠤᠳ ᠪᠠ ᠡᠷᠡᠬᠦᠯ ᠬᠦᠮᠦᠰ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠳᠤᠮᠳᠠ ᠪᠡᠶ᠎ᠡ ᠮᠠᠬᠠᠪᠣᠳ᠎ᠢᠶᠠᠨ ᠪᠣᠯᠪᠠᠰᠤᠷᠠᠭᠤᠯᠬᠤ᠂ ᠨᠥᠬᠥᠷᠯᠡᠯ᠎ᠢᠶᠡᠨ ᠵᠤᠵᠠᠭᠠᠳᠬᠠᠬᠤ᠎ᠶᠢ ᠪᠡᠶᠡᠯᠡᠬᠦᠯᠦᠭᠰᠡᠨ ᠵᠢᠡᠷ ᠪᠠᠷᠠᠬᠤ ᠦᠬᠡᠢ 《ᠡᠷᠬᠡ ᠲᠡᠭ᠌ᠰᠢ᠂ ᠠᠭᠤᠰᠤᠯᠴᠠᠬᠤ᠂ ᠬᠠᠮᠲᠦ ᠪᠡᠷ ᠡᠳ᠋ᠯᠡᠬᠦ》 ᠵᠡᠮᠳᠡᠭ᠌ᠴᠦᠳ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠭᠤᠤᠯᠯᠠᠬᠤ ᠣᠢᠯᠠᠭᠠᠭ᠍ᠳᠠᠬᠤᠨ᠎ᠢ ᠠᠮᠢᠳᠤᠯᠢᠭ ᠵᠢᠡᠷ ᠢᠯᠡᠷᠡᠬᠦᠯᠵᠦ᠂ ᠣᠷᠣᠯᠴᠠᠭ᠍ᠰᠠᠳ᠎ᠲᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠮᠡᠳᠡᠯᠭᠡ᠎ᠶ᠋ᠢ ᠱᠢᠭᠤᠳ ᠮᠡᠳᠡᠷᠡᠭᠦᠯᠵᠦ᠂ ᠳᠡᠳᠡᠨᠡᠷ᠎ᠤᠨ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠂ ᠡᠬᠡ ᠣᠷᠣᠨᠴᠢ ᠰᠡᠳᠭᠢᠯᠭᠡ᠎ᠶ᠋ᠢ ᠨᠢ ᠵᠤᠵᠠᠭᠠᠳᠬᠠᠵᠦ᠂ ᠦᠪᠦᠷ ᠮᠤᠩᠭᠤᠯ᠎ᠤᠨ ᠵᠡᠮᠳᠡᠭ᠌ᠴᠦᠳ᠎ᠦᠨ ᠦᠢᠯᠡᠰ᠎ᠦᠨ ᠪᠦᠬᠦ᠌ ᠲᠠᠯ᠎ᠠ᠎ᠪᠠᠷ ᠬᠥᠭ᠌ᠵᠢᠵᠦ ᠴᠢᠨᠠᠷ ᠰᠠᠢᠲᠠᠢ ᠬᠥᠭ᠌ᠵᠢᠬᠦ᠎ᠳᠤ ᠪᠦᠯᠬᠦᠮᠳᠡᠨ ᠲᠡᠮᠡᠴᠡᠬᠦ᠌ ᠬᠦᠴᠦᠨ ᠴᠢᠳᠠᠯ᠎ᠢ ᠨᠢᠭ᠍ᠲᠠᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号