ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠠᠤᠯᠢ ᠴᠠᠭᠠᠵᠠ᠎ᠶ᠋ᠢᠨ ᠲᠢᠩᠬᠢᠮ᠂ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠭ᠌ᠰᠡᠨ 《ᠨᠠᠰᠤᠲᠠᠨ᠎ᠢᠶᠠᠨ ᠠᠴᠢᠯᠠᠵᠤ ᠨᠠᠰᠤᠲᠠᠨ᠎ᠢᠶᠠᠨ ᠬᠦᠨᠳᠦᠯᠡᠬᠦ᠌ ᠰᠠᠢᠬᠠᠨ ᠰᠤᠷᠲᠠᠯ᠎ᠢ ᠪᠠᠳᠠᠷᠠᠭᠤᠯᠵᠤ ᠨᠠᠰᠤᠲᠠᠢᠴᠤᠳ ᠲᠸ᠋ ᠨᠥᠬᠥᠷᠰᠡᠭ ᠨᠡᠢᠭᠡᠮ᠎ᠢ ᠬᠠᠮᠲᠤ᠎ᠪᠠᠷ ᠪᠥᠲᠥᠭᠡᠨ ᠪᠠᠢᠭᠤᠯᠤᠶ᠎ᠠ》 ᠭᠡᠬᠦ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠢᠴᠤᠳ᠎ᠢ ᠬᠦᠨᠳᠦᠯᠡᠬᠦ ᠨᠠᠰᠤᠲᠠᠢᠴᠤᠳ᠎ᠢ ᠬᠠᠢᠷᠠᠯᠠᠬᠤ ᠨᠠᠰᠤᠳᠠᠢᠴᠤᠳ᠎ᠢ ᠬᠠᠪᠰᠤᠷᠬᠤ ᠵᠢ ᠨᠡᠢᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠠᠷᠠᠳ ᠵᠠᠮ᠎ᠤᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠱ᠌ᠢ ᠴᠢ ᠨᠡᠢᠭᠡᠮ ᠲᠣᠭᠣᠷᠢᠭ᠎ᠲᠤ ᠶᠠᠪᠤᠭ᠍ᠳᠠᠪᠠ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠭᠤᠤᠯᠯᠠᠨ ᠡᠷᠭᠢᠯᠡᠭ᠌ᠰᠡᠨ ᠲᠠᠯ᠎ᠠ᠎ᠶ᠋ᠢᠨ ᠬᠢᠨ ᠲᠥᠷᠥᠯ ᠰᠠᠳᠤᠨ᠎ᠢᠶᠠᠨ ᠠᠴᠢᠯᠠᠵᠤ ᠨᠠᠰᠤᠲᠠᠨ᠎ᠢᠶᠠᠨ ᠬᠦᠨᠳᠦᠯᠡᠬᠦ᠌ ᠭᠤᠤᠯ ᠰᠡᠳᠦᠪᠲᠦ ᠡᠯᠧᠮᠧᠨ᠋ᠲ᠎ᠢ ᠭᠣᠢᠳᠠ ᠰᠠᠢᠬᠠᠨ ᠳᠠᠭᠤᠤ ᠪᠥᠵᠢᠭ᠎ᠦᠨ ᠲᠣᠭ᠍ᠯᠠᠯᠲᠠ᠎ᠳᠤ ᠠᠭᠤᠰᠭᠠᠵᠤ᠂ ᠨᠠᠰᠤᠲᠠᠢᠴᠤᠳ᠎ᠤᠨ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠨᠠᠰᠤᠲᠠᠨ᠎ᠢᠶᠠᠨ ᠬᠦᠨᠳᠦᠯᠡᠵᠦ᠍ ᠨᠠᠰᠤᠲᠠᠨ᠎ᠢᠶᠠᠨ ᠬᠠᠢᠷᠠᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃ ᠡᠭᠦᠨ᠎ᠦ ᠬᠠᠮᠲᠤ᠂ ᠨᠠᠰᠤᠲᠠᠢᠴᠤᠳ᠎ᠲᠤ ᠬᠠᠨᠳᠤᠭᠤᠯᠤᠨ ᠮᠡᠬᠡᠯᠡᠯ᠎ᠢ ᠡᠰᠡᠷᠭᠦᠴᠡᠬᠦ᠌ ᠪᠠ ᠠᠮᠤᠷ ᠲᠦᠪᠱᠢᠨ᠎ᠦ ᠮᠡᠳᠡᠯᠭᠡ᠎ᠶ᠋ᠢ ᠢᠳᠡᠪᠬᠢᠲᠡᠢ ᠤᠬᠠᠭᠤᠯᠵᠤ᠂ ᠨᠠᠰᠤᠲᠠᠢᠴᠤᠳ᠎ᠤᠨ ᠡᠷᠬᠡ ᠠᠱᠢᠭ ᠬᠠᠯᠳᠠᠯᠭ᠎ᠠ᠎ᠳᠤ ᠤᠴᠠᠷᠠᠬᠤ ᠦᠭᠡᠢ ᠪᠠᠢᠬᠤ᠎ᠶ᠋ᠢ ᠪᠠᠲᠤᠯᠠᠪᠠ᠃ ᠨᠠᠰᠤᠵᠢᠯᠳᠠ ᠳ᠋ᠤ ᠲᠤᠬᠢᠷᠠᠬᠤ ᠬᠦᠭᠡᠬᠤᠳᠠ 《961111》 ᠮᠡᠳᠡᠭᠡ ᠵᠠᠩᠭᠢᠴᠢᠯᠠᠯᠳᠠ᠎ᠶ᠋ᠢᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ᠎ᠤᠨ ᠰᠠᠢᠨ ᠳᠤᠷᠠᠴᠤᠳ᠎ᠠᠴᠠ ᠨᠠᠰᠤᠲᠠᠢᠴᠤᠳ᠎ᠲᠤ ᠭᠠᠷ ᠳᠡᠪᠲᠡᠷ ᠲᠠᠷᠬᠠᠭᠠᠵᠤ᠂ ᠲᠠᠪᠴᠠᠩ᠎ᠤᠨ ᠴᠢᠳᠠᠮᠵᠢ ᠪᠠ ᠬᠡᠷᠡᠭ᠌ᠯᠡᠬᠦ᠌ ᠠᠷᠭ᠎ᠠ᠎ᠶ᠋ᠢ ᠲᠠᠨᠢᠯᠴᠠᠭᠤᠯᠵᠤ᠂ ᠲᠤᠰᠭᠠᠶ ᠠᠰᠠᠭᠤᠨ ᠯᠠᠪᠯᠠᠬᠤ ᠬᠠᠯᠠᠮᠱᠢᠯ ᠤᠲᠠᠰᠤ ᠲᠣᠬᠢᠷᠠᠭᠤᠯᠵᠤ᠂ ᠨᠠᠰᠤᠲᠠᠢᠴᠤᠳ᠎ᠲᠤ 24 ᠴᠠᠭ᠎ᠤᠨ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠮᠡᠳᠡᠭᠡ ᠵᠠᠩᠭᠢ ᠪᠠ ᠲᠤᠰᠠᠯᠠᠮᠵᠢ ᠭᠤᠶᠤᠴᠢᠯᠠᠬᠤ ᠠᠷᠭ᠎ᠠ ᠵᠠᠮ ᠬᠠᠩᠭᠠᠪᠠ᠃ ᠠᠵᠢᠯᠯᠠᠭ᠎ᠠ᠎ᠳᠤ ᠪᠠᠰᠠ ᠨᠠᠰᠤᠲᠠᠢᠴᠤᠳ᠎ᠲᠤ ᠴᠢᠰᠤᠨ ᠳᠠᠷᠤᠯᠲᠠ᠎ᠶ᠋ᠢ ᠬᠡᠮᠵᠢᠬᠦ᠌᠂ ᠴᠢᠰᠤᠨ ᠱᠢᠬᠢᠷ᠎ᠢ ᠱᠢᠯᠭᠠᠨ ᠪᠠᠢᠴᠠᠭᠠᠬᠤ᠂ ᠵᠢᠷᠦᠬᠡ ᠠᠭᠤᠰᠭᠢᠨ᠎ᠤ ᠴᠢᠳᠠᠮᠵᠢ᠎ᠶ᠋ᠢ ᠪᠠᠢᠴᠠᠭᠠᠬᠤ ᠵᠡᠷᠭᠡ ᠠᠯᠪᠠᠨ ᠵᠢᠷᠤᠮ᠎ᠤᠨ ᠡᠮᠴᠢᠯᠡᠭᠡᠨ᠎ᠦ ᠦᠶ᠋ᠯᠡᠴᠢᠯᠡᠭᠡ᠂ ᠠᠯᠪᠠᠨ ᠵᠢᠷᠤᠮ᠎ᠤᠨ ᠦᠰᠦ ᠵᠠᠰᠠᠬᠤ ᠦᠶ᠋ᠯᠡᠴᠢᠯᠡᠭᠡ ᠪᠠ ᠨᠠᠰᠤᠲᠠᠢᠴᠤᠳ᠎ᠢ ᠲᠤᠰᠠᠯᠠᠬᠤ ᠲᠣᠭᠠᠴᠢᠯᠠᠭ᠍ᠰᠠᠨ ᠦᠶ᠋ᠯᠡᠴᠢᠯᠡᠭᠡ ᠬᠠᠩᠭᠠᠪᠠ᠃
ᠡᠬᠦᠨ᠎ᠤ ᠬᠠᠮᠳᠤ 《ᠤᠮᠠᠷᠠᠲᠤ ᠬᠢᠯᠢ᠎ᠶ᠋ᠢᠨ ᠡᠷᠡᠭᠦᠯᠵᠢᠯ ᠰᠤᠪᠢᠯᠠᠯᠲᠠ·ᠪᠤᠭᠤᠷᠤᠯᠴᠤᠳ ᠲᠸ᠋ ᠬᠠᠷᠠᠭᠠᠯᠵᠠᠯ ᠬᠦᠷᠳᠡᠭᠡᠬᠦ》 ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠡᠷᠡᠭ᠌ᠯᠡᠭᠡᠨ᠎ᠦ ᠤᠯᠠᠷᠢᠯ᠎ᠤᠨ ᠠᠵᠢᠯᠯᠠᠭ᠎ᠠ᠎ᠶ᠋ᠢ ᠵᠡᠷᠭᠡ ᠪᠡᠷ ᠥᠷᠨᠢᠭᠦᠯᠪᠡ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠠᠵᠢᠯᠲᠠᠳ ᠨᠠᠰᠤᠲᠠᠢᠴᠤᠳ᠎ᠤᠨ ᠨᠥᠬᠥᠪᠥᠷᠢ ᠭᠥᠷᠳᠡᠬᠦ᠌ ᠡᠲᠡᠭᠡᠳ᠂ ᠨᠥᠬᠥᠪᠥᠷᠢ ᠥᠭ᠌ᠬᠦ ᠲᠥᠷᠥᠯ ᠵᠦᠶ᠋ᠯ᠂ ᠨᠥᠬᠥᠪᠥᠷᠢ ᠥᠭ᠌ᠬᠦ ᠲᠣᠭ᠎ᠠ ᠬᠡᠮᠵᠢᠶ᠎ᠡ᠂ ᠨᠦᠬᠦᠪᠦᠷᠢ ᠣᠯᠭᠣᠬᠤ ᠠᠷᠭ᠎ᠠ ᠮᠠᠶᠢᠭ ᠵᠡᠷᠭᠡ ᠪᠣᠳᠠᠲᠠᠶ ᠬᠡᠷᠡᠭ᠌ᠵᠢᠭᠦᠯᠬᠦ᠌ ᠨᠠᠷᠢᠨ ᠲᠦᠷᠢᠮ ᠵᠢᠴᠢ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠬᠡᠷᠡᠭ᠌ᠯᠡᠭᠡ᠎ᠶ᠋ᠢᠨ ᠨᠥᠬᠥᠪᠥᠷᠢ᠂ ᠨᠠᠰᠤᠵᠢᠯᠲᠠ᠎ᠳᠤ ᠳᠣᠭᠢᠷᠠᠬᠤ ᠥᠭᠡᠷᠡᠴᠢᠯᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠲᠡᠷᠡᠴᠢᠯᠡᠨ ᠲᠤᠬᠠᠢ ᠵᠢᠨ ᠲᠠᠯᠠᠪᠠᠢ᠎ᠳᠤ ᠶᠠᠪᠤᠵᠤ ᠰᠠᠭᠤᠬᠤ ᠳ᠋ᠤ ᠲᠤᠰᠠᠯᠠᠬᠤ ᠮᠠᠱᠢᠨ᠂ ᠤᠬᠢᠶᠠᠯᠭᠠᠳ᠋ᠤ ᠲᠤᠰᠠᠯᠠᠬᠤ ᠰᠠᠨᠳᠠᠯᠢ ᠵᠡᠷᠭᠡ ᠨᠠᠰᠤᠵᠢᠯᠲᠠ᠎ᠳᠤ ᠲᠤᠬᠢᠷᠠᠬᠤ ᠦᠢᠯᠡᠳᠬᠦᠨ᠎ᠢ ᠳᠡᠯᠭᠡᠨ ᠦᠵᠡᠭᠦᠯᠵᠦ᠍᠂ ᠨᠡᠩ ᠤᠯᠠᠨ ᠨᠠᠰᠤᠲᠠᠢᠴᠤᠳ᠎ᠲᠤ ᠨᠠᠰᠤᠵᠢᠯᠲᠠ᠎ᠳᠤ ᠲᠤᠬᠢᠷᠠᠬᠤ ᠦᠢᠯᠡᠳᠬᠦᠨ ᠬᠤᠳᠠᠯᠳᠤᠨ ᠠᠪᠬᠤ ᠠᠷᠭ᠎ᠠ ᠵᠠᠮ᠎ᠢ ᠤᠢ᠍ᠢᠯᠠᠭᠠᠭᠤᠯᠪᠠ᠃
ᠲᠣᠰ ᠤᠳᠠᠭᠠᠨ᠎ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ 《ᠨᠠᠰᠤᠲᠠᠨᠵᠢᠡᠨ ᠬᠦᠨᠳᠦᠯᠡᠬᠦ᠌ ᠰᠠᠷ᠎ᠠ》 ᠶ᠋ᠢᠨ ᠠᠵᠢᠯᠯᠠᠭ᠎ᠠ᠎ᠶ᠋ᠢᠨ ᠴᠢᠬᠤᠯᠠ ᠠᠭᠤᠯᠭ᠎ᠠ᠎ᠶ᠋ᠢᠨ ᠨᠢᠭᠡ ᠪᠠᠢᠵᠤ᠂ ᠲᠥᠷᠥᠯ ᠰᠠᠳᠤᠨ᠎ᠢᠶᠠᠨ ᠠᠴᠢᠯᠠᠬᠤ ᠨᠠᠰᠤᠲᠠᠨ᠎ᠢᠶᠠᠨ ᠬᠦᠨᠳᠦᠯᠡᠬᠦ᠌ ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠵᠤ᠂ ᠨᠠᠰᠤᠲᠠᠢᠴᠤᠳ᠎ᠤᠨ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠂ ᠨᠠᠰᠤᠲᠠᠢᠴᠤᠳ ᠲᠸ᠋ ᠨᠥᠬᠥᠷᠰᠡᠭ ᠬᠡᠯᠪᠡᠷᠢ᠎ᠶ᠋ᠢᠨ ᠨᠡᠢᠭᠡᠮ᠎ᠦᠨ ᠪᠠᠢᠭᠤᠯᠤᠯᠲᠠ᠎ᠶ᠋ᠢ ᠠᠬᠢᠭᠤᠯᠪᠠ᠃