ᠥᠪᠥᠷ ᠮᠣᠩᠭᠤᠯ ᠣᠯᠠᠨ ᠤᠯᠤᠰ᠎ᠤᠨ ᠰᠠᠢᠨ ᠳᠤᠷᠠᠴᠤᠳ᠎ᠤᠨ ᠡᠳᠦᠷ᠎ᠤᠨ ᠲᠥᠪᠯᠡᠷᠡᠭᠦᠯᠦᠨ ᠵᠢᠱ᠌ᠢᠶ᠎ᠡ ᠦᠵᠡᠭᠦᠯᠬᠦ᠌ ᠠᠵᠢᠯᠯᠠᠭ᠎ᠠ ᠥᠷᠨᠢᠭᠦᠯᠪᠡ
2025-12-08 10:37:05
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠡᠨᠡ ᠵᠢᠯ᠎ᠤᠨ 12 ᠰᠠᠷ᠎ᠠ᠎ᠶ᠋ᠢᠨ 5 ᠤ᠋ ᠡᠳᠦᠷ ᠪᠣᠯ 40 ᠳ᠋ᠡᠬᠢ ᠣᠯᠠᠨ ᠤᠯᠤᠰ᠎ᠤᠨ ᠰᠠᠢᠨ ᠳᠤᠷᠠᠴᠤᠳ᠎ᠤᠨ ᠡᠳᠦᠷ ᠪᠣᠯᠣᠨ᠎ᠠ᠃ 12 ᠰᠠᠷ᠎ᠠ᠎ᠶ᠋ᠢᠨ 4 ᠎ᠤ᠋ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠨᠡᠢᠭᠡᠮ᠎ᠤᠨ ᠠᠵᠢᠯ᠎ᠤᠨ ᠬᠡᠯᠲᠡᠰ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠤᠨ ᠬᠤᠯᠪᠣᠭ᠎ᠠ᠂ ᠬᠥᠬᠡᠬᠤᠲᠠ᠎ᠶ᠋ᠢᠨ ᠨᠠᠮ᠎ᠤᠨ ᠬᠤᠷᠢᠶ᠎ᠠ᠎ᠶ᠋ᠢᠨ ᠨᠡᠢᠭᠡᠮ᠎ᠤᠨ ᠠᠵᠢᠯ᠎ᠤᠨ ᠬᠡᠯᠲᠡᠰ ᠵᠡᠷᠭᠡ ᠨᠢᠭᠡᠴᠢ ᠢ᠋ᠢᠨ ᠬᠢᠨ ᠬᠥᠬᠡᠬᠤᠲᠠ᠎ᠶ᠋ᠢᠨ ᠠᠯᠳᠠᠢ ᠵᠤᠭ᠎ᠠ ᠴᠡᠩᠭᠡᠯ᠎ᠤᠨ ᠬᠦᠷᠢᠶᠡᠯᠡᠩ᠎ᠳᠤ 《ᠰᠠᠢᠨ ᠳᠤᠷ᠎ᠠ᠎ᠶ᠋ᠢᠨ ᠬᠦᠴᠦᠨ᠎ᠢ ᠬᠤᠷᠠᠮᠳᠤᠭᠤᠯᠤᠨ ᠰᠠᠢᠨ ᠰᠠᠢᠬᠠᠨ ᠨᠡᠢᠭᠡᠮ᠎ᠢ ᠬᠠᠮᠲᠤ᠎ᠪᠠᠷ ᠪᠥᠲᠥᠭᠡᠨ ᠪᠠᠢᠭᠤᠯᠬᠤ》 — ᠣᠯᠠᠨ ᠤᠯᠤᠰ᠎ᠤᠨ ᠰᠠᠢᠨ ᠳᠤᠷᠠᠴᠤᠳ᠎ᠤᠨ ᠡᠳᠦᠷ᠎ᠤ᠋ᠨ ᠲᠥᠪᠯᠡᠷᠡᠭᠦᠯᠦᠨ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠬᠠᠮᠲᠤᠷᠠᠨ ᠡᠷᠭᠢᠯᠡᠪᠡ᠃

ᠠᠵᠢᠯᠯᠠᠭ᠎ᠠ᠎ᠳᠤ᠂ ᠭᠤᠤᠯᠯᠠᠨ ᠡᠷᠭᠢᠯᠡᠬᠦ᠌ ᠡᠲᠡᠭᠡᠳ᠎ᠤᠨ ᠬᠢᠨ ᠡᠴᠡ ᠣᠷᠴᠢᠨ ᠲᠣᠭᠤᠷᠢᠨ᠎ᠤ ᠠᠷᠢᠭᠤᠨ ᠴᠡᠪᠡᠷ᠎ᠤᠨ ᠠᠵᠢᠯᠴᠢᠨ᠂ ᠵᠠᠮ ᠬᠠᠷᠢᠯᠴᠠᠭᠠᠨ᠎ᠤ ᠴᠠᠭ᠍ᠳᠠᠭ᠎ᠠ᠂ ᠲᠦᠷᠭᠡᠨ ᠬᠦᠷᠭᠡᠭᠴᠢ ᠵᠡᠷᠭᠡ 6 ᠲᠥᠷᠥᠯ᠎ᠤᠨ ᠨᠢᠭᠡᠳᠦᠭᠡᠷ ᠹᠷᠣᠨᠲ᠎ᠤᠨ ᠠᠵᠢᠯᠲᠠᠨ᠎ᠤ ᠲᠥᠯᠥᠭᠡᠯᠡᠭ᠌ᠴᠢ᠎ᠶ᠋ᠢ ᠲᠣᠬᠤᠨᠢᠭᠤᠯᠵᠤ᠂ 20 《ᠬᠥᠬᠡᠬᠤᠲᠠ᠎ᠶ᠋ᠢᠨ ᠵᠢᠵᠢᠭ ᠪᠦᠷᠢᠶ᠎ᠡ》 ᠱᠢᠯᠢᠳᠡᠭ ᠵᠢᠯᠣᠭᠤᠴᠢ᠎ᠶ᠋ᠢ ᠬᠥᠬᠢᠭᠦᠯᠦᠨ ᠰᠠᠢᠱᠢᠶᠠᠵᠤ᠂ ᠪᠣᠳᠠᠰ᠎ᠤᠨ ᠪᠤᠰᠤ ᠰᠣᠶᠣᠯ᠎ᠤᠨ ᠥᠪ ᠢ᠋ ᠤᠯᠠᠮᠵᠢᠯᠠᠬᠤ᠂ ᠪᠤᠭᠤᠷᠤᠯᠴᠤᠳ ᠲᠸ᠋ ᠦᠢᠯᠡᠴᠢᠯᠡᠬᠦ᠂ ᠵᠠᠯᠠᠭᠤᠴᠤᠳ ᠪᠠᠭᠠᠴᠤᠳ ᠢ᠋ ᠰᠠᠬᠢᠨ ᠬᠠᠮᠠᠭᠠᠯᠠᠬᠤ ᠵᠡᠷᠭᠡ ᠬᠦᠷᠢᠶᠡᠨ᠎ᠳᠠᠬᠢ 14 ᠰᠢᠨ᠎ᠡ ᠪᠡᠷ ᠪᠠᠢᠭᠤᠯᠤᠬᠲᠠᠬᠰᠠᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠤ ᠠᠩᠭᠢ᠎ᠳᠤ ᠲᠤᠭ ᠣᠯᠭᠤᠪᠠ᠃ ᠲᠤᠬᠠᠶ᠎ᠶ᠋ᠢᠨ ᠲᠠᠯᠠᠪᠠᠶ᠎ᠳᠤ ᠪᠠᠰᠠ ᠡᠷᠡᠭᠦᠯ ᠮᠡᠨᠳᠦ᠍᠎ᠶ᠋ᠢᠨ ᠠᠯᠪᠠᠨ ᠵᠢᠷᠤᠮ᠎ᠤᠨ ᠡᠮᠴᠢᠯᠡᠭᠡ᠂ ᠬᠠᠢᠷ᠎ᠠ ᠬᠠᠯᠠᠮᠵᠢ᠎ᠶ᠋ᠢᠨ ᠠᠯᠪᠠᠨ ᠵᠢᠷᠤᠮ᠎ᠤᠨ ᠦᠰᠦ ᠵᠠᠰᠠᠬᠤ᠂ ᠬᠡᠷ᠎ᠤᠨ ᠴᠠᠬᠢᠯᠭᠠᠨ ᠬᠡᠷᠡᠭ᠌ᠰᠡᠯ᠎ᠢ ᠰᠡᠯᠪᠢᠨ ᠵᠠᠰᠠᠬᠤ ᠵᠡᠷᠭᠡ ᠲᠤᠰᠭᠠᠶ ᠲᠣᠭᠤᠷᠢᠭ ᠭᠠᠷᠭᠠᠵᠤ᠂ ᠣᠯᠠᠨ ᠲᠦᠮᠡᠨ᠎ᠳᠤ ᠲᠥᠬᠦᠮ ᠦᠵᠡᠭᠦᠯᠬᠦ᠌ ᠣᠯᠠᠨ ᠵᠦᠢᠯ᠎ᠤᠨ ᠦᠢᠯᠡᠴᠢᠯᠡᠭᠡ ᠬᠠᠩᠭᠠᠪᠠ᠃

ᠣᠢᠯᠠᠭᠠᠭ᠍ᠰᠠᠨ᠎ᠢᠶᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠨᠡᠢᠭᠡᠮ᠎ᠤᠨ ᠠᠵᠢᠯ᠎ᠤᠨ ᠬᠡᠯᠲᠡᠰ ᠪᠠᠢᠭᠤᠯᠤᠭ᠍ᠳᠠᠭ᠍ᠰᠠᠨ᠎ᠡᠴᠠ ᠨᠠᠭᠠᠰᠢ᠂ ᠣᠯᠠᠨ ᠲᠦᠮᠡᠨ᠎ᠢ ᠨᠢᠭ᠍ᠲᠠᠷᠠᠭᠤᠯᠬᠤ᠎ᠳᠤ ᠦᠢᠯᠡᠴᠢᠯᠡᠬᠦ᠌ ᠠᠵᠢᠯ᠎ᠢ ᠰᠠᠢᠲᠤᠷ ᠠᠳᠭᠤᠬᠤ᠎ᠶ᠋ᠢᠨ ᠲᠣᠭᠤᠷᠢᠨ᠎ᠳᠤ᠂ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ᠂ 《ᠵᠢᠷᠭᠤᠭᠠᠨ ᠶᠡᠭᠡ ᠱᠢᠰᠲ᠋ᠧᠮ》 ᠢ᠋ ᠬᠦᠴᠦᠯᠡᠨ ᠪᠦᠷᠢᠨᠱᠢᠭᠦᠯᠬᠦ᠌᠎ᠶ᠋ᠢᠨ ᠬᠠᠮᠲᠤ᠂ 《ᠰᠠᠢᠨ ᠳᠤᠷ᠎ᠠ᠎ᠶ᠋ᠢᠨ ᠦᠢᠯᠡᠴᠢᠯᠡᠭᠡ ᠪᠡᠷ ᠤᠮᠠᠷᠠᠲᠦ ᠬᠢᠯᠢ ᠵᠢ ᠬᠡᠷᠡᠯᠲᠦᠭᠦᠯᠬᠦ》 ᠲᠦᠷᠦᠯ ᠲᠡᠮᠲᠡᠭ ᠢ᠋ ᠪᠤᠢᠵᠢᠭᠤᠯᠤᠨ ᠴᠤᠬᠴᠠᠯᠠᠵᠦ᠂ ᠤᠯᠤᠰ᠎ᠤᠨ ᠪᠠᠢᠯᠳᠤᠬᠤ ᠪᠣᠳᠣᠯᠭ᠎ᠠ᠂ ᠠᠷᠠᠳ᠎ᠤᠨ ᠠᠮᠢᠳᠤᠷᠠᠯ᠂ ᠨᠡᠢᠭᠡᠮ᠎ᠤᠨ ᠵᠠᠰᠠᠯᠲᠠ᠎ᠳᠤ ᠦᠢᠯᠡᠴᠢᠯᠡᠬᠦ᠌ 《ᠭᠤᠷᠪᠠᠨ ᠶᠡᠭᠡ ᠠᠵᠢᠯᠯᠠᠭ᠎ᠠ᠂ ᠠᠷᠪᠠᠨ ᠲᠥᠷᠥᠯ ᠵᠦᠢᠯ》 ᠤ᠋ᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠰᠠᠢᠨ ᠳᠤᠷ᠎ᠠ᠎ᠶ᠋ᠢᠨ ᠦᠢᠯᠡᠴᠢᠯᠡᠭᠡ ᠵᠢᠨ ᠬᠥᠭ᠌ᠵᠢᠯᠲᠡ ᠵᠢᠨ ᠪᠠᠷᠢᠮᠵᠢᠶᠠᠵᠢᠯᠳᠠ᠂ ᠲᠦᠷᠦᠯ ᠲᠡᠮᠳᠡᠭ᠌ᠵᠢᠯᠳᠠ᠂ ᠲᠥᠷᠥᠯ ᠵᠦᠢᠯᠵᠢᠯᠳᠠ᠂ ᠲᠤᠰᠭᠠᠢᠵᠢᠯᠳᠠ᠎ᠶ᠋ᠢ ᠠᠬᠢᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号