《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠰᠠᠨᠠᠭᠤᠯᠭ᠎ᠠ》 ᠳ᠋ᠤ᠂ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ ᠪᠠ ᠠᠷᠠᠳ ᠲᠦᠮᠡᠨ᠎ᠦ ᠡᠷᠡᠭᠦᠯ ᠮᠡᠨᠳᠦ᠎ᠶᠢᠨ ᠲᠦᠪᠰᠢᠨ᠎ᠢ ᠳᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭᠠᠪᠠ᠃
ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ ᠪᠣᠯ ᠨᠢᠭᠡ ᠤᠯᠤᠰ ᠪᠤᠶᠤ ᠭᠠᠵᠠᠷ ᠣᠷᠣᠨ᠎ᠤ ᠣᠳᠣᠬᠢ ᠱᠠᠲᠤᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠲᠦᠪᠰᠢᠨ ᠪᠠ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠦᠪᠰᠢᠨ᠎ᠢ ᠬᠡᠮᠵᠢᠬᠦ ᠶᠡᠷᠦᠩᠬᠡᠢ ᠭᠦᠢᠴᠡᠳᠬᠡᠯ ᠲᠣᠭ᠎ᠠ ᠪᠣᠯᠣᠨ᠎ᠠ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 2024 ᠣᠨ᠎ᠳᠤ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ 79 ᠨᠠᠰᠤ ᠬᠦᠷᠴᠦ᠂《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ ᠵᠢᠯ ᠪᠦᠷᠢ ᠳᠤᠮᠳᠠᠴᠢ᠎ᠪᠠᠷ 0.2 ᠨᠠᠰᠤ ᠨᠡᠮᠡᠭᠳᠡᠵᠦ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠎ᠶᠢᠨ ᠦᠬᠦᠯ᠎ᠦᠨ ᠨᠣᠷᠮ᠎ᠠ᠂ ᠨᠢᠷᠠᠢ ᠬᠡᠦᠬᠡᠳ᠎ᠦᠨ ᠦᠬᠦᠯ᠎ᠦᠨ ᠨᠣᠷᠮ᠎ᠠ ᠵᠡᠷᠭᠡ ᠵᠠᠩᠭᠢᠯᠠᠭ᠎ᠠ᠎ᠶᠢᠨ ᠭᠦᠢᠴᠡᠳᠬᠡᠯ ᠲᠣᠭ᠎ᠠ ᠦᠷᠭᠦᠯᠵᠢᠯᠡᠨ ᠰᠠᠢᠵᠢᠷᠠᠵᠤ᠂ ᠰᠠᠭᠤᠭᠠᠯᠢ ᠠᠷᠠᠳ᠎ᠤᠨ ᠡᠷᠡᠭᠦᠯ ᠮᠡᠨᠳᠦ᠎ᠶᠢᠨ ᠭᠣᠣᠯ ᠭᠦᠢᠴᠡᠳᠬᠡᠯ ᠲᠣᠭ᠎ᠠ ᠨᠢ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠬᠠᠷᠠᠯᠲᠠ᠎ᠶᠢ ᠤᠷᠢᠳᠴᠢᠯᠠᠨ ᠪᠡᠶᠡᠯᠡᠭᠦᠯᠵᠦ᠂ ᠳᠤᠮᠳᠠ ᠥᠨᠳᠥᠷ ᠣᠷᠣᠯᠭ᠎ᠠ᠎ᠲᠠᠢ ᠤᠯᠤᠰ᠎ᠤᠨ ᠡᠮᠦᠨ᠎ᠡ ᠡᠩᠨᠡᠭᠡᠨ᠎ᠳᠦ ᠣᠷᠣᠭᠰᠠᠨ ᠪᠠᠢᠨ᠎ᠠ᠃
《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ ᠢᠯᠡᠷᠬᠡᠢ ᠦᠷ᠎ᠡ ᠪᠦᠲᠦᠮᠵᠢ ᠣᠯᠵᠤ᠂ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ᠎ᠤᠨ ᠳᠡᠭᠡᠭᠰᠢᠯᠡᠯᠲᠡ ᠪᠣᠯ ᠨᠢᠳᠦᠨ᠎ᠳᠦ ᠦᠵᠡᠭᠳᠡᠮ᠎ᠡ ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶᠢᠨ ᠬᠠᠭᠤᠳᠠᠰᠤ ᠪᠣᠯᠣᠨ᠎ᠠ》᠃ ᠪᠡᠭᠡᠵᠢᠩ ᠶᠡᠬᠡ ᠰᠤᠷᠭᠠᠭᠤᠯᠢ᠎ᠶᠢᠨ ᠤᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ ᠴᠧᠨ ᠢᠦᠢ ᠳ᠋ᠸ᠂ ᠡᠭᠦᠨ᠎ᠦ ᠠᠷᠤ᠎ᠳᠤ ᠡᠮᠴᠢᠯᠡᠭᠡᠨ᠎ᠤ ᠮᠡᠷᠭᠡᠵᠢᠯ᠎ᠦᠨ ᠲᠠᠪᠰᠢᠯᠳᠠ ᠪᠠᠢᠬᠤ᠎ᠪᠠᠷ ᠪᠠᠷᠠᠬᠤ ᠦᠭᠡᠢ ᠨᠡᠩ ᠴᠤ᠌ ᠪᠦᠬᠦ ᠨᠡᠢᠭᠡᠮ᠎ᠦᠨ ᠡᠷᠡᠭᠦᠯ ᠮᠡᠨᠳᠦ᠎ᠶᠢᠨ ᠣᠢᠯᠠᠭᠠᠭᠳᠠᠬᠤᠨ᠎ᠤ ᠬᠤᠪᠢᠷᠠᠯᠳᠠᠪᠠ ᠤᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠰᠢᠰᠲ᠋ᠸᠮ ᠲᠠᠰᠤᠷᠠᠯᠲᠠ ᠦᠭᠡᠢ ᠲᠡᠭᠦᠯᠳᠡᠷᠵᠢᠭᠰᠡᠨᠦ ᠢᠯᠡᠷᠡᠯ ᠪᠠᠢᠨ᠎ᠠ ᠭᠡᠵᠦ ᠦᠵᠡᠪᠡ᠃
ᠰᠢᠨ᠎ᠡ ᠠᠶᠠᠨ᠎ᠳᠦ ᠮᠤᠷᠳᠠᠬᠤ᠎ᠳᠦ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠲᠠᠪᠤᠨ ᠵᠢᠯ᠎ᠦᠨ ᠴᠢᠷᠮᠠᠢᠯᠭ᠎ᠠ᠎ᠪᠠᠷ ᠳᠡᠮᠵᠢᠨ᠂ ᠳᠤᠮᠳᠠᠳᠤ ᠤᠯᠤᠰ᠎ᠤᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ᠎ᠢ ᠳᠠᠬᠢᠭᠠᠳ 1 ᠨᠠᠰᠤ ᠳᠡᠭᠡᠭᠰᠢᠯᠡᠭᠦᠯᠵᠦ᠂ 80 ᠨᠠᠰᠤ ᠣᠷᠴᠢᠮ᠎ᠳᠤ ᠬᠦᠷᠭᠡᠬᠦ᠎ᠶᠢ ᠬᠦᠰᠡᠵᠦ ᠪᠠᠢᠨ᠎ᠠ ᠭᠡᠵᠦ ᠢᠯᠡᠳᠬᠡᠪᠡ᠃
ᠣᠯᠠᠨ ᠲᠤᠰᠬᠠᠢ ᠮᠡᠷᠭᠡᠵᠢᠯᠲᠡᠨ᠂ ᠡᠭᠦᠨ᠎ᠳᠦ ᠡᠷᠡᠭᠦᠯ ᠮᠡᠨᠳᠦ᠎ᠶᠢ ᠠᠬᠢᠭᠤᠯᠬᠤ ᠠᠵᠢᠯ᠎ᠢ 《ᠡᠪᠡᠳᠴᠢᠨ ᠵᠠᠰᠠᠬᠤ᠎ᠪᠠᠷ ᠭᠣᠣᠯ ᠪᠣᠯᠭᠠᠬᠤ》 ᠪᠠᠢᠭᠰᠠᠨ᠎ᠡᠴᠡ《ᠡᠷᠡᠭᠦᠯ ᠮᠡᠨᠳᠦ᠎ᠪᠡᠷ ᠭᠣᠣᠯ ᠪᠣᠯᠭᠠᠬᠤ》 ᠲᠡᠢᠰᠢ ᠪᠦᠬᠦ ᠲᠠᠯ᠎ᠠ᠎ᠪᠠᠷ ᠬᠤᠪᠢᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃ ᠴᠧᠨ ᠢᠦᠢ ᠳᠧ᠂ 《ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ》ᠣᠢᠯᠠᠭᠠᠭᠳᠠᠬᠤᠨ᠎ᠢ ᠵᠠᠰᠠᠭ᠎ᠤᠨ ᠣᠷᠳᠣᠨ᠎ᠤ ᠲᠥᠯᠦᠪᠵᠢᠭᠦᠯᠭᠡ᠂ ᠨᠡᠢᠭᠡᠮ᠎ᠦᠨ ᠳᠡᠮᠵᠢᠯᠭᠡ ᠪᠠ ᠡᠳᠦᠷ ᠲᠤᠲᠤᠮ᠎ᠤᠨ ᠠᠮᠢᠳᠤᠷᠠᠯ᠎ᠤᠨ ᠲᠠᠯ᠎ᠠ ᠪᠦᠬᠦᠨ᠎ᠳᠦ ᠦᠨᠡᠨ ᠬᠦ᠌ ᠲᠤᠭᠤᠰᠢᠯᠠᠭᠤᠯᠵᠤ᠂ ᠡᠷᠡᠭᠦᠯ ᠮᠡᠨᠳᠦ᠎ᠶᠢ ᠪᠣᠶ ᠪᠦᠬᠦᠢ ᠲᠥᠷᠥ᠎ᠶᠢᠨ ᠪᠣᠳᠣᠯᠭ᠎ᠠ᠎ᠳᠤ ᠠᠭᠤᠰᠬᠠᠬᠤ᠎ᠶᠢ ᠠᠬᠢᠭᠤᠯᠬᠤ ᠬᠡᠷᠡᠭᠲᠡᠢ᠂ ᠡᠨᠡ ᠪᠣᠯ ᠢᠷᠡᠭᠡᠳᠦᠢ᠎ᠶᠢᠨ ᠡᠷᠡᠭᠦᠯ ᠮᠡᠨᠳᠦ᠎ᠶᠢᠨ ᠠᠵᠢᠯ᠎ᠤᠨ ᠭᠣᠣᠯᠳᠠᠯᠭ᠎ᠠ ᠪᠣᠯᠣᠨ᠎ᠠ ᠭᠡᠵᠤ ᠰᠠᠨᠠᠭᠤᠯᠪᠠ᠃
ᠦᠢᠯᠡᠴᠢᠯᠡᠭᠡᠨ᠎ᠦ ᠵᠠᠭᠪᠤᠷ᠎ᠤᠨ ᠲᠠᠯ᠎ᠠ᠎ᠪᠠᠷ᠂ ᠪᠥᠬᠥ ᠬᠡᠯᠬᠢᠶ᠎ᠡ᠎ᠶᠢᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢ ᠳᠣᠪᠣᠶ᠋ᠢᠯᠭᠠᠵᠤ᠂ ᠤᠷᠢᠳᠴᠢᠯᠠᠨ ᠰᠡᠷᠭᠡᠢᠯᠡᠬᠦ᠂ ᠡᠮᠴᠢᠯᠡᠨ ᠵᠠᠰᠠᠬᠤ᠎ᠡᠴᠡ ᠡᠷᠡᠭᠦᠯᠵᠢᠭᠦᠯᠬᠦ ᠬᠦᠷᠲᠡᠯ᠎ᠡ᠂ ᠭᠣᠭᠴᠣᠭ᠎ᠠ ᠨᠢᠭᠡ ᠪᠦᠷᠢ᠎ᠶᠢ ᠴᠥᠮ 《ᠬᠣᠯᠪᠣᠵᠤ᠂ ᠬᠥᠳᠡᠯᠭᠡᠵᠦ᠂ ᠬᠦᠴᠦᠷᠬᠡᠭᠵᠢᠭᠦᠯᠬᠦ》 ᠬᠡᠷᠡᠭᠲᠡᠢ᠃ ᠳᠤᠮᠳᠠᠳᠤ ᠤᠯᠤᠰ᠎ᠤᠨ ᠬᠥᠳᠡᠭᠡ ᠲᠣᠰᠬᠣᠨ᠎ᠤ ᠡᠷᠡᠭᠦᠯ ᠬᠠᠮᠠᠭᠠᠯᠠᠯ᠎ᠤᠨ ᠨᠡᠢᠭᠡᠮᠯᠢᠭ᠎ᠦᠨ ᠳᠠᠷᠤᠭ᠎ᠠ ᠵᠠᠩ ᠴᠤᠤ ᠶᠠᠩ᠂ ᠢᠯᠠᠩᠭᠤᠶ᠎ᠠ ᠦᠨᠳᠦᠰᠦᠨ ᠱᠠᠲᠤᠨ᠎ᠳᠤ ᠡᠷᠡᠭᠦᠯ ᠮᠡᠨᠳᠤ᠎ᠶᠢᠨ ᠬᠠᠮᠢᠶᠠᠷᠤᠯᠲᠠ᠎ᠶᠢ ᠤᠨᠢᠨ ᠳᠡᠭᠡᠷ᠎ᠡ ᠨᠢ ᠴᠢᠩᠭᠠᠳᠬᠠᠵᠤ᠂ ᠤᠯᠠᠨ ᠲᠦᠮᠡᠨ᠎ᠦ ᠡᠪᠡᠳᠴᠢᠯᠡᠬᠦ ᠵᠢ ᠪᠠᠭᠠᠰᠬᠠᠬᠤ᠂ ᠬᠦᠨᠳᠦ ᠡᠪᠡᠳᠴᠢᠯᠡᠬᠦ ᠵᠢ ᠪᠠᠭᠠᠰᠬᠠᠵᠤ᠂ ᠡᠪᠡᠳᠴᠢᠯᠡᠭᠰᠡᠨ᠎ᠦ ᠲᠠᠷᠠᠭ᠎ᠠ ᠴᠦ᠍ ᠴᠠᠭ ᠲᠤᠬᠠᠢ ᠳ᠋ᠤᠨᠢ ᠡᠷᠡᠭᠦᠯᠵᠢᠬᠦ ᠪᠠ ᠤᠷᠳᠤ ᠬᠤᠭᠤᠴᠠᠭ᠎ᠠ᠎ᠪᠠᠷ ᠬᠠᠷᠠᠵᠤ ᠪᠠᠢᠴᠠᠭᠠᠬᠤ ᠬᠡᠷᠡᠭᠳᠡᠢ ᠭᠡᠪᠡ᠃
ᠦᠨᠳᠦᠰᠦᠨ ᠱᠠᠲᠤᠨ᠎ᠤ ᠡᠮᠴᠢᠯᠡᠭᠡ ᠪᠣᠯ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠰᠠᠭᠤᠷᠢ ᠮᠥᠨ᠃ ᠣᠯᠠᠨ ᠵᠢᠯ᠎ᠦᠨ ᠬᠥᠭᠵᠢᠯᠲᠡ᠎ᠪᠡᠷ ᠳᠡᠮᠵᠢᠨ᠂ ᠮᠠᠨ᠎ᠤ ᠤᠯᠤᠰ᠎ᠤᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠰᠢᠰᠲᠧᠮ ᠬᠠᠷᠢᠴᠠᠩᠭᠤᠢ ᠲᠡᠭᠦᠯᠳᠡᠷᠵᠢᠵᠦ᠂ ᠣᠲᠣ᠌ 104 ᠲᠦᠮᠡᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠠᠷᠠᠳ ᠣᠯᠠᠨ᠎ᠳᠤ ᠡᠳᠦᠷ ᠲᠤᠲᠤᠮ᠎ᠤᠨ ᠤᠷᠢᠳᠴᠢᠯᠠᠨ ᠰᠡᠷᠭᠡᠢᠯᠡᠬᠦ᠂ ᠰᠤᠪᠢᠯᠠᠬᠤ᠂ ᠡᠷᠡᠭᠦᠯᠵᠢᠭᠦᠯᠬᠦ ᠵᠢᠴᠢ ᠡᠮᠴᠢᠯᠡᠭᠡᠨ᠎ᠦ ᠦᠢᠯᠡᠴᠢᠯᠡᠭᠡ ᠬᠠᠩᠭᠠᠵᠤ᠂ 525.7 ᠲᠦᠮᠡᠨ ᠦᠨᠳᠦᠰᠦᠨ ᠱᠠᠲᠤᠨ᠎ᠤ ᠡᠮᠨᠡᠯᠭᠡ᠎ᠶᠢᠨ ᠠᠵᠢᠯᠲᠠᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠠᠵᠢᠯᠯᠠᠵᠤ ᠪᠠᠢᠨ᠎ᠠ᠃
《ᠦᠨᠳᠦᠰᠦᠨ ᠱᠠᠲᠤᠨ᠎ᠤ ᠦᠢᠯᠡᠴᠢᠯᠡᠭᠡᠨ᠎ᠦ ᠴᠢᠳᠠᠪᠤᠷᠢ ᠳᠡᠭᠡᠭᠰᠢᠯᠡᠪᠡᠯ᠂ ᠣᠯᠠᠨ ᠲᠦᠮᠡᠨ ᠰᠠᠶᠢ ᠡᠪᠡᠳᠴᠢᠨ ᠦᠵᠡᠭᠦᠯᠬᠦ᠎ᠳᠦ ᠨᠡᠩ ᠰᠠᠨᠠᠭ᠎ᠠ ᠠᠮᠤᠷ᠂ ᠰᠡᠳᠬᠢᠯ ᠲᠠᠢᠪᠤᠭᠤ ᠪᠣᠯᠵᠤ ᠴᠢᠳᠠᠨ᠎ᠠ》᠃ ᠵᠠᠩ ᠴᠤᠤ ᠶᠠᠩ᠂ ᠢᠷᠡᠭᠡᠳᠦᠢ᠎ᠳᠦ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷ ᠪᠣᠯᠣᠨ ᠲᠡᠩᠴᠡᠭᠦᠷᠢᠲᠦ ᠴᠢᠨᠠᠷ᠎ᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠡᠭᠦᠨ᠎ᠦ ᠵᠠᠩᠭᠢᠯᠠᠭ᠎ᠠ ᠨᠢ ᠰᠢᠯᠢᠳᠡᠭ ᠡᠮᠴᠢᠯᠡᠭᠡᠨ᠎ᠦ ᠡᠬᠢ ᠪᠠᠶᠠᠯᠢᠭ᠋᠎ᠢ ᠳᠣᠷᠣᠭ᠍ᠰᠢ ᠪᠠᠭᠤᠯᠭᠠᠵᠤ᠂ ᠳᠡᠭᠡᠳᠦ ᠱᠠᠲᠤᠨ᠎ᠤ ᠡᠮᠨᠡᠯᠭᠡ᠎ᠶᠢᠨ ᠬᠣᠷᠢᠶ᠎ᠠ ᠪᠣᠯᠣᠨ ᠦᠨᠳᠦᠰᠦᠨ ᠱᠠᠲᠤᠨ᠎ᠤ ᠪᠠᠢᠭᠤᠯᠤᠮᠵᠢ᠎ᠶᠢᠨ ᠨᠢᠭ᠍ᠲᠠ ᠬᠠᠮᠵᠢᠯᠴᠠᠭ᠎ᠠ᠎ᠪᠠᠷ ᠳᠠᠮᠵᠢᠨ᠂ ᠱᠠᠲᠤ ᠬᠤᠪᠢᠶᠠᠨ ᠣᠨᠣᠰᠢᠯᠠᠨ ᠡᠮᠴᠢᠯᠡᠬᠦ᠎ᠶᠢ ᠦᠨᠡᠨ ᠬᠦ᠌ ᠪᠡᠶᠡᠯᠡᠭᠦᠯᠵᠦ᠂ ᠠᠷᠠᠳ ᠢᠷᠭᠡᠳ᠎ᠲᠦ ᠳᠥᠭᠥᠮ ᠳᠥᠲᠡ ᠪᠥᠭᠡᠳ ᠥᠨᠳᠥᠷ ᠪᠦᠲᠦᠮᠵᠢᠲᠡᠶ᠂ ᠬᠠᠷᠢᠴᠠᠩᠭᠤᠢ ᠪᠡᠷ ᠴᠢᠨᠠᠷ ᠰᠠᠢᠲᠠᠢ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶᠢ ᠬᠦᠷᠲᠡᠭᠡᠬᠦ ᠶᠠᠪᠤᠳᠠᠯ ᠪᠣᠯᠣᠨ᠎ᠠ ᠭᠡᠪᠡ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 12 ᠰᠠᠷ᠎ᠠ᠎ᠶᠢᠨ 3᠎ᠤ᠋ ᠴᠠᠬᠢᠯᠭᠠᠨ ᠮᠡᠳᠡᠭᠡ)