ᠳᠠᠩ ᠴᠠᠨᠠᠲᠤ ᠴᠠᠨᠠᠯᠠᠯᠲᠠ ᠵᠢᠨ ᠲᠡᠭᠰᠢ ᠶᠡᠬᠡ ᠡᠷᠬᠢᠯᠲᠡ ᠵᠢᠨ ᠲᠦᠷᠦᠯ ᠵᠦᠢᠯ᠎ᠤᠨ ᠳᠡᠯᠡᠬᠡᠢ᠎ᠶᠢᠨ ᠬᠤᠨᠳᠠᠭᠠᠲᠤ ᠮᠡᠢᠷᠡᠨ ᠭᠤᠤ᠎ᠵᠢᠨ ᠥᠷᠲᠡᠭᠡ᠎ᠶᠢᠨ ᠤᠷᠤᠯᠳᠤᠭᠠᠨ ᠡᠬᠢᠯᠡᠪᠡ
2025-12-08 11:37:26
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

12 ᠰᠠᠷ᠎ᠠ᠎ᠶᠢᠨ 6 ᠎ᠤ᠋ ᠡᠳᠦᠷ᠂ 2025 - 2026 ᠤᠷᠤᠯᠳᠤᠭᠠᠨ᠎ᠤ᠋ ᠤᠯᠠᠷᠢᠯ᠎ᠤ᠋ᠨ ᠣᠯᠠᠨ ᠤᠯᠤᠰ᠎ᠤ᠋ᠨ ᠴᠠᠰᠤᠨ ᠳ᠋ᠤ ᠭᠤᠯᠭᠤᠬᠤ ᠬᠣᠯᠪᠣᠭᠠᠲᠤ ᠪᠠᠢᠭᠤᠯᠭ᠎ᠠ ᠵᠢᠨ ᠳᠠᠩ ᠴᠠᠨᠠᠲᠤ ᠴᠠᠨᠠᠯᠠᠯᠲᠠ ᠵᠢᠨ ᠲᠡᠭᠰᠢ ᠶᠡᠬᠡ ᠡᠷᠬᠢᠯᠲᠡ ᠵᠢᠨ ᠲᠦᠷᠦᠯ ᠵᠦᠢᠯ᠎ᠤᠨ ᠳᠡᠯᠡᠬᠡᠢ᠎ᠶᠢᠨ ᠬᠤᠨᠳᠠᠭᠠᠲᠤ ᠮᠡᠢᠷᠡᠨ ᠭᠤᠤ᠎ᠵᠢᠨ ᠥᠷᠲᠡᠭᠡ᠎ᠶᠢᠨ ᠤᠷᠤᠯᠳᠤᠭᠠᠨ ᠤᠯᠠᠭᠠᠨᠬᠠᠳᠠ᠎ᠶᠢᠨ ᠬᠠᠷᠠᠴᠢᠨ᠎ᠤ ᠮᠡᠢᠷᠡᠨ ᠭᠤᠤ ᠵᠢᠨ ᠴᠠᠰᠤᠨ᠎ᠳ᠋ᠤ ᠭᠤᠯᠭᠤᠬᠤ ᠲᠠᠯᠠᠪᠠᠢ᠎ᠳ᠋ᠤ ᠵᠢᠩᠬᠢᠨᠢ᠎ᠪᠡᠷ ᠡᠬᠢᠯᠡᠪᠡ᠃ ᠤᠷᠤᠯᠳᠤᠭᠠᠨ᠎ᠤ ᠠᠩᠬᠠᠨ᠎ᠤ᠋ ᠡᠳᠦᠷ᠂ ᠡᠷᠡᠭ᠌ᠲᠡᠢ ᠡᠮᠡᠭ᠌ᠲᠡᠢ᠎ᠶᠢᠨ ᠳᠤᠭᠤᠢᠯᠠᠩ᠎ᠤ᠋ᠨ ᠳᠠᠩ ᠴᠠᠨᠠᠲᠤ ᠴᠠᠨᠠᠯᠠᠯᠲᠠ ᠵᠢᠨ ᠲᠡᠭᠰᠢ ᠶᠡᠬᠡ ᠡᠷᠬᠢᠯᠲᠡ ᠵᠢᠨ 2 ᠠᠯᠲᠠᠨ ᠮᠧᠳᠠᠯ ᠲᠤᠳᠤᠷᠠᠪᠠ᠃ ᠲᠤᠰ ᠤᠳᠠᠭᠠᠨ᠎ᠤ ᠤᠷᠤᠯᠳᠤᠭᠠᠨ ᠬᠤᠶᠠᠷ ᠡᠳᠦᠷ᠎ᠤᠨ ᠬᠤᠭᠤᠴᠠᠭ᠎ᠠ᠎ᠲᠠᠢ ᠶᠠᠪᠤᠭ᠍ᠳᠠᠵᠤ᠂ ᠡᠮᠡᠭ᠌ᠲᠡᠶ᠂ ᠡᠷᠡᠭ᠌ᠲᠡᠶ᠎ᠶ᠋ᠢᠨ ᠳᠠᠩ ᠴᠠᠨᠠᠲᠤ ᠴᠠᠨᠠᠯᠠᠯᠲᠠ ᠵᠢᠨ ᠲᠡᠭᠰᠢ ᠶᠡᠬᠡ ᠡᠷᠬᠢᠯᠲᠡ ᠵᠢᠨ 2 ᠲᠥᠷᠥᠯ ᠵᠦᠢᠯ᠎ᠤᠨ ᠮᠥᠷᠦ᠋ᠢᠴᠡᠭᠡᠨ᠎ᠢ ᠪᠠᠭ᠍ᠲᠠᠭᠠᠵᠤ᠂ ᠡᠳᠦᠷ ᠪᠦᠷᠢ ᠦᠳᠡ᠎ᠶ᠋ᠢᠨ ᠡᠮᠦᠨ᠎ᠡ ᠬᠢᠷᠢ ᠬᠡᠮ᠎ᠤᠨ ᠤᠷᠤᠯᠳᠤᠭᠠᠨ ᠬᠢᠵᠦ᠍᠂ ᠦᠳᠡ᠎ᠶ᠋ᠢᠨ ᠬᠤᠢᠨ᠎ᠠ ᠱᠢᠢᠳᠪᠦᠷᠢᠲᠦ ᠤᠷᠤᠯᠳᠤᠭᠠᠨ ᠶᠠᠪᠤᠭᠤᠯᠬᠤ ᠪᠤᠯᠤᠨ᠎ᠠ᠃ 


QQ20251208-113904.png


ᠤᠷᠤᠯᠳᠤᠭᠠᠨ᠎ᠤ ᠠᠩᠬᠠᠨ᠎ᠤ ᠡᠳᠦᠷ᠂ ᠬᠤᠶᠠᠷ ᠡᠭᠡᠯᠵᠢ᠎ᠶ᠋ᠢᠨ ᠱᠢᠭ᠌ᠰᠢᠭᠡ ᠤᠷᠤᠯᠳᠤᠭᠠᠨ᠂ 1/8 ᠱᠢᠢᠳᠪᠦᠷᠢᠲᠦ ᠤᠷᠤᠯᠳᠤᠭᠠᠨ᠂ 1/4 ᠱᠢᠢᠳᠪᠦᠷᠢᠲᠦ ᠤᠷᠤᠯᠳᠤᠭᠠᠨ᠂ ᠬᠠᠭᠠᠰ ᠱᠢᠢᠳᠪᠦᠷᠢᠲᠦ ᠤᠷᠤᠯᠳᠤᠭᠠᠨ ᠪᠠ ᠱᠢᠢᠳᠪᠦᠷᠢᠲᠦ ᠤᠷᠤᠯᠳᠤᠭᠠᠨ᠎ᠵᠡᠷᠭᠡ ᠨᠡᠢᠳᠡ 6 ᠡᠭᠡᠯᠵᠢ᠎ᠶ᠋ᠢᠨ ᠬᠤᠷᠴᠠ ᠱᠢᠷᠦᠭᠦᠨ ᠥᠷᠢᠰᠥᠯᠳᠦᠭᠡᠨ᠎ᠢᠶᠠᠷ ᠲᠠᠮᠵᠢᠨ᠂ ᠢᠲ᠋ᠠᠯᠢ᠎ᠵᠢᠨ ᠬᠤᠶᠠᠷ ᠲᠠᠮᠢᠷᠴᠢᠨ ᠲᠤᠰ ᠲᠤᠰ ᠡᠷᠡᠭ᠌ᠲᠡᠢ᠎ᠶ᠋ᠢᠨ ᠳᠤᠭᠤᠢᠯᠠᠩ᠂ ᠡᠮᠡᠭ᠌ᠲᠡᠢ᠎ᠶ᠋ᠢᠨ ᠳᠤᠭᠤᠢᠯᠠᠩ᠎ᠤᠨ ᠠᠯᠲᠠᠨ ᠮᠸᠳ᠋ᠡᠯ᠎ᠢ ᠲᠤᠰᠪᠠ᠃ ᠳᠤᠮᠳᠠᠳᠤ ᠤᠯᠤᠰ᠎ᠤ᠋ᠨ ᠳᠠᠩ ᠴᠠᠨᠠᠲᠤ ᠴᠠᠨᠠᠯᠠᠯᠲᠠ ᠵᠢᠨ  ᠡᠮᠡᠭ᠌ᠲᠡᠢ ᠲᠠᠮᠢᠷᠴᠢᠨ ᠳ᠋ᠦᠩ ᠢᠦᠢ ᠶᠤᠸᠠᠢ ᠡᠮᠦᠨ᠎ᠡ 8 ᠨᠡᠷᠡᠰ ᠲᠤ᠌ ᠤᠷᠤᠪᠠ᠃ ᠣᠢᠯᠠᠭᠠᠭ᠍ᠰᠠᠨ᠎ᠢᠶᠠᠷ᠂ 2025-2026ᠣᠨ᠎ᠤ ᠤᠷᠤᠯᠳᠤᠭᠠᠨ᠎ᠤ ᠤᠯᠠᠷᠢᠯ᠎ᠤᠨ ᠣᠯᠠᠨ ᠤᠯᠤᠰ᠎ᠤᠨ ᠴᠠᠰᠤᠨ ᠳ᠋ᠤ ᠭᠤᠯᠭᠤᠬᠤ ᠬᠤᠯᠪᠤᠭᠠᠳᠤ ᠪᠠᠢᠭᠤᠯᠭ᠎ᠠ ᠵᠢᠨ ᠳᠠᠩ ᠴᠠᠨᠠᠳᠤ ᠴᠠᠨᠠᠯᠠᠯᠲᠠ ᠵᠢᠨ ᠲᠡᠭᠰᠢ ᠶᠡᠬᠡ ᠡᠷᠬᠢᠯᠲᠡ ᠵᠢᠨ ᠲᠦᠷᠦᠯ ᠵᠦᠢᠯ᠎ᠤᠨ ᠳᠡᠯᠡᠬᠡᠢ ᠵᠢᠨ ᠬᠤᠨᠳᠠᠭᠠᠳᠤ ᠤᠷᠤᠯᠳᠤᠭᠠᠨ ᠨᠢ ᠪᠦᠬᠦ᠌ ᠳᠡᠯᠡᠬᠡᠶ᠎ᠳᠤ ᠨᠡᠢᠲᠡ 13 ᠥᠷᠲᠡᠭᠡ ᠪᠠᠢᠭᠤᠯᠵᠤ᠂ 10 ᠤᠯᠤᠰ᠎ᠢ ᠬᠠᠮᠤᠷᠤᠨ᠂ ᠮᠡᠢᠷᠡᠨ ᠭᠤᠤ᠎ᠵᠢᠨ ᠥᠷᠲᠡᠭᠡ᠎ᠶ᠋ᠢᠨ ᠤᠷᠤᠯᠳᠤᠭᠠᠨ ᠪᠣᠯ ᠲᠣᠰ ᠤᠳᠠᠭᠠᠨ᠎ᠤ ᠱᠢᠷᠢᠰ ᠤᠷᠤᠯᠳᠤᠭᠠᠨ᠎ᠤ ᠠᠩᠬᠠᠨ᠎ᠤ ᠥᠷᠲᠡᠭᠡ ᠪᠠᠢᠵᠤ᠂ ᠨᠡᠢᠲᠡ18 ᠤᠯᠤᠰ᠎ᠤᠨ 121 ᠲᠠᠮᠢᠷᠴᠢᠨ ᠣᠷᠣᠯᠴᠠᠵᠠᠶ᠃ ᠲᠤᠰ ᠬᠤᠭᠤᠴᠠᠭᠠᠨ᠎ᠤ᠋ ᠳᠡᠯᠡᠬᠡᠢ᠎ᠶᠢᠨ ᠬᠤᠨᠳᠠᠭᠠᠲᠤ ᠱᠢᠷᠢᠰ ᠤᠷᠤᠯᠳᠤᠭᠠᠨ ᠪᠣᠯ ᠮᠥᠨ ᠴᠦ᠍ 2026 ᠣᠨ᠎ᠤ᠋ ᠮᠢᠯᠠᠨ᠎ᠤ ᠡᠪᠦᠯ᠎ᠦ᠋ᠨ ᠤᠯᠠᠷᠢᠯ᠎ᠤ᠋ᠨ ᠣᠯᠢᠮᠫᠢᠺ᠎ᠤ᠋ᠨ ᠲᠠᠮᠢᠷ᠎ᠤ᠋ᠨ ᠴᠤᠭ᠍ᠯᠠᠭᠠᠨ᠎ᠤ᠋ ᠬᠢᠷᠢ ᠭᠡᠮ᠎ᠦ᠋ᠨ ᠬᠤᠪᠢ ᠬᠤᠷᠠᠮᠳᠤᠭᠤᠯᠬᠤ ᠤᠷᠤᠯᠳᠤᠭᠠᠨ ᠪᠣᠯᠤᠨ᠎ᠠ᠃ ᠤᠷᠤᠯᠳᠤᠭᠠᠨ᠎ᠤ᠋ ᠬᠢᠷᠢ ᠪᠦᠲᠦᠮᠵᠢ᠎ᠶᠢᠨ ᠬᠤᠪᠢ᠎ᠶᠢ ᠲᠠᠮᠢᠷᠴᠢᠳ᠎ᠤ᠋ᠨ ᠳᠡᠯᠡᠬᠡᠢ᠎ᠶᠢᠨ ᠨᠡᠷᠡᠰ᠎ᠦ᠋ᠨ ᠵᠢᠭ᠍ᠰᠠᠭᠠᠯᠲᠠ᠎ᠳ᠋ᠤ ᠣᠷᠣᠭᠤᠯᠤᠨ ᠪᠤᠳᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号