ᠨᠢᠭᠡ ᠯᠡ ᠤᠳᠠᠭ᠎ᠠ ᠶ᠋ᠢᠨ ᠴᠢᠨᠠᠷᠲᠠᠶ ᠪᠡᠷ 100 ᠲᠦᠮᠡᠨ ᠲᠥᠭᠥᠷᠢᠭ ᠪᠠ 300 ᠲᠦᠮᠡᠨ ᠲᠥᠭᠥᠷᠢᠭ ᠱᠠᠩᠨᠠᠨ᠎ᠠ
2025-02-12 09:53:33
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

— ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠵᠢ ᠳᠡᠮᠵᠢᠬᠦ᠌ ᠠᠷᠭ᠎ᠠ ᠬᠡᠮᠵᠢᠶ᠎ᠡ ᠵᠢᠨ ᠲᠤᠬᠠᠢ ᠲᠠᠢᠯᠦᠮᠵᠢ (ᠳᠤᠤᠷᠠᠳᠦ)



ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠵᠥᠪᠱᠢᠶᠡᠷᠡᠯ ᠶ᠋ᠢᠡᠷ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮ ᠤᠢᠷ᠎ᠠ ᠳ᠋ᠤ 《ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠵᠢ ᠳᠡᠮᠵᠢᠬᠦ᠌ ᠠᠷᠭ᠎ᠠ ᠬᠡᠮᠵᠢᠶ᠎ᠡ ᠨᠤᠭᠦᠳ ᠤ᠋ᠨ ᠲᠤᠬᠠᠶ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠤ᠂ 9 ᠵᠤᠢᠯ ᠤ᠋ᠨ ᠠᠷᠭ᠎ᠠ ᠬᠡᠮᠵᠢᠶ᠎ᠠ ᠲᠤᠷᠠᠳᠤᠭᠰᠠᠨ ᠪᠦᠬᠡᠳ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠪᠣᠳᠠᠲᠤ ᠪᠠᠢᠳᠠᠯ ᠲᠠᠶ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠱᠠᠭᠠᠷᠳᠠᠵᠠᠢ᠃

ᠠᠷᠭ᠎ᠠ ᠬᠡᠮᠵᠢᠶ᠎ᠠ ⑦

ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠪᠠᠢᠭᠤᠯᠤᠯᠲᠠ ᠵᠢ ᠴᠢᠩᠭᠠᠳᠭᠠᠨ᠎ᠠ

ᠱᠢᠨ᠎ᠡ ᠪᠡᠷ ᠳᠡᠪᠱᠢᠭ᠌ᠰᠡᠨ ᠤᠯᠤᠰ ᠤ᠋ᠨ ᠲᠠᠰ ᠤ᠋ᠨ ᠵᠢᠱ᠌ᠢᠶ᠎ᠡ ᠦᠵᠡᠭᠦᠯᠬᠦ᠌ ᠡᠳ᠋ ᠪᠠᠷᠠᠭᠠᠨ ᠤ᠋ ᠭᠦᠶ᠋ᠯᠭᠡᠭᠡ ᠶ᠋ᠢᠨ ᠬᠦᠷᠢᠶᠡᠯᠡᠩ ᠲᠣᠭᠣᠷᠢᠭ᠂ 5A ᠲᠠᠰ ᠤ᠋ᠨ ᠡᠳ᠋ ᠪᠠᠷᠠᠭᠠᠨ ᠤ᠋ ᠭᠦᠢᠯᠭᠡᠭᠡ ᠶ᠋ᠢᠨ ᠠᠵᠤ ᠠᠬᠤᠢᠯᠠᠯ ᠢ᠋ ᠲᠣᠰ ᠲᠣᠰ ᠨᠢᠭᠡ ᠯᠡ ᠤᠳᠠᠭ᠎ᠠ ᠶ᠋ᠢᠨ ᠴᠢᠨᠠᠷᠲᠠᠶ ᠪᠡᠷ 300 ᠲᠦᠮᠡᠨ ᠲᠥᠭᠥᠷᠢᠭ ᠪᠠ 100 ᠲᠦᠮᠡᠨ ᠲᠥᠭᠥᠷᠢᠭ ᠱᠠᠩᠨᠠᠨ᠎ᠠ᠃ ᠥᠪᠡᠷᠲᠡᠭᠡᠨ ᠵᠠᠰᠠᠬᠤ ᠣᠷᠣᠨ ᠤ᠋ ᠠᠵᠤ ᠠᠬᠤᠢᠯᠠᠯ ᠤ᠋ᠨ ᠪᠡᠬᠡᠵᠢᠩ ᠱᠠᠩᠬᠠᠢ ᠭᠤᠸᠠᠩᠵᠧᠦ ᠱᠧᠨᠵᠧᠨ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠵᠦᠵᠢᠶᠠᠩ ᠮᠥᠷᠡᠨ ᠤ᠋ ᠭᠤᠷᠪᠠᠯᠵᠢᠨ ᠬᠣᠢᠭ ᠵᠡᠷᠭᠡ ᠭᠣᠣᠯ ᠪᠣᠯᠬᠤ ᠬᠡᠷᠡᠭ᠌ᠯᠡᠭᠡᠨ ᠤ᠋ ᠭᠠᠵᠠᠷ ᠲᠦ᠍ ᠬᠦᠢᠲᠡᠨ ᠬᠡᠯᠬᠢᠶᠡᠲᠦ ᠰᠢᠨ᠎ᠡ ᠰᠣᠷᠭᠣᠭ ᠶ᠋ᠢᠡᠷ ᠬᠠᠳᠠᠭᠠᠯᠠᠬᠤ ᠬᠥᠮᠥᠷᠭᠡ ᠪᠠᠢᠭᠤᠯᠬᠤ ᠵᠢ ᠵᠣᠷᠢᠭ᠍ᠵᠢᠭᠤᠯᠤᠨ᠎ᠠ᠃

ᠠᠷᠭ᠎ᠠ ᠬᠡᠮᠵᠢᠶ᠎ᠠ ⑧

ᠮᠥᠩᠭᠥᠨ ᠭᠦᠢᠯᠭᠡᠭᠡᠨ ᠤ᠋ ᠦᠢᠯᠡᠴᠢᠯᠡᠭᠡ ᠵᠢ ᠴᠢᠩᠭᠠᠷᠠᠭᠤᠯᠤᠨ᠎ᠠ

ᠠᠵᠤ ᠠᠬᠤᠢᠯᠠᠯ ᠢ᠋ ᠨᠡᠢᠯᠡᠭᠦᠯᠵᠦ᠍ ᠳᠠᠬᠢᠨ ᠵᠣᠬᠢᠶᠠᠨ ᠪᠠᠢᠭᠤᠯᠬᠤ ᠪᠠ ᠲᠥᠷᠥᠯ ᠵᠦᠶ᠋ᠯ ᠤ᠋ᠨ ᠪᠠᠯᠠ ᠬᠤᠷᠠᠮᠳᠤᠭᠤᠯᠬᠤ ᠵᠢ ᠳᠡᠮᠵᠢᠵᠦ᠍᠂ ᠵᠠᠬᠢᠶᠠᠯᠠᠭ᠎ᠠ ᠶ᠋ᠢᠨ ᠬᠠᠭᠤᠳᠠᠰᠤ᠂ ᠰᠠᠡᠭ ᠬᠥᠮᠥᠷᠭᠡ ᠶ᠋ᠢᠨ ᠬᠠᠭᠤᠳᠠᠰᠤ᠂ ᠬᠤᠷᠢᠶᠠᠬᠤ ᠶᠤᠰᠤᠲᠠᠢ ᠮᠦᠡᠭᠬᠦ᠂ ᠮᠡᠳᠡᠯᠭᠡ ᠶ᠋ᠢᠨ ᠦᠮᠴᠢᠯᠡᠯ ᠤ᠋ᠨ ᠡᠷᠬᠡ ᠵᠡᠷᠭᠡ ᠳᠠᠨᠵᠢᠳᠤ ᠵᠢᠭᠡᠯᠡᠯᠭᠡ ᠶ᠋ᠢᠨ ᠲᠤᠬᠠᠢᠯᠠᠭ᠍ᠰᠠᠨ ᠠᠵᠢᠯ ᠢ᠋ ᠥᠷᠨᠢᠭᠦᠯᠵᠤ᠂ ᠬᠥᠳᠡᠯᠬᠦ᠌ ᠬᠥᠷᠥᠩᠭᠡ ᠶ᠋ᠢᠨ ᠪᠠᠯᠠ ᠬᠤᠷᠠᠮᠳᠤᠭᠤᠯᠭ᠎ᠠ ᠵᠢ ᠨᠢᠭᠡᠳᠦᠯᠲᠡᠶ ᠳᠡᠩᠰᠡᠯᠡᠨ ᠲᠡᠮᠳᠡᠭ᠌ᠯᠡᠵᠦ᠍ ᠨᠡᠢᠲᠡ ᠳ᠋ᠤ ᠵᠠᠷᠯᠠᠬᠤ ᠱᠢᠰᠲ᠋ᠧᠮ ᠶ᠋ᠢᠡᠷ ᠳᠠᠮᠵᠢᠨ ᠪᠠᠲᠤᠯᠠᠨ ᠳᠠᠭᠠᠭᠠᠬᠤ ᠪᠠᠯᠠ ᠬᠤᠷᠠᠮᠳᠤᠭᠤᠯᠭ᠎ᠠ ᠶ᠋ᠢᠨ ᠲᠤᠬᠠᠢᠯᠠᠭ᠍ᠰᠠᠨ ᠠᠵᠢᠯ ᠢ᠋ ᠳᠡᠩᠰᠡᠯᠡᠨ ᠲᠡᠮᠳᠡᠭ᠌ᠯᠡᠨ᠎ᠡ᠃ ᠬᠦᠦ ᠮᠥᠩᠭᠥ ᠶ᠋ᠢᠨ  ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠪᠠᠷ ᠨᠡᠩ ᠣᠯᠠᠨ ᠮᠥᠩᠭᠥᠨ ᠭᠦᠢᠯᠭᠡᠭᠡᠨ ᠤ᠋ ᠡᠬᠢ ᠪᠠᠶᠠᠯᠢᠭ ᠪᠣᠯᠤᠨ ᠨᠡᠢᠭᠡᠮ ᠤ᠋ᠨ ᠮᠥᠩᠭᠥᠨ ᠭᠦᠢᠯᠭᠡᠭᠡᠨ ᠤ᠋ ᠬᠥᠷᠥᠩᠭᠡ ᠶ᠋ᠢᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠦᠢᠯᠡᠰ ᠤ᠋ᠨ ᠬᠥᠭ᠌ᠵᠢᠯᠲᠡ ᠳ᠋ᠦ ᠪᠡᠯᠡ ᠤᠷᠤᠭᠤᠯᠬᠤ ᠵᠢ ᠬᠥᠲᠥᠯᠥᠨ ᠵᠢᠯᠣᠭᠣᠳᠤᠨ᠎ᠠ᠃ ᠨᠥᠬᠥᠴᠡᠯ ᠳ᠋ᠤ ᠨᠡᠢᠴᠡᠬᠦ᠌ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠤ᠋ᠨ ᠪᠠᠩᠬᠢ ᠶ᠋ᠢᠨ ᠬᠣᠭᠣᠷᠣᠨᠳᠣᠬᠢ ᠵᠢᠭᠡᠯᠡᠯᠭᠡ ᠶ᠋ᠢᠨ ᠲᠡᠮᠳᠡᠭ᠌ᠲᠦ᠍ ᠶ᠋ᠢᠨ ᠵᠠᠬ᠎ᠠ ᠳᠡᠯᠭᠡᠭᠦᠷ ᠲᠦ᠍ ᠣᠬᠣᠷ ᠬᠤᠭᠤᠴᠠᠭᠠᠨ ᠤ᠋ ᠪᠠᠯᠠ ᠬᠤᠷᠠᠮᠳᠤᠭᠤᠯᠭ᠎ᠠ ᠶ᠋ᠢᠨ ᠲᠡᠮᠳᠡᠭ᠌ᠲᠦ᠂ ᠳᠤᠮᠳᠠ ᠬᠤᠭᠤᠴᠠᠭᠠᠨ ᠤ᠋ ᠬᠠᠭᠤᠳᠠᠰᠤ ᠪᠠᠷᠢᠮᠲᠠ ᠵᠡᠷᠭᠡ ᠵᠢ ᠲᠠᠷᠬᠠᠭᠠᠨ ᠪᠠᠯᠠ ᠮᠥᠩᠭᠥ᠌ ᠴᠤᠭ᠍ᠯᠠᠭᠤᠯᠬᠤ ᠵᠢ ᠵᠣᠷᠢᠭ᠍ᠵᠢᠭᠤᠯᠤᠨ᠎ᠠ᠃ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠮᠥᠩᠭᠥᠨ ᠭᠦᠢᠯᠭᠡᠭᠡᠨ ᠤ᠋ ᠬᠡᠯᠬᠢᠶ᠎ᠡ ᠶ᠋ᠢᠨ ᠳᠠᠷᠤᠭ᠎ᠠ ᠶ᠋ᠢᠨ ᠳᠦᠷᠢᠮ ᠢ᠋ ᠪᠠᠢᠭᠤᠯᠵᠤ᠂ ᠠᠵᠤ ᠦᠢᠯᠡᠰ ᠬᠤᠪᠢᠶᠠᠵᠤ ᠪᠠᠢᠭᠠᠳ ᠮᠥᠩᠭᠥᠨ ᠭᠦᠢᠯᠭᠡᠭᠡᠨ ᠤ᠋ ᠬᠡᠯᠬᠢᠶ᠎ᠡ ᠶ᠋ᠢᠨ ᠳᠠᠷᠤᠭ᠎ᠠ ᠵᠢᠨ ᠪᠠᠩᠬᠢ ᠪᠣᠯᠤᠨ ᠬᠠᠪᠰᠤᠷᠤᠨ ᠭᠦᠢᠴᠡᠳᠭᠡᠬᠦ ᠪᠠᠩᠬᠢ ᠵᠢ ᠲᠣᠳᠣᠷᠬᠠᠢᠯᠠᠵᠤ᠂ ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠳ᠋ᠦ ᠲᠤᠰᠬᠠᠢᠵᠢᠭᠰᠠᠨ ᠦᠢᠯᠡᠴᠢᠯᠡᠭᠡ ᠬᠠᠩᠭᠠᠨ᠎ᠠ᠃ ᠥᠪᠡᠷ ᠤ᠋ᠨ ᠦᠷᠳᠡᠭ ᠤ᠋ᠨ ᠳᠠᠭᠠᠳᠭᠠᠯ᠂ ᠶᠠᠰᠤ ᠴᠢᠨᠠᠷ ᠤ᠋ᠨ ᠳᠠᠭᠠᠳᠭᠠᠯ᠂ ᠲᠤᠨᠤᠭ ᠲᠥᠬᠥᠭᠡᠷᠦᠮᠵᠢ ᠶ᠋ᠢᠨ ᠳᠠᠭᠠᠳᠭᠠᠯ᠂ ᠳᠠᠭᠠᠳᠭᠠᠯ + ᠬᠤᠭᠤᠴᠠᠭᠠᠲᠤ ᠪᠠᠷᠠᠭ᠎ᠠ ᠵᠡᠷᠭᠡ ᠱᠢᠷᠢᠰ ᠦᠢᠯᠡᠴᠢᠯᠡᠭᠡ ᠪᠠ ᠬᠠᠮ ᠦᠢᠯᠡᠳᠬᠦᠨ ᠢ᠋ ᠱᠢᠨ᠎ᠡ ᠵᠢ ᠡᠭᠦᠳᠦᠨ ᠳᠡᠯᠭᠡᠷᠡᠭᠦᠯᠦᠨ᠎ᠡ᠃

ᠠᠷᠭ᠎ᠠ ᠬᠡᠮᠵᠢᠶ᠎ᠠ ⑨

ᠴᠢᠬᠤᠯᠠ ᠬᠦᠴᠦᠨ ᠵᠦᠢᠯ ᠤ᠋ᠨ ᠪᠠᠲᠤᠯᠠᠭ᠎ᠠ ᠵᠢ ᠴᠢᠩᠭᠠᠳᠭᠠᠨ᠎ᠠ

ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠤ᠋ᠨ ᠠᠰᠢᠭ ᠣᠯᠵᠠᠪᠤᠷᠢ ᠶ᠋ᠢᠨ ᠭᠠᠢᠯᠢ ᠶ᠋ᠢᠨ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠵᠢ ᠨᠠᠢᠳᠠᠪᠤᠷᠢᠵᠢᠭᠤᠯᠬᠤ ᠶ᠋ᠢᠨ ᠬᠠᠮᠲᠤ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠨᠢ ᠬᠤᠳᠠᠯᠳᠤᠨ ᠠᠪᠤᠭ᠍ᠰᠠᠨ ᠪᠠᠷᠢᠮᠲᠠ ᠪᠠᠷ ᠶ᠋ᠢᠡᠨ ᠥᠷᠲᠡᠭ ᠨᠡᠮᠡᠭ᠌ᠳᠡᠯ ᠤ᠋ᠨ ᠭᠠᠢᠯᠢ ᠵᠢ ᠲᠣᠭ᠍ᠲᠠᠭᠠᠯ ᠶᠣᠰᠣᠭᠠᠷ ᠰᠠᠭᠤᠯᠭᠠᠨ ᠬᠠᠰᠤᠵᠤ ᠪᠣᠯᠤᠨ᠎ᠠ᠃ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠤ᠋ᠨ ᠬᠥᠭ᠌ᠵᠢᠯᠲᠡ ᠳ᠋ᠤ ᠬᠡᠷᠡᠭ᠌ᠯᠡᠬᠦ᠌ ᠭᠠᠵᠠᠷ ᠢ᠋ ᠤᠷᠢᠳ ᠵᠢᠡᠷ ᠪᠠᠲᠤᠯᠠᠨ᠎ᠠ᠃ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠤ᠋ᠨ ᠪᠣᠬᠢᠷᠲᠤᠯ ᠥᠬᠡᠶ ᠴᠠᠬᠢᠯᠭᠠᠨ ᠬᠡᠷᠡᠭᠯᠡᠬᠦ ᠵᠢ ᠳᠡᠮᠵᠢᠵᠦ᠍᠂ ᠠᠵᠤ ᠠᠬᠤᠢᠯᠠᠯ ᠤ᠋ᠨ ᠥᠪᠡᠰᠦᠪᠡᠨ ᠪᠣᠬᠢᠷᠲᠤᠯ ᠥᠬᠡᠶ ᠴᠠᠬᠢᠯᠭᠠᠨ ᠭᠠᠷᠭᠠᠵᠤ ᠬᠡᠷᠡᠭᠯᠡᠬᠦ ᠵᠢ ᠵᠣᠷᠢᠭ᠍ᠵᠢᠭᠤᠯᠤᠨ᠂ ᠪᠣᠬᠢᠷᠲᠤᠯ ᠥᠬᠡᠶ ᠴᠠᠬᠢᠯᠭᠠᠨ ᠬᠡᠷᠡᠭᠯᠡᠬᠦ ᠬᠡᠮᠵᠢᠶ᠎ᠡ ᠵᠢ ᠳᠡᠭᠡᠭ᠌ᠰᠢᠯᠡᠭᠦᠯᠦᠨ᠎ᠡ᠃ ᠤᠰᠤᠨ ᠤ᠋ ᠬᠡᠮᠵᠢᠶ᠎ᠡ ᠪᠡᠷ ᠦᠢᠯᠡᠳᠪᠦᠷᠢᠯᠡᠯ ᠶ᠋ᠢᠡᠨ ᠲᠣᠭ᠍ᠲᠠᠭᠠᠭ᠍ᠰᠠᠨ ᠤᠷᠢᠲᠠᠯ ᠳᠣᠣᠷ᠎ᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠤ᠋ᠨ ᠦᠢᠯᠡᠳᠪᠦᠷᠢᠯᠡᠯ ᠳ᠋ᠤ ᠬᠡᠷᠡᠭ᠌ᠯᠡᠬᠦ᠌ ᠤᠰᠤ ᠵᠢ ᠪᠠᠲᠤᠯᠠᠨ᠎ᠠ᠃

ᠲᠤᠳᠤᠷᠬᠠᠢᠯᠠᠯᠳᠠ᠄ ᠡᠳᠡᠬᠡᠷ ᠠᠷᠭ᠎ᠠ ᠬᠡᠮᠵᠢᠶ᠎ᠡ ᠳ᠋ᠤ ᠬᠣᠯᠪᠣᠭ᠍ᠳᠠᠬᠤ ᠱᠠᠡᠭᠨᠠᠯ ᠨᠦᠬᠦᠪᠦᠷᠢ ᠶ᠋ᠢᠨ ᠪᠡᠯᠡ ᠮᠥᠩᠭᠥ ᠵᠢ ᠴᠥᠮ 《ᠤᠷᠢᠳ ᠵᠢᠡᠷ ᠪᠠᠢᠭᠤᠯᠵᠤ ᠳᠠᠷᠠᠭ᠎ᠠ ᠨᠢ ᠨᠥᠬᠥᠪᠥᠷᠢᠯᠡᠬᠦ᠌᠂ ᠱᠠᠲᠤ ᠬᠤᠪᠢᠶᠠᠨ ᠡᠭᠦᠷᠭᠡᠯᠡᠬᠦ᠌᠂ ᠪᠣᠳᠠᠲᠠᠶ ᠵᠢ ᠦᠨᠳᠦᠰᠦᠯᠡᠨ ᠨᠦᠬᠦᠪᠦᠷᠢᠯᠡᠬᠦ᠂ ᠦᠷᠬᠦᠯᠵᠢᠯᠡᠨ ᠬᠡᠷᠡᠭᠵᠢᠭᠦᠯᠬᠦ》 ᠠᠷᠭ᠎ᠠ ᠬᠡᠯᠪᠡᠷᠢ ᠪᠡᠷ ᠪᠠᠭᠤᠯᠭᠠᠨ᠎ᠠ᠃ ᠲᠣᠰ ᠮᠡᠳᠡᠭ᠌ᠳᠡᠯ ᠢ᠋ 2024 ᠣᠨ ᠤ᠋ 12 ᠰᠠᠷ᠎ᠠ ᠶ᠋ᠢᠨ 31 ᠤ᠋ ᠡᠳᠦᠷ ᠡᠴᠡ ᠡᠬᠢᠯᠡᠨ ᠬᠡᠷᠡᠭ᠌ᠵᠢᠭᠦᠯᠬᠦ ᠵᠢᠨ ᠵᠡᠷᠬᠡ ᠪᠡᠷ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮ ᠡᠴᠡ ᠳᠠᠷᠤᠮᠠᠯᠯᠠᠨ ᠲᠠᠷᠬᠠᠭᠠᠭᠰᠠᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠵᠢ ᠳᠡᠮᠵᠢᠬᠦ᠌ ᠠᠷᠭ᠎ᠠ ᠬᠡᠮᠵᠢᠶ᠎ᠡ ᠨᠤᠭᠦᠳ ᠤ᠋ᠨ ᠲᠤᠬᠠᠢ ᠮᠡᠳᠡᠭ᠌ᠳᠡᠯ》 (ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮ ᠡᠴᠡ ᠳᠠᠷᠤᠮᠠᠯᠯᠠᠨ ᠲᠠᠷᠬᠠᠭᠠᠭᠰᠠᠨ [2024] 10 ᠳ᠋ᠤᠭᠠᠷ ᠲᠣᠭᠠᠲᠤ) ᠢ᠋  ᠬᠦᠴᠦᠨ ᠥᠬᠡᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号