ᠮᠠᠨ ᠤ᠋ ᠤᠷᠤᠨ ᠤᠯᠤᠰ ᠤ᠋ᠨ ᠳᠡᠰ ᠤ᠋ᠨ ᠬᠦᠳᠡᠬᠡ ᠠᠵᠤ ᠠᠬᠤᠢ ᠵᠢᠨ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠨᠢᠬᠡᠨᠳᠡ ᠪᠡᠯᠴᠢᠬᠡᠷ ᠤ᠋ᠨ ᠮᠢᠬᠠᠨ ᠤ᠋ ᠬᠣᠨᠢ᠂ ᠬᠣᠷᠴᠢᠨ ᠮᠢᠬᠠᠨ ᠤ᠋ ᠦᠬᠡᠷ᠂ ᠪᠠᠷᠠᠭᠤᠨ ᠪᠠᠶ᠎ᠠ ᠵᠢᠨ ᠨᠣᠤᠯᠤᠭᠤᠷ ᠤ᠋ᠨ ᠢᠮᠠᠭ᠎ᠠ᠂ ᠳᠤᠮᠳᠠ ᠪᠠ ᠪᠠᠷᠠᠭᠤᠨ ᠪᠠᠶ᠎ᠠ ᠵᠢᠨ ᠰᠦ ᠶ᠋ᠢᠨ ᠦᠶ᠋ᠯᠡᠰ ᠵᠡᠷᠬᠡ ᠤᠯᠤᠰ ᠤ᠋ᠨ ᠳᠡᠰ ᠤ᠋ᠨ ᠮᠠᠯ ᠠᠵᠤ ᠠᠬᠤᠢ ᠵᠢᠨ 4 ᠶᠡᠬᠡ ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠤᠨ ᠦᠨᠳᠤᠷ ᠪᠦᠳᠦᠮᠵᠢᠳᠠᠢ ᠪᠡᠷ ᠠᠬᠢᠭᠤᠯᠵᠤ ᠪᠠᠢᠨ᠎ᠠ᠃ ᠡᠳᠡᠬᠡᠷ ᠠᠵᠤ ᠦᠢᠯᠡᠰ ᠤ᠋ᠨ ᠪᠦᠯᠦᠭᠵᠢᠯ ᠤ᠋ᠨ ᠲᠦᠷᠦᠯ ᠵᠤᠢᠯ ᠨᠢ ᠲᠤᠰ ᠲᠤᠰ ᠠᠯᠢ ᠬᠡᠳᠤᠨ ᠬᠤᠰᠢᠭᠤ ᠰᠢᠶᠠᠨ ᠳ᠋ᠤ ᠲᠠᠷᠬᠠᠵᠤ᠂ ᠶᠠᠭᠤ ᠵᠢ ᠭᠤᠤᠯᠳᠠᠯᠭ᠎ᠠ ᠲᠠᠢ ᠪᠦᠳᠦᠬᠡᠨ ᠪᠠᠢᠭᠤᠯᠵᠤ ᠪᠠᠢᠭ᠎ᠠ ᠪᠤᠯ?ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠡᠨᠡ ᠲᠤᠬᠠᠢ ᠪᠠᠳᠤᠳᠠᠢ ᠬᠠᠷᠢᠭᠤᠯᠳᠠ ᠤᠯᠤᠯ᠎ᠠ᠃
ᠪᠡᠯᠴᠢᠬᠡᠷ ᠤ᠋ᠨ ᠮᠢᠬᠠᠨ ᠤ᠋ ᠬᠣᠨᠢ ᠵᠢᠨ ᠠᠵᠤ ᠦᠶ᠋ᠯᠡᠰ ᠤ᠋ᠨ ᠪᠦᠯᠦᠭᠵᠢᠯ
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠤᠷᠤᠨ ᠪᠦᠰᠡ᠄ ᠬᠥᠯᠥᠨ ᠪᠣᠢᠷ ᠬᠣᠲᠠ ᠶ᠋ᠢᠨ ᠡᠸᠡᠩᠬᠢ ᠬᠣᠱᠢᠭᠤ᠂ ᠱᠢᠨ᠎ᠡ ᠪᠠᠷᠭᠤ ᠪᠠᠷᠠᠭᠤᠨ ᠬᠣᠱᠢᠭᠤ᠂ ᠱᠢᠨ᠎ᠡ ᠪᠠᠷᠭᠤ ᠵᠡᠭᠦᠨ ᠬᠣᠱᠢᠭᠤ; ᠱᠢᠯᠢ ᠶ᠋ᠢᠨ ᠭᠤᠤᠯ ᠠᠢᠮᠠᠭ ᠤ᠋ᠨ ᠱᠢᠯᠢᠩᠬᠣᠲᠠ᠂ ᠠᠪᠠᠭ᠎ᠠ ᠬᠣᠱᠢᠭᠤ᠂ ᠰᠥᠨᠢᠳ ᠪᠠᠷᠠᠭᠤᠨ ᠬᠣᠱᠢᠭᠤ᠂ ᠰᠥᠨᠢᠳ ᠵᠡᠭᠦᠨ ᠬᠣᠱᠢᠭᠤ᠂ ᠵᠡᠭᠦᠨ ᠦᠵᠦᠮᠦᠴᠢᠨ ᠬᠣᠱᠢᠭᠤ᠃
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠭᠤᠤᠯᠳᠠᠯᠭ᠎ᠠ᠄ ᠮᠢᠬᠠᠨ ᠤ᠋ ᠬᠤᠨᠢ ᠵᠢᠨ ᠦᠢᠯᠡᠳᠪᠦᠷᠢᠯᠡᠯ ᠤ᠋ᠨ ᠶᠠᠰᠤ ᠴᠢᠨᠠᠷ ᠪᠠ ᠦᠢᠯᠡᠳᠪᠤᠷᠢᠯᠡᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌᠂ ᠮᠢᠬᠠᠨ ᠤ᠋ ᠬᠤᠨᠢ ᠵᠢ ᠡᠳ᠋ᠰᠢᠭᠦᠯᠦᠨ ᠪᠤᠯᠪᠠᠰᠤᠷᠠᠭᠤᠯᠬᠤ ᠪᠦᠲᠦᠴᠡ ᠵᠢ ᠱᠢᠯᠢᠳᠡᠭ᠌ᠵᠢᠭᠦᠯᠬᠦ᠌ ᠪᠠ ᠣᠷᠣᠨ ᠪᠦᠰᠡ ᠶ᠋ᠢᠨ ᠳᠠᠪᠠᠭᠤᠯᠢᠭᠲᠦ ᠲᠥᠷᠥᠯ ᠲᠡᠮᠳᠡᠭ᠌ᠲᠦ᠍ ᠵᠢ ᠳᠡᠯᠭᠡᠷᠡᠭᠦᠯᠬᠦ᠌ ᠵᠡᠷᠭᠡ ᠵᠠᠩᠭᠢᠯᠠᠭ᠎ᠠ ᠶ᠋ᠢᠨ ᠬᠦᠷᠢᠶ᠎ᠡ ᠴᠠᠷᠠᠭ᠎ᠠ ᠶ᠋ᠢᠨ ᠲᠣᠭᠣᠷᠢᠨ ᠳ᠋ᠦ ᠮᠢᠬᠠᠨ ᠤ᠋ ᠬᠤᠨᠢ ᠵᠢᠨ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌᠂ ᠮᠢᠬᠠᠨ ᠤ᠋ ᠬᠣᠨᠢ ᠪᠣᠢᠵᠢᠭᠤᠯᠬᠤ ᠱᠢᠰᠲ᠋ᠧᠮ ᠢ᠋ ᠪᠠᠢᠭᠤᠯᠬᠤ᠂ ᠨᠠᠷᠢᠯᠢᠭ ᠡᠳ᠋ᠱᠢᠭᠦᠯᠦᠨ ᠪᠤᠯᠪᠠᠰᠤᠷᠠᠭᠤᠯᠬᠤ ᠲᠦᠪᠰᠢᠨ ᠢ᠋ ᠳᠡᠭᠡᠭ᠌ᠰᠢᠯᠡᠭᠦᠯᠬᠦ᠌᠂ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ᠌ ᠢ᠋ ᠴᠤᠭᠴᠠᠯᠠᠨ ᠳᠡᠯᠭᠡᠷᠡᠭᠦᠯᠬᠦ᠌᠂ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠮᠦᠷᠳᠡᠯᠲᠡ ᠶ᠋ᠢᠨ ᠱᠢᠰᠲ᠋ᠧᠮ ᠢ᠋ ᠪᠠᠢᠭᠤᠯᠬᠤ ᠵᠢ ᠠᠬᠢᠭᠤᠯᠤᠨ᠎ᠠ᠃
ᠬᠣᠷᠴᠢᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠪᠦᠯᠦᠭᠵᠢᠯ
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠤᠷᠤᠨ ᠪᠦᠰᠡ᠄ ᠤᠯᠠᠭᠠᠨᠬᠠᠳᠠ ᠬᠣᠲᠠ ᠶ᠋ᠢᠨ ᠨᠢᠩᠴᠧᠩ ᠱᠢᠶᠠᠨ᠂ ᠠᠸ᠋ᠬᠠᠨ ᠬᠣᠱᠢᠭᠤ; ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ᠂ ᠲᠦᠴᠢᠦᠸᠠᠨ ᠱᠢᠶᠠᠨ᠂ ᠵᠠᠯᠠᠢᠳ ᠬᠣᠱᠢᠭᠤ; ᠲᠦᠩᠯᠢᠶᠣᠤ ᠬᠣᠲᠠ ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤ᠂ ᠬᠣᠷᠴᠢᠨ ᠲᠣᠭᠣᠷᠢᠭ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ᠂ ᠺᠠᠢᠯᠦ᠍ ᠱᠢᠶᠠᠨ᠃ ᠡᠭᠦᠨ ᠡᠴᠡ ᠭᠠᠳᠠᠨ᠎ᠠ ᠪᠠᠰᠠ ᠲᠦᠩᠯᠢᠶᠣᠤ ᠬᠣᠲᠠ ᠶ᠋ᠢᠨ ᠮᠠᠯ ᠠᠵᠤ ᠠᠬᠤᠶ ᠶ᠋ᠢᠨ ᠬᠥᠭ᠌ᠵᠢᠯᠲᠡ ᠶ᠋ᠢᠨ ᠲᠥᠪ ᠤ᠋ᠨ ᠦᠷ᠎ᠡ ᠶ᠋ᠢᠨ ᠮᠠᠯ ᠪᠣᠢᠵᠢᠭᠤᠯᠬᠤ ᠰᠠᠭᠤᠷᠢᠨ᠂ ᠲᠦᠩᠯᠢᠶᠣᠤ ᠬᠣᠲᠠ ᠶ᠋ᠢᠨ ᠭᠤᠤ ᠯᠢᠨ ᠲᠦᠨ ᠦᠷ᠎ᠠ ᠵᠢᠨ ᠮᠠᠯ ᠪᠤᠢᠵᠢᠭᠤᠯᠬᠤ ᠲᠦᠪ ᠪᠤᠯᠤᠨ ᠲᠦᠡᠭᠯᠢᠶᠤᠤ ᠬᠤᠲᠠ ᠶ᠋ᠢᠨ ᠭᠠᠳᠠᠰᠤ ᠦᠷ᠎ᠡ ᠶ᠋ᠢᠨ ᠮᠠᠯ ᠪᠣᠢᠵᠢᠭᠤᠯᠬᠤ ᠲᠥᠪ ᠢ᠋ ᠳᠡᠮᠵᠢᠬᠦ᠌ ᠬᠡᠪᠴᠢᠶᠡᠨ ᠳ᠋ᠤ ᠤᠷᠤᠭᠤᠯᠪᠠ᠃
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠭᠤᠤᠯᠳᠠᠯᠭ᠎ᠠ᠄ ᠮᠢᠬᠠᠨ ᠤ᠋ ᠦᠬᠡᠷ ᠤ᠋ᠨ ᠡᠭᠦᠯᠳᠡᠷ ᠪᠤᠢᠵᠢᠭᠤᠯᠤᠨ ᠦᠷ᠎ᠡ ᠬᠠᠡᠭᠭᠠᠬᠤ ᠴᠢᠳᠠᠪᠤᠷᠢ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠴᠢᠳᠠᠪᠤᠷᠢ᠂ ᠨᠢᠳᠤᠯᠤᠨ ᠪᠤᠯᠪᠠᠰᠤᠷᠠᠭᠤᠯᠬᠤ ᠴᠢᠳᠠᠪᠤᠷᠢ᠂ ᠲᠦᠷᠦᠯ ᠲᠡᠮᠲᠡᠭᠲᠦ ᠶ᠋ᠢᠨ ᠡᠵᠡᠡᠭᠨᠡᠨ ᠪᠤᠷᠤᠯᠠᠭᠤᠯᠬᠤ ᠴᠢᠳᠠᠪᠤᠷᠢ ᠪᠠ ᠠᠵᠤ ᠦᠢᠯᠡᠰ ᠤ᠋ᠨ ᠦᠢᠯᠡᠴᠢᠯᠡᠭᠡᠨ ᠤ᠋ ᠴᠢᠳᠠᠪᠤᠷᠢ ᠵᠢ ᠳᠡᠭᠡᠭᠰᠢᠯᠡᠭᠦᠯᠤᠨ᠎ᠠ᠃
ᠪᠠᠷᠠᠭᠤᠨ ᠪᠠᠶ᠎ᠠ ᠵᠢᠨ ᠨᠣᠤᠯᠤᠭᠤᠷ ᠤ᠋ᠨ ᠢᠮᠠᠭᠠᠨ ᠤ᠋ ᠠᠵᠤ ᠦᠢᠯᠡᠰ ᠤ᠋ᠨ ᠪᠦᠯᠦᠭᠵᠢᠯ
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠤᠷᠤᠨ ᠪᠦᠰᠡ᠄ ᠣᠷᠳᠣᠰ ᠬᠣᠲᠠ ᠶ᠋ᠢᠨ ᠳ᠋ᠦᠩᠱᠧᠩ ᠲᠣᠭᠣᠷᠢᠭ᠂ ᠣᠲᠣᠭ ᠬᠣᠱᠢᠭᠤ᠂ ᠣᠲᠣᠭ ᠤ᠋ᠨ ᠡᠮᠦᠨᠡᠲᠦ ᠬᠣᠱᠢᠭᠤ᠂ ᠬᠠᠩᠭᠢᠨ ᠬᠣᠱᠢᠭᠤ᠂ ᠡᠵᠡᠨ ᠬᠣᠷᠣᠭ᠎ᠠ ᠬᠣᠱᠢᠭᠤ᠂ ᠳᠠᠯᠠᠳ ᠬᠣᠱᠢᠭᠤ; ᠪᠠᠶᠠᠨᠨᠠᠭᠤᠷ ᠬᠣᠲᠠ ᠶ᠋ᠢᠨ ᠯᠢᠨ ᠾᠧ ᠲᠣᠭᠣᠷᠢᠭ᠂ ᠤᠷᠠᠳ ᠤ᠋ᠨ ᠳᠤᠮᠳᠠᠳᠤ ᠬᠣᠱᠢᠭᠤ; ᠠᠯᠠᠱᠨ ᠠᠢᠮᠠᠭ ᠤ᠋ᠨ ᠠᠯᠠᠱᠨ ᠵᠡᠭᠦᠨ ᠬᠣᠱᠢᠭᠤ᠂ ᠠᠯᠠᠱᠨ ᠪᠠᠷᠠᠭᠤᠨ ᠬᠣᠱᠢᠭᠤ᠃
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠭᠤᠤᠯᠳᠠᠯᠭ᠎ᠠ᠄《ᠭᠤᠷᠪᠠᠨ ᠬᠡᠯᠬᠢᠶ᠎ᠡ ᠪᠡᠷ ᠪᠦᠯᠦᠭᠵᠢᠯ ᠪᠠᠢᠭᠤᠯᠬᠤ》ᠰᠡᠳᠭᠢᠴᠡ ᠶᠤᠰᠤᠭᠠᠷ᠂ ᠰᠠᠢᠨ ᠡᠭᠦᠯᠳᠡᠷ ᠪᠣᠢᠵᠢᠭᠤᠯᠬᠤ᠂ ᠲᠡᠵᠢᠭᠡᠨ ᠦᠷᠡᠵᠢᠭᠦᠯᠬᠦ᠌᠂ ᠡᠳ᠋ᠱᠢᠭᠦᠯᠦᠨ ᠪᠤᠯᠪᠠᠰᠤᠷᠠᠭᠤᠯᠬᠤ᠂ ᠭᠦᠢᠯᠭᠡᠭᠡᠬᠦ᠂ ᠲᠦᠷᠦᠯ ᠲᠡᠮᠳᠡᠭ ᠪᠠᠢᠭᠤᠯᠬᠤ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠦᠷᠨᠢᠬᠦᠯᠬᠦ ᠵᠡᠷᠭᠡ ᠵᠢ ᠨᠢᠭᠡ ᠴᠤᠭᠴᠠᠵᠢᠭᠤᠯᠤᠭᠰᠠᠨ ᠨᠣᠤᠯᠤᠭᠤᠷ ᠤ᠋ᠨ ᠢᠮᠠᠭᠠᠨ ᠤ᠋ ᠪᠦᠬᠦ᠌ ᠠᠵᠤ ᠦᠢᠯᠡᠰ ᠤ᠋ᠨ ᠬᠡᠯᠬᠢᠶ᠎ᠡ ᠶ᠋ᠢᠨ ᠱᠢᠰᠲᠸᠮ ᠢ᠋ ᠴᠤᠭᠴᠠᠯᠠᠨ᠎ᠠ᠃
ᠳᠤᠮᠳᠠ ᠪᠠ ᠪᠠᠷᠠᠭᠤᠨ ᠪᠠᠶ᠎ᠠ ᠵᠢᠨ ᠰᠦ ᠶ᠋ᠢᠨ ᠦᠶ᠋ᠯᠡᠰ ᠤ᠋ᠨ ᠠᠵᠤ ᠦᠶ᠋ᠯᠡᠰ ᠤ᠋ᠨ ᠪᠦᠯᠦᠭᠵᠢᠯ
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠤᠷᠤᠨ ᠪᠦᠰᠡ ᠄ ᠬᠥᠬᠡᠬᠣᠲᠠ ᠶ᠋ᠢᠨ ᠲᠦᠮᠡᠳ ᠵᠡᠭᠦᠨ ᠬᠣᠱᠢᠭᠤ᠂ ᠲᠣᠭ᠍ᠲᠠᠬᠤ ᠱᠢᠶᠠᠨ᠂ ᠴᠢᠩ ᠱᠦᠶ ᠾᠧ ᠱᠢᠶᠠᠨ; ᠪᠠᠶᠠᠨᠨᠠᠭᠤᠷ ᠬᠣᠲᠠ ᠶ᠋ᠢᠨ ᠳ᠋ᠧᠩᠺᠧᠦ ᠱᠢᠶᠠᠨ᠂ ᠬᠠᠩᠭᠢᠨ ᠬᠣᠢᠲᠤ ᠬᠣᠱᠢᠭᠤ᠃
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠭᠤᠤᠯᠳᠠᠯᠭ᠎ᠠ᠄ ᠰᠦ ᠶ᠋ᠢᠨ ᠢᠷᠡᠯᠲᠡ ᠶ᠋ᠢᠨ ᠰᠠᠭᠤᠷᠢᠨ ᠤ᠋ ᠪᠦᠲᠦᠭᠡᠨ ᠪᠠᠢᠭᠤᠯᠤᠯᠲᠠ᠂ ᠬᠡᠪᠴᠢᠶᠡᠵᠢᠭᠰᠡᠨ ᠲᠡᠵᠢᠭᠡᠪᠤᠷᠢ ᠵᠢᠨ ᠲᠠᠯᠠᠪᠠᠶ ᠵᠢᠨ ᠪᠦᠳᠦᠬᠡᠨ ᠪᠠᠢᠭᠤᠯᠤᠯᠳᠠ᠂ ᠰᠠᠭᠠᠯᠢ ᠶ᠋ᠢᠨ ᠦᠨᠢᠶᠡᠨ ᠤ᠋ ᠰᠢᠯᠢᠳᠡᠭ ᠡᠭᠦᠯᠳᠡᠷ ᠢ᠋ ᠪᠣᠢᠵᠢᠭᠤᠯᠬᠤ ᠱᠢᠰᠲᠧᠮ ᠤ᠋ᠨ ᠪᠠᠢᠭᠤᠯᠤᠯᠲᠠ᠂ ᠮᠡᠳᠡᠭᠡ ᠵᠠᠩᠭᠢᠴᠢᠯᠠᠭ᠍ᠰᠠᠨ ᠡᠳ᠋ ᠪᠠᠷᠠᠭᠠᠨ ᠤ᠋ ᠭᠦᠢᠯᠭᠡᠭᠡ ᠶ᠋ᠢᠨ ᠪᠠᠢᠭᠤᠯᠤᠯᠲᠠ᠂ ᠰᠦ ᠶ᠋ᠢᠨ ᠠᠵᠤ ᠦᠢᠯᠡᠰ ᠤ᠋ᠨ ᠲᠣᠮᠣ ᠳ᠋ᠠᠢᠲ᠋ᠠ ᠶ᠋ᠢᠨ ᠬᠠᠮᠢᠶᠠᠷᠤᠯᠲᠠ ᠶ᠋ᠢᠨ ᠲᠠᠪᠴᠠᠩ ᠤ᠋ᠨ ᠪᠠᠢᠭᠤᠯᠤᠯᠲᠠ ᠵᠢ ᠳᠡᠮᠵᠢᠨ᠎ᠡ᠃