ᠮᠠᠨ ᠤ᠋ ᠤᠷᠤᠨ ᠬᠢᠲᠠᠳ ᠡᠮᠨᠡᠯᠭᠡ ᠵᠢᠨ ᠦᠪᠡᠷᠮᠢᠴᠡ ᠣᠨᠴᠠᠯᠢᠭᠳᠤ 6 ᠭᠣᠣᠯᠳᠠᠯᠭ᠎ᠠ ᠲᠠᠢ ᠡᠮᠨᠡᠯᠭᠡ ᠵᠢᠨ ᠬᠣᠷᠢᠶ᠎ᠠ ᠵᠢᠨ ᠲᠥᠷᠥᠯ ᠵᠦᠢᠯ᠎ᠤᠨ ᠪᠦᠳᠤᠭᠡᠨ ᠪᠠᠢᠭᠤᠯᠤᠯᠳᠠ᠎ᠵᠢ ᠪᠡᠶᠡᠯᠡᠭᠦᠯᠬᠦ ᠪᠡᠷ ᠪᠤᠢ
2025-02-25 16:43:37
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠡᠴᠡ ᠣᠢᠯᠠᠭᠠᠭᠰᠠᠨ ᠵᠢᠠᠷ᠂ ᠡᠨᠡ ᠵᠢᠯ ᠮᠠᠨ ᠤ᠋ ᠤᠷᠤᠨ ᠬᠢᠲᠠᠳ ᠧᠦ᠋ᠷᠣᠫᠠ ᠡᠮᠨᠡᠯᠭᠡ ᠵᠢᠨ ᠬᠠᠮᠵᠢᠯᠴᠠᠭᠠᠨ ᠤ᠋ ᠬᠣᠰᠢᠭᠤᠴᠢ ᠡᠮᠨᠡᠯᠭᠡ ᠵᠢᠨ ᠬᠣᠷᠢᠶ᠎ᠠ ᠵᠢᠨ ᠪᠦᠲᠦᠭᠡᠨ ᠪᠠᠢᠭᠤᠯᠤᠯᠲᠠ ᠵᠢᠨ ᠲᠠᠯ᠎ᠠ ᠪᠠᠷ᠂ ᠬᠢᠲᠠᠳ ᠡᠮᠨᠡᠯᠭᠡ ᠵᠢᠨ ᠦᠪᠡᠷᠮᠢᠴᠡ ᠣᠨᠴᠠᠯᠢᠭᠳᠤ 6 ᠭᠣᠣᠯᠳᠠᠯᠭ᠎ᠠ ᠲᠠᠢ ᠡᠮᠨᠡᠯᠭᠡ ᠵᠢᠨ ᠬᠣᠷᠢᠶ᠎ᠠ ᠵᠢᠨ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠵᠢᠨ ᠡᠭᠦᠷᠭᠡ ᠵᠢ ᠪᠡᠶᠡᠯᠡᠭᠦᠯᠬᠦ ᠪᠡᠷ ᠲᠥᠯᠥᠪᠯᠡᠵᠦ᠂ ᠤᠯᠤᠰ ᠤ᠋ᠨ ᠬᠢᠲᠠᠳ ᠧᠦ᠋ᠷᠣᠫᠠ ᠡᠮᠨᠡᠯᠭᠡ ᠵᠢᠨ ᠬᠠᠮᠵᠢᠯᠴᠠᠭᠠᠨ ᠤ᠋ 7 《ᠬᠣᠰᠢᠭᠤᠴᠢ》 ᠰᠠᠯᠠᠭ᠎ᠠ ᠲᠠᠰᠤᠭ ᠢ᠋ ᠪᠠᠢᠭᠤᠯᠬᠤ ᠪᠠᠷ ᠲᠥᠯᠥᠪᠯᠡᠵᠦ ᠪᠣᠢ᠃ ᠡᠭᠦᠨ ᠡᠴᠡ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠪᠠᠰᠠ ᠪᠦᠷᠢᠨ ᠲᠡᠭᠦᠯᠳᠡᠷ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠲᠣᠬᠢᠷᠠᠮᠵᠢᠲᠠᠢ ᠮᠡᠷᠭᠡᠵᠢᠯ ᠢ᠋ ᠳᠡᠯᠭᠡᠷᠡᠭᠦᠯᠬᠦ ᠰᠢᠰᠲ᠋ᠧᠮ ᠢ᠋ ᠪᠠᠢᠭᠤᠯᠵᠤ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠬᠢᠭᠡᠳ ᠧᠦ᠋ᠷᠣᠫᠠ ᠡᠮ ᠡᠮᠨᠡᠯᠭᠡ ᠵᠢ ᠬᠠᠷᠢᠯᠴᠠᠨ ᠨᠥᠬᠥᠪᠥᠷᠢᠯᠡᠬᠦ ᠪᠠ ᠵᠣᠬᠢᠴᠠᠭᠤᠯᠤᠨ ᠬᠥᠭᠵᠢᠭᠦᠯᠬᠦ ᠵᠢ ᠭᠣᠣᠯᠳᠠᠯᠭ᠎ᠠ ᠲᠠᠢ ᠠᠬᠢᠭᠤᠯᠵᠤ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢ ᠤᠯᠠᠮᠵᠢᠯᠠᠨ ᠵᠠᠯᠭᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠲᠣᠭᠲᠠᠴᠠ ᠵᠢ ᠴᠢᠨᠠᠭᠰᠢᠳᠠ ᠲᠡᠭᠦᠯᠳᠡᠷᠵᠢᠭᠦᠯᠦᠨ᠎ᠡ᠃

ᠣᠢᠯᠠᠭᠠᠭᠰᠠᠨ ᠵᠢᠠᠷ᠂ ᠮᠠᠨ ᠤ᠋ ᠣᠷᠣᠨ ᠬᠢᠲᠠᠳ ᠡᠮᠨᠡᠯᠭᠡ (ᠮᠣᠩᠭᠣᠯ ᠡᠮᠨᠡᠯᠭᠡ) ᠶ᠋ᠢᠨ ᠳᠠᠪᠠᠭᠤᠯᠢᠭᠳᠦ ᠲᠤᠰᠬᠠᠢ ᠮᠡᠷᠭᠡᠵᠢᠯ ᠤ᠋ᠨ ᠪᠠᠢᠭᠤᠯᠤᠯᠲᠠ ᠵᠢ ᠲᠦᠷᠭᠡᠳᠬᠡᠵᠦ᠂ ᠡᠮᠴᠢᠯᠡᠭᠡᠨ ᠤ᠋ ᠦᠷ᠎ᠡ ᠪᠦᠳᠦᠮᠵᠢ ᠵᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢᠨ ᠣᠨᠴᠠᠯᠢᠭᠲᠤ ᠳᠠᠪᠠᠭᠤᠯᠢᠭ ᠢ᠋ ᠢᠯᠡᠷᠡᠭᠦᠯᠬᠦ ᠪᠣᠯᠤᠨ᠎ᠠ᠃ ᠤᠯᠤᠰ ᠤ᠋ᠨ ᠳᠡᠰ ᠤ᠋ᠨ 28 ᠳᠠᠪᠠᠭᠤᠯᠢᠭᠳᠤ ᠲᠤᠰᠬᠠᠢ ᠰᠠᠯᠠᠭᠠᠨ ᠤ᠋ ᠪᠠᠢᠭᠤᠯᠤᠯᠲᠠ ᠵᠢ ᠦᠷᠭᠦᠯᠵᠢᠯᠡᠨ ᠴᠢᠩᠭᠠᠳᠬᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ ᠤ᠋ ᠳᠡᠰ ᠤ᠋ᠨ ᠬᠣᠶᠠᠳᠤᠭᠠᠷ ᠪᠦᠯᠦᠭ ᠤ᠋ᠨ ᠳᠠᠪᠠᠭᠤᠯᠢᠭᠳᠤ ᠲᠤᠰᠬᠠᠢ ᠮᠡᠷᠭᠡᠵᠢᠯ ᠤ᠋ᠨ ᠠᠩᠭᠢ ᠵᠢ ᠰᠣᠩᠭᠣᠨ ᠰᠢᠯᠭᠠᠷᠠᠭᠤᠯᠬᠤ ᠵᠢ ᠡᠬᠢᠯᠡᠭᠦᠯᠦᠨ᠎ᠡ᠃ ᠡᠭᠦᠨ ᠤ᠋ ᠬᠠᠮᠲᠤ᠂ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠲᠤᠰᠬᠠᠢ ᠰᠠᠯᠠᠭᠠᠨ ᠤ᠋ ᠣᠷᠣᠨ ᠪᠦᠰᠡ ᠵᠢᠨ 8 ᠲᠥᠪ ᠪᠠ ᠲᠤᠰᠬᠠᠢ ᠡᠮᠨᠡᠯᠭᠡ ᠵᠢᠨ ᠣᠨᠣᠰᠢᠯᠠᠨ ᠡᠮᠨᠡᠬᠦ 21 ᠲᠥᠪ ᠤ᠋ᠨ ᠪᠠᠢᠭᠤᠯᠤᠯᠲᠠ ᠵᠢ ᠠᠬᠢᠭᠤᠯᠵᠤ᠂ 32 ᠡᠮᠨᠡᠯᠭᠡ ᠵᠢᠨ ᠬᠣᠷᠢᠶ᠎ᠠ ᠵᠢᠨ 《ᠬᠣᠶᠠᠷ ᠲᠤᠰᠬᠠᠢ ᠰᠠᠯᠠᠭ᠎ᠠ ᠨᠢᠭᠡ ᠲᠥᠪ》 ᠦ᠋ᠨ ᠲᠥᠷᠥᠯ ᠵᠦᠢᠯ ᠢ᠋ ᠰᠢᠨ᠎ᠡ ᠪᠡᠷ ᠨᠡᠮᠡᠭᠳᠡᠭᠦᠯᠵᠦ᠂ ᠬᠤᠰᠢᠭᠤ ᠰᠢᠶᠠᠨ ᠤ᠋ ᠱᠠᠲᠤᠨ ᠤ᠋ ᠬᠣᠶᠠᠳᠤᠭᠠᠷ ᠳᠡᠰ ᠤ᠋ᠨ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠡᠮᠨᠡᠯᠭᠡ ᠵᠢᠨ ᠬᠣᠷᠢᠶ᠎ᠠ ᠵᠢ ᠪᠦᠬᠦᠨ ᠢ᠋ ᠬᠠᠮᠤᠷᠬᠤ ᠵᠢ ᠦᠨᠡᠨ ᠬᠦ᠌ ᠪᠠᠲᠤᠯᠠᠨ᠎ᠠ᠃

ᠡᠨᠡ ᠵᠢᠯ ᠮᠠᠨ ᠤ᠋ ᠤᠷᠤᠨ ᠮᠣᠩᠭᠣᠯ ᠡᠮ ᠡᠮᠨᠡᠯᠭᠡ ᠵᠢᠨ ᠪᠠᠷᠢᠮᠵᠢᠶᠠᠵᠢᠭᠤᠯᠬᠤ ᠪᠠᠢᠭᠤᠯᠤᠯᠲᠠ ᠵᠢᠨ ᠭᠤᠷᠪᠠᠨ ᠵᠢᠯ ᠤ᠋ᠨ ᠠᠵᠢᠯᠯᠠᠭ᠎ᠠ ᠪᠠ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢ ᠤᠯᠠᠮᠵᠢᠯᠠᠨ ᠬᠥᠭᠵᠢᠭᠦᠯᠵᠦ 《ᠰᠢᠨ᠎ᠡ ᠴᠢᠨᠠᠷ ᠢ᠋ ᠪᠤᠢ ᠪᠤᠯᠭᠠᠵᠤ᠂ ᠰᠢᠨ᠎ᠡ ᠪᠦᠲᠦᠭᠡᠭᠳᠡᠬᠦᠨ ᠢ᠋ ᠡᠭᠦᠳᠬᠦ》 ᠭᠤᠷᠪᠠᠨ ᠵᠢᠯ ᠤ᠋ᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠃ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠬᠡᠷᠡᠴᠢᠯᠡᠯᠳᠡ ᠬᠢᠵᠦ ᠦᠨᠡᠯᠡᠨ ᠵᠢᠱ᠌ᠢᠬᠦ ᠪᠠ ᠤᠨᠳᠤᠤᠰᠢᠭᠤᠯᠬᠤ ᠭᠣᠣᠯᠳᠠᠯᠭ᠎ᠠ ᠲᠠᠢ ᠰᠤᠳᠤᠯᠭᠠᠨ ᠤ᠋ ᠲᠠᠰᠤᠭ ᠢ᠋ ᠲᠥᠯᠥᠪᠯᠡᠨ ᠪᠦᠳᠦᠭᠡᠨ ᠪᠠᠢᠭᠤᠯᠵᠤ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠴᠢᠨᠠᠷ ᠰᠠᠢᠲᠠᠢ ᠪᠡᠷ 《ᠨᠢᠭᠡ ᠪᠦᠰᠡ ᠨᠢᠭᠡ ᠵᠠᠮ》 ᠤ᠋ᠨ ᠪᠦᠲᠦᠭᠡᠨ ᠪᠠᠢᠭᠤᠯᠤᠯᠲᠠ ᠳ᠋ᠤ᠌ ᠠᠭᠤᠰᠤᠯᠴᠠᠬᠤ ᠵᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号