ᠮᠠᠨ ᠤ᠋ ᠤᠷᠤᠨ ᠤᠯᠤᠰ ᠤ᠋ᠨ ᠳᠡᠰ ᠤ᠋ᠨ ᠬᠦᠳᠡᠬᠡ ᠠᠵᠤ ᠠᠬᠤᠢ ᠵᠢᠨ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠨᠢᠬᠡᠨᠳᠡ ᠪᠣᠷᠣᠲᠣᠬᠣᠢ ᠶ᠋ᠢᠨ ᠨᠡᠷᠡᠨ ᠬᠤᠸᠠᠷ᠂ ᠶᠡᠬᠡ ᠬᠢᠩᠭᠠᠨ ᠳᠠᠪᠠᠭ᠎ᠠ ᠶ᠋ᠢᠨ ᠱᠢᠷᠠ ᠪᠤᠷᠴᠠᠭ᠂ ᠮᠤᠨᠢ ᠠᠭᠤᠯᠠ ᠶ᠋ᠢᠨ ᠲᠦᠮᠦᠰᠦ᠂ ᠬᠠᠭᠤᠷᠠᠶ ᠲᠠᠷᠢᠶᠠᠯᠠᠭ᠎ᠠ ᠵᠢᠨ ᠨᠠᠷᠢᠮᠤ ᠵᠡᠷᠬᠡ ᠤᠯᠤᠰ ᠤ᠋ᠨ ᠳᠡᠰ ᠤ᠋ᠨ ᠲᠠᠷᠢᠶᠠᠯᠠᠩ ᠤ᠋ᠨ 4 ᠶᠡᠬᠡ ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠤᠨ ᠦᠨᠳᠤᠷ ᠪᠦᠳᠦᠮᠵᠢᠳᠠᠢ ᠪᠡᠷ ᠠᠬᠢᠭᠤᠯᠵᠤ ᠪᠠᠢᠨ᠎ᠠ᠃ ᠡᠳᠡᠬᠡᠷ ᠠᠵᠤ ᠦᠢᠯᠡᠰ ᠤ᠋ᠨ ᠪᠦᠯᠦᠭᠵᠢᠯ ᠤ᠋ᠨ ᠲᠦᠷᠦᠯ ᠵᠤᠢᠯ ᠨᠢ ᠲᠤᠰ ᠲᠤᠰ ᠠᠯᠢ ᠬᠡᠳᠤᠨ ᠬᠤᠰᠢᠭᠤ ᠰᠢᠶᠠᠨ ᠳ᠋ᠤ ᠲᠠᠷᠬᠠᠵᠤ᠂ ᠶᠠᠭᠤ ᠵᠢ ᠭᠤᠤᠯᠳᠠᠯᠭ᠎ᠠ ᠲᠠᠢ ᠪᠦᠳᠦᠬᠡᠨ ᠪᠠᠢᠭᠤᠯᠵᠤ ᠪᠠᠢᠭ᠎ᠠ ᠪᠤᠯ? ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠡᠨᠡ ᠲᠤᠬᠠᠢ ᠪᠠᠳᠤᠳᠠᠢ ᠬᠠᠷᠢᠭᠤᠯᠳᠠ ᠤᠯᠤᠯ᠎ᠠ᠃
ᠪᠣᠷᠣᠲᠣᠬᠣᠢ ᠶ᠋ᠢᠨ ᠨᠡᠷᠡᠨ ᠬᠤᠸᠠᠷ ᠤ᠋ᠨ ᠠᠵᠤ ᠦᠢᠯᠡᠰ ᠤ᠋ᠨ ᠪᠦᠯᠦᠭᠵᠢᠯ
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠤᠷᠤᠨ ᠪᠦᠰᠡ᠄ ᠪᠠᠶᠠᠨᠨᠠᠭᠤᠷ ᠬᠣᠲᠠ ᠶ᠋ᠢᠨ ᠦᠶᠤᠸᠠᠨ ᠱᠢᠶᠠᠨ᠂ ᠯᠢᠨ ᠾᠧ ᠲᠣᠭᠣᠷᠢᠭ᠂ ᠬᠠᠩᠭᠢᠨ ᠬᠣᠢᠲᠤ ᠬᠣᠱᠢᠭᠤ; ᠣᠷᠳᠣᠰ ᠬᠣᠲᠠ ᠶ᠋ᠢᠨ ᠬᠠᠩᠭᠢᠨ ᠬᠣᠱᠢᠭᠤ᠃
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠭᠤᠤᠯᠳᠠᠯᠭ᠎ᠠ᠄ ᠨᠡᠷᠡᠨ ᠬᠤᠸᠠᠷ ᠤ᠋ᠨ ᠦᠷ᠎ᠡ ᠵᠢ ᠰᠤᠳᠤᠯᠤᠨ ᠨᠡᠭᠡᠭᠡᠬᠦ᠌᠂ ᠡᠭᠦᠯᠳᠡᠷ ᠢ᠋ ᠬᠠᠮᠠᠭᠠᠯᠠᠬᠤ᠂ ᠲᠠᠷᠢᠮᠠᠯ ᠤ᠋ᠨ ᠰᠠᠭᠤᠷᠢᠨ ᠢ᠋ ᠪᠦᠲᠦᠭᠡᠨ ᠪᠠᠢᠭᠤᠯᠬᠤ᠂ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ᠂ ᠣᠳᠣ ᠦᠶ᠎ᠡ ᠶ᠋ᠢᠨ ᠡᠳ᠋ ᠪᠠᠷᠠᠭᠠᠨ ᠤ᠋ ᠭᠦᠢᠯᠭᠡᠭᠡ᠂ ᠲᠦᠷᠦᠯ ᠲᠡᠮᠳᠡᠭ ᠢ᠋ ᠪᠣᠢᠵᠢᠭᠤᠯᠬᠤ ᠵᠡᠷᠭᠡ ᠪᠦᠬᠦ᠌ ᠠᠵᠤ ᠦᠢᠯᠡᠰ ᠤ᠋ᠨ ᠬᠡᠯᠬᠢᠶ᠎ᠡ ᠶ᠋ᠢᠨ ᠪᠠᠢᠭᠤᠯᠤᠯᠲᠠ ᠵᠢ ᠳᠡᠮᠵᠢᠵᠦ᠍᠂ ᠦᠢᠯᠡᠳᠪᠦᠷᠢᠯᠡᠯ᠂ ᠡᠳ᠋ᠰᠢᠬᠦᠯᠦᠯᠳᠡ᠂ ᠡᠳ᠋ ᠪᠠᠷᠠᠭᠠᠨ ᠤ᠋ ᠭᠦᠢᠯᠭᠡᠭᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠦᠢᠯᠡᠴᠢᠯᠡᠭᠡ ᠵᠡᠷᠭᠡ ᠵᠢ ᠨᠢᠭᠡ ᠴᠣᠭ᠍ᠴᠠᠵᠢᠭᠤᠯᠤᠭ᠍ᠰᠠᠨ ᠪᠣᠷᠣᠲᠣᠬᠣᠶ ᠶ᠋ᠢᠨ ᠨᠡᠷᠡᠨ ᠬᠤᠸᠠᠷ ᠤ᠋ᠨ ᠠᠵᠤ ᠦᠢᠯᠡᠰ ᠤ᠋ᠨ ᠪᠦᠯᠦᠭᠵᠢᠯ ᠢ᠋ ᠴᠤᠭᠴᠠᠯᠠᠨ᠎ᠠ᠃
ᠶᠡᠬᠡ ᠬᠢᠩᠭᠠᠨ ᠳᠠᠪᠠᠭ᠎ᠠ ᠶ᠋ᠢᠨ ᠱᠢᠷᠠ ᠪᠤᠷᠴᠠᠭ ᠤ᠋ᠨ ᠠᠵᠤ ᠦᠶ᠋ᠯᠡᠰ ᠤ᠋ᠨ ᠪᠦᠯᠦᠭᠵᠢᠯ
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠤᠷᠤᠨ ᠪᠦᠰᠡ᠄ ᠬᠥᠯᠥᠨ ᠪᠣᠢᠷ ᠬᠤᠳᠠ ᠶ᠋ᠢᠨ ᠮᠣᠷᠢᠨᠳᠠᠪᠠᠭ᠎ᠠ ᠶ᠋ᠢᠨ ᠳᠠᠭᠤᠷ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤ᠂ ᠠᠷᠤᠨ ᠬᠣᠱᠢᠭᠤ᠂ ᠣᠷᠴᠣᠨ ᠤ᠋ ᠦᠪᠡᠷᠲᠡᠭᠡᠨ ᠵᠠᠰᠠᠬᠤ ᠬᠣᠱᠢᠭᠤ ᠵᠢᠴᠢ ᠬᠥᠯᠥᠨ ᠪᠣᠢᠷ ᠬᠣᠲᠠ ᠶ᠋ᠢᠨ ᠲᠠᠷᠢᠶᠠᠯᠠᠩ ᠤ᠋ᠨ ᠪᠠᠯᠠ ᠣᠷᠣᠭᠤᠯᠤᠯᠲᠠ ᠶ᠋ᠢᠨ ᠺᠣᠮᠫᠠᠨᠢ᠂ ᠬᠥᠯᠥᠨ ᠪᠣᠢᠷ ᠬᠣᠲᠠ ᠶ᠋ᠢᠨ ᠲᠠᠷᠢᠶᠠᠯᠠᠩ ᠤ᠋ᠨ ᠪᠠᠯᠠ ᠣᠷᠣᠭᠤᠯᠤᠯᠲᠠ ᠶ᠋ᠢᠨ ᠦᠷ᠎ᠡ ᠶ᠋ᠢᠨ ᠦᠶ᠋ᠯᠡᠰ ᠤ᠋ᠨ ᠺᠣᠮᠫᠠᠨᠢ᠂ ᠬᠥᠯᠥᠨ ᠪᠣᠢᠷ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠭᠠᠵᠠᠷ; ᠬᠢᠩᠭᠠᠨ ᠠᠢᠮᠠᠭ ᠤ᠋ᠨ ᠤᠯᠠᠭᠠᠨᠬᠣᠲᠠ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ᠂ ᠵᠠᠯᠠᠢᠳ ᠬᠣᠱᠢᠭᠤ᠃
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠭᠤᠤᠯᠳᠠᠯᠭ᠎ᠠ᠄ ᠱᠢᠷᠠ ᠪᠤᠷᠴᠠᠭ ᠤ᠋ᠨ ᠪᠡᠶ᠎ᠡ ᠪᠡᠨ ᠳᠠᠭᠠᠭᠠᠭᠰᠠᠨ ᠱᠢᠨ᠎ᠡ ᠵᠢ ᠡᠭᠦᠳᠬᠦ᠌ ᠱᠢᠰᠲ᠋ᠧᠮ ᠤ᠋ᠨ ᠪᠠᠢᠭᠤᠯᠤᠯᠲᠠ ᠪᠠ ᠡᠬᠦᠯᠳᠡᠷ ᠪᠣᠢᠵᠢᠭᠤᠯᠬᠤ ᠰᠤᠳᠤᠯᠤᠨ ᠨᠡᠭᠡᠭᠡᠬᠦ᠌ ᠴᠢᠳᠠᠪᠤᠷᠢ ᠵᠢ ᠳᠡᠭᠡᠭ᠌ᠰᠢᠯᠡᠭᠦᠯᠬᠦ᠌ ᠪᠠᠢᠭᠤᠯᠤᠯᠲᠠ᠂ ᠱᠢᠷᠠ ᠪᠤᠷᠴᠠᠭ ᠤ᠋ᠨ ᠣᠲᠣ ᠦᠶ᠎ᠡ ᠶ᠋ᠢᠨ ᠬᠥᠮᠥᠷᠭᠡᠯᠡᠨ ᠬᠠᠳᠠᠭᠠᠯᠠᠬᠤ ᠭᠦᠶ᠋ᠯᠭᠡᠭᠡᠬᠦ᠌ ᠠᠷᠠᠯᠵᠢᠶᠠᠯᠠᠬᠤ ᠵᠢᠴᠢ ᠨᠠᠷᠢᠯᠢᠭ ᠪᠤᠯᠪᠠᠰᠤᠷᠠᠭᠤᠯᠬᠤ ᠪᠠᠢᠭᠤᠯᠤᠯᠲᠠ᠂ ᠪᠥᠬᠥ᠌ ᠣᠷᠣᠨ ᠤ᠋ ᠱᠢᠷᠠ ᠪᠤᠷᠴᠠᠭ ᠤ᠋ᠨ ᠠᠵᠤ ᠦᠶ᠋ᠯᠡᠰ ᠤ᠋ᠨ ᠲᠣᠮᠣ ᠳ᠋ᠠᠢᠲ᠋ᠠ ᠶ᠋ᠢᠨ ᠲᠠᠪᠴᠠᠩ ᠤ᠋ᠨ ᠪᠠᠢᠭᠤᠯᠤᠯᠲᠠ ᠵᠢ ᠠᠬᠢᠭᠤᠯᠤᠨ᠎ᠠ᠃
ᠮᠤᠨᠢ ᠠᠭᠤᠯᠠ ᠶ᠋ᠢᠨ ᠲᠦᠮᠦᠰᠦᠨ ᠤ᠋ ᠠᠵᠤ ᠦᠢᠯᠡᠰ ᠤ᠋ᠨ ᠪᠦᠯᠦᠭᠵᠢᠯ
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠤᠷᠤᠨ ᠪᠦᠰᠡ᠄ ᠤᠯᠠᠭᠠᠨᠴᠠᠪ ᠬᠣᠲᠠ ᠵᠢᠨ ᠱᠠᠩᠳᠤ ᠱᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ᠂ ᠬᠤᠸᠠᠳᠧ ᠱᠢᠶᠠᠨ᠂ ᠱᠢᠩ ᠾᠧ ᠱᠢᠶᠠᠨ᠂ ᠳᠥᠷᠪᠡᠳ ᠬᠣᠱᠢᠭᠤ; ᠱᠢᠯᠢ ᠶ᠋ᠢᠨ ᠭᠤᠤᠯ ᠠᠢᠮᠠᠭ ᠤ᠋ᠨ ᠳᠣᠯᠣᠨ ᠨᠤᠤᠷ ᠱᠢᠶᠠᠨ᠂ ᠲᠠᠢᠪᠤᠰᠧ ᠬᠣᠱᠢᠭᠤ; ᠬᠥᠬᠡᠬᠣᠲᠠ ᠵᠢᠨ ᠦᠴᠦᠸᠠᠨ ᠱᠢᠶᠠᠨ; ᠪᠤᠭᠤᠲᠤ ᠬᠣᠲᠠ ᠶ᠋ᠢᠨ ᠭᠦᠶᠡᠩ ᠱᠢᠶᠠᠨ᠃
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠭᠤᠤᠯᠳᠠᠯᠭ᠎ᠠ᠄ ᠴᠢᠨᠠᠷ ᠰᠠᠢᠲᠠᠶ ᠦᠷ᠎ᠡ ᠶ᠋ᠢᠨ ᠲᠥᠮᠥᠰᠥ ᠪᠣᠢᠵᠢᠭᠤᠯᠬᠤ᠂ ᠪᠣᠬᠢᠷᠲᠤᠯ ᠥᠬᠡᠶ ᠪᠠᠷᠢᠮᠵᠢᠶᠠᠵᠢᠭ᠍ᠰᠠᠨ ᠦᠶ᠋ᠯᠡᠳᠪᠦᠷᠢᠯᠡᠯ ᠢ᠋ ᠠᠬᠢᠭᠤᠯᠬᠤ᠂ ᠨᠠᠷᠢᠯᠢᠭ ᠡᠳ᠋ᠱᠢᠭᠦᠯᠦᠨ ᠪᠤᠯᠪᠠᠰᠤᠷᠠᠭᠤᠯᠬᠤ᠂ ᠱᠢᠨ᠎ᠡ ᠰᠣᠷᠭᠣᠭ ᠶ᠋ᠢᠡᠷ ᠨᠢ ᠬᠠᠳᠠᠭᠠᠯᠠᠬᠤ ᠵᠢᠴᠢ ᠲᠥᠮᠥᠰᠥ᠍ ᠪᠤᠯᠪᠠᠰᠤᠷᠠᠭᠤᠯᠬᠤ ᠠᠵᠤ ᠠᠬᠤᠢᠯᠠᠯ ᠤ᠋ᠨ ᠭᠤᠤᠯᠯᠠᠬᠤ ᠥᠷᠢᠰᠦᠯᠳᠦᠬᠦ᠌ ᠬᠦᠴᠦᠨ ᠢ᠋ ᠳᠡᠭᠡᠭ᠌ᠰᠢᠯᠡᠭᠦᠯᠬᠦ᠌ ᠵᠡᠷᠭᠡ ᠶ᠋ᠢᠨ ᠲᠣᠭᠣᠷᠢᠨ ᠳ᠋ᠦ ᠪᠥᠲᠥᠭᠡᠨ ᠪᠠᠢᠭᠤᠯᠤᠯᠲᠠ ᠬᠢᠨ᠎ᠠ᠃
ᠬᠠᠭᠤᠷᠠᠶ ᠲᠠᠷᠢᠶᠠᠯᠠᠭ᠎ᠠ ᠵᠢᠨ ᠨᠠᠷᠢᠮᠤ ᠶ᠋ᠢᠨ ᠠᠵᠤ ᠦᠶ᠋ᠯᠡᠰ ᠤ᠋ᠨ ᠪᠦᠯᠦᠭᠵᠢᠯ
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠤᠷᠤᠨ ᠪᠦᠰᠡ᠄ ᠤᠯᠠᠭᠠᠨᠬᠠᠳᠠ ᠬᠣᠲᠠ ᠶ᠋ᠢᠨ ᠠᠷᠤ ᠬᠣᠷᠴᠢᠨ ᠬᠣᠱᠢᠭᠤ᠂ ᠪᠠᠭᠠᠷᠢᠨ ᠵᠡᠭᠦᠨ ᠬᠣᠱᠢᠭᠤ᠂ ᠪᠠᠭᠠᠷᠢᠨ ᠪᠠᠷᠠᠭᠤᠨ ᠬᠣᠱᠢᠭᠤ᠂ ᠯᠢᠨᠰᠢ ᠱᠢᠶᠠᠨ᠂ ᠬᠠᠷᠠᠴᠢᠨ ᠬᠣᠱᠢᠭᠤ᠂ ᠨᠢᠩᠴᠧᠩ ᠱᠢᠶᠠᠨ᠂ ᠠᠸ᠋ᠬᠠᠨ ᠬᠣᠱᠢᠭᠤ᠂ ᠰᠦᠩᠱᠠᠨ ᠲᠣᠭᠣᠷᠢᠭ; ᠤᠯᠠᠭᠠᠨᠴᠠᠪ ᠬᠣᠲᠠ ᠶ᠋ᠢᠨ ᠯᠢᠶᠠᠩᠴᠧᠩ ᠱᠢᠶᠠᠨ᠂ ᠹᠧᠩᠵᠧᠨ ᠬᠣᠲᠠ; ᠬᠥᠬᠡᠬᠣᠲᠠ ᠶ᠋ᠢᠨ ᠴᠢᠩ ᠱᠦᠶ ᠾᠧ ᠱᠢᠶᠠᠨ᠃
ᠲᠦᠷᠦᠯ ᠵᠤᠢᠯ ᠤ᠋ᠨ ᠪᠦᠳᠦᠬᠡᠨ ᠪᠠᠢᠭᠤᠯᠤᠯᠳᠠ ᠵᠢᠨ ᠭᠤᠤᠯᠳᠠᠯᠭ᠎ᠠ᠄ ᠰᠠᠢᠨ ᠡᠭᠦᠯᠳᠡᠷ ᠢ᠋ ᠳᠡᠯᠭᠡᠷᠡᠭᠦᠯᠬᠦ᠌᠂ ᠪᠠᠷᠢᠮᠵᠢᠶᠠᠵᠢᠭᠤᠯᠤᠭ᠍ᠰᠠᠨ ᠦᠶ᠋ᠯᠡᠳᠪᠦᠷᠢᠯᠡᠯ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ ᠢ᠋ ᠪᠦᠳᠦᠬᠡᠨ ᠪᠠᠢᠭᠤᠯᠬᠤ᠂ ᠨᠠᠷᠢᠯᠢᠭ ᠡᠳ᠋ᠱᠢᠭᠦᠯᠦᠨ ᠪᠤᠯᠪᠠᠰᠤᠷᠠᠭᠤᠯᠬᠤ᠂ ᠵᠠᠬ᠎ᠠ ᠳᠡᠯᠭᠡᠭᠦᠷ ᠤ᠋ᠨ ᠡᠵᠡᠩᠨᠡᠨ ᠪᠣᠷᠣᠯᠠᠭᠤᠯᠭ᠎ᠠ ᠵᠢ ᠠᠬᠢᠭᠤᠯᠬᠤ ᠵᠢᠴᠢ ᠲᠣᠭᠠᠴᠢᠯᠠᠭ᠍ᠰᠠᠨ ᠮᠡᠳᠡᠭᠡ ᠵᠠᠩᠭᠢ ᠶ᠋ᠢᠨ ᠪᠠᠢᠭᠤᠯᠤᠯᠲᠠ ᠪᠠ ᠨᠡᠢᠭᠡᠮ ᠤ᠋ᠨ ᠦᠶ᠋ᠯᠡᠴᠢᠯᠡᠭᠡ ᠵᠡᠷᠭᠡ ᠵᠢ ᠨᠢᠭᠡ ᠴᠣᠭ᠍ᠴᠠᠵᠢᠭᠤᠯᠤᠭ᠍ᠰᠠᠨ ᠠᠵᠤ ᠦᠶ᠋ᠯᠡᠰ ᠤ᠋ᠨ ᠪᠦᠯᠦᠭᠵᠢᠯ ᠤ᠋ᠨ ᠱᠢᠰᠲ᠋ᠧᠮ ᠢ᠋ ᠪᠠᠢᠭᠤᠯᠤᠨ᠎ᠠ᠃